ᠡᠨᠡ ᠬᠦ ᠭᠡᠳᠦᠨ ᠵᠦᠢᠯ ᠤᠨ ᠨᠤᠭᠤᠭ᠎ᠠ ᠪᠠᠷ ᠭᠠᠭ᠋ᠠᠢ ᠶᠢ ᠲᠡᠵᠢᠭᠡᠪᠡᠯ ᠦᠷ᠎ᠠ ᠠᠰᠢᠬ ᠨᠢ ᠭᠡᠳᠦᠨ ᠮᠢᠩᠭᠠᠨ ᠲᠦᠭᠦᠷᠢᠭ ᠤᠨ ᠡᠷᠡᠭᠦᠯᠵᠢᠯ ᠤᠨ ᠡᠮ ᠭᠡᠷᠡᠭᠯᠡᠭᠰᠡᠨ ᠠᠴᠠ ᠰᠠᠶᠢᠨ ᠪᠠᠶᠢᠳᠠᠭ
ᠨᠡᠶᠢᠲᠡᠯᠡᠭᠰᠡᠨ ᠴᠠᠭ᠄
2021/10/19
     ᠭᠠᠭ᠋ᠠᠢ ᠲᠡᠵᠢᠭᠡᠬᠦ ᠳᠤ ᠤᠯᠠᠩᠬᠢ ᠲᠡᠵᠢᠭᠡᠨ ᠦᠷᠡᠵᠢᠭᠦᠯᠭᠦ ᠡᠷᠦᠭᠡ ᠡᠷᠡᠭᠦᠯᠵᠢᠯ ᠤᠨ ᠡᠳ᠋ ᠭᠡᠷᠡᠭᠯᠡᠬᠦ ᠲᠤᠷᠠᠳᠠᠢ ᠪᠠᠶᠢᠳᠠᠭ᠂ ᠭᠡᠪᠡᠴᠦ ᠡᠷᠡᠭᠦᠯᠵᠢᠯ ᠤᠨ ᠡᠳ᠋ ᠢ ᠶᠡᠷᠦ ᠠᠴᠠ ᠪᠦᠷ ᠦᠷᠦᠨᠡᠳᠡᠬᠢᠨ ᠤ ᠮᠡᠳᠡᠯᠭᠡ ᠪᠠᠷ ᠰᠠᠭᠤᠷᠢᠯᠠᠵᠦ ᠨᠠᠷᠢᠯᠢᠭ ᠬᠢᠭᠰᠡᠨ ᠭᠡᠳᠡᠭ ᠢ ᠤᠢᠢᠯᠠᠭᠠᠬᠤ ᠭᠡᠷᠡᠭᠳᠡᠢ᠂ ᠦᠨᠡᠨ ᠳᠡᠭᠡᠨ ᠮᠠᠨ ᠤ ᠤᠯᠤᠰ ᠲᠤ ᠪᠠᠰᠠ ᠨᠡᠩ ᠰᠠᠶᠢᠨ ᠡᠷᠡᠭᠦᠯᠵᠢᠬᠦᠯᠬᠦ ᠠᠷᠭ᠎ᠠ ᠪᠠᠶᠢᠳᠠᠭ᠂ ᠲᠠᠷᠤᠢ ᠢᠳᠡᠭᠡᠨ ᠢᠶᠠᠷ ᠨᠦᠬᠦᠪᠤᠷᠢᠯᠡᠬᠦ ᠠᠷᠭ᠎ᠠ ᠪᠤᠯᠤᠨ᠎ᠠ᠃      ᠮᠠᠨ ᠤ ᠲᠡᠭᠡᠳᠦᠰ ᠡᠷᠳᠡᠨ ᠠᠴᠠ ᠡᠳᠦᠭᠡ ᠪᠤᠯᠳᠠᠯ᠎ᠠ ᠨᠡᠶᠢᠳᠡᠮ ᠠᠯᠢᠪᠠ ᠤᠷᠭᠤᠮᠠᠯ ᠪᠠ ᠨᠤᠭᠤᠭ᠎ᠠ ᠳᠤ ᠪᠦᠷ ᠰᠠᠶᠢᠨ ᠪᠠ ᠮᠠᠭᠤ ᠲᠠᠯ᠎ᠠ ᠲᠠᠢ ᠭᠡᠵᠦ ᠶᠠᠷᠢᠳᠠᠭ᠂ ᠭᠡᠪᠡᠴᠦ ᠨᠤᠭᠤᠭ᠎ᠠ ᠨᠢ ᠭᠠᠭ᠋ᠠᠢ ᠳᠤ ᠠᠪᠴᠦ ᠭᠡᠯᠡᠪᠡᠯ ᠡᠷᠡᠭᠦᠯᠵᠢᠯ ᠤᠨ ᠡᠳ᠋ ᠪᠤᠯᠵᠦ ᠪᠤᠯᠤᠨ᠎ᠠ᠂ ᠪᠠᠰᠠ ᠬᠤᠤᠷ ᠪᠤᠯᠵᠦ ᠮᠡᠳᠡᠨ᠎ᠠ᠂ ᠲᠤᠤᠷ᠎ᠠ ᠡᠷᠡᠭᠦᠯᠵᠢᠯ ᠤᠨ ᠦᠢᠯᠡᠳᠦᠯ ᠲᠠᠢ ᠨᠤᠭᠤᠭ᠎ᠠ ᠠᠴᠠ ᠲᠠᠨᠢᠯᠴᠠᠭᠤᠯᠤᠶ᠎ᠠ᠃      ᠯᠠᠩᠭᠤᠸᠠ᠄ ᠰᠢᠪᠳᠤᠷ ᠤᠨ ᠬᠦᠴᠢᠯ ᠡᠯᠪᠡᠭ ᠠᠭᠤᠯᠵᠦ᠂ ᠬᠠᠯᠠᠭᠤᠨ ᠢ ᠬᠦᠭᠡᠭᠡᠵᠦ ᠴᠢᠬᠢᠭ ᠢ ᠠᠷᠢᠯᠭᠠᠬᠤ ᠦᠢᠯᠡᠳᠦᠯ ᠲᠠᠢ᠂ ᠤᠮᠠᠷᠠᠳᠤ ᠤᠷᠤᠨ ᠳᠤ ᠲᠡᠶᠢᠮᠤ ᠶᠡᠭᠡ ᠴᠢᠬᠢᠭ ᠦᠭᠡᠢ᠂ ᠭᠡᠪᠡᠴᠦ ᠡᠮᠦᠨᠡᠳᠦ ᠤᠷᠤᠨ ᠤ ᠲᠡᠵᠢᠭᠡᠨ ᠦᠷᠡᠵᠢᠭᠦᠯᠭᠦ ᠡᠷᠦᠭᠡ ᠳᠤ ᠠᠪᠴᠦ ᠭᠡᠯᠡᠪᠡᠯ ᠲᠤᠩ ᠶᠡᠭᠡ ᠭᠡᠷᠡᠭᠴᠡᠭᠡ ᠲᠠᠢ ᠶᠤᠮ᠂ ᠡᠭᠦᠨ ᠠᠴᠠ ᠭᠠᠳᠠᠨ᠎ᠠ᠂ ᠯᠠᠩᠭᠤᠸᠠ ᠳᠤ ᠪᠠᠰᠠ ᠯᠠᠩᠭᠤᠸᠠ ᠳᠤ ᠤᠨᠴᠠ ᠠᠭᠤᠯᠬᠤ ᠯᠠᠩᠭᠤᠸᠠ ᠶᠢᠨ ᠤᠯᠠᠨᠴᠢ ᠰᠢᠬᠢᠷ ᠪᠠ ᠶᠡᠭᠡ ᠭᠡᠮᠵᠢᠶᠡᠨ ᠤ ᠸᠢᠲ᠋ᠠᠮᠢᠨ B ᠪᠠᠶᠢᠵᠦ᠂ ᠲᠡᠷᠡ ᠨᠢ ᠭᠠᠭ᠋ᠠᠢ ᠶᠢᠨ ᠦᠯᠦ ᠬᠠᠯᠳᠠᠭᠠᠬᠤ ᠴᠢᠳᠠᠪᠤᠷᠢ ᠶᠢ ᠲᠡᠭᠡᠭᠰᠢᠯᠡᠭᠦᠯᠭᠦ ᠪᠠ ᠭᠠᠭ᠋ᠠᠢ ᠶᠢᠨ ᠡᠷᠡᠭᠦᠯ ᠢ ᠪᠠᠳᠤᠯᠠᠵᠦ᠂ ᠲᠠᠷᠭᠤᠯᠠᠬᠤ ᠳᠤᠨᠢ ᠠᠰᠢᠭᠳᠠᠢ ᠪᠠᠶᠢᠳᠠᠭ᠃ ᠰᠠᠨᠠᠭᠤᠯᠬᠤ ᠨᠢ᠂ ᠭᠠᠭ᠋ᠠᠢ ᠶᠢᠨ ᠡᠭᠦᠷ ᠤᠨ ᠤᠢᠢᠷ᠎ᠠ ᠬᠠᠪᠢ ᠪᠠᠷ ᠯᠠᠩᠭᠤᠸᠠ ᠲᠠᠷᠢᠪᠠᠯ ᠪᠦᠷᠢᠮᠦᠰᠦᠨ ᠬᠠᠮᠢᠶᠠᠷᠬᠤ ᠴᠢᠬᠤᠯᠠ ᠦᠭᠡᠢ ᠲᠤᠯᠠ ᠯᠠᠩᠭᠤᠸᠠ ᠲᠠᠷᠢᠬᠤ ᠨᠢ ᠲᠡᠷᠢᠭᠦᠨ ᠰᠤᠩᠭᠤᠯᠳᠠ ᠪᠤᠯᠤᠨ᠎ᠠ᠃      ᠴᠠᠭᠠᠨ ᠯᠤᠤᠪᠠᠩ᠄ ᠭᠠᠭ᠋ᠠᠢ ᠳᠤ ᠠᠪᠴᠦ ᠭᠡᠯᠡᠪᠡᠯ ᠭᠡᠪᠡᠭ ᠲᠠᠢ ᠠᠳᠠᠯᠢ ᠨᠢᠭᠡ ᠵᠦᠢᠯ ᠤᠨ ᠪᠦᠳᠦᠭᠦᠯᠢᠭ ᠢᠳᠡᠭᠡᠨ ᠶᠤᠮ᠂ ᠴᠠᠭᠠᠨ ᠯᠤᠤᠪᠠᠩ ᠤᠨ ᠰᠢᠮ᠎ᠠ ᠲᠡᠵᠢᠭᠡᠯ ᠨᠢ ᠲᠡᠶᠢᠮᠤ ᠦᠨᠳᠦᠷ ᠪᠢᠰᠢ᠂ ᠭᠡᠪᠡᠴᠦ ᠭᠠᠭ᠋ᠠᠢ ᠶᠢᠨ ᠰᠢᠩᠭᠡᠭᠡᠯᠳᠡ ᠪᠠ ᠭᠡᠳᠡᠰᠤᠨ ᠤ ᠬᠦᠷᠪᠡᠯᠵᠡᠯ ᠳᠤ ᠠᠰᠢᠭᠳᠠᠢ ᠪᠠᠶᠢᠵᠦ᠂ ᠦᠯᠦᠰᠬᠦ ᠲᠦᠷᠦᠭᠳᠡᠯ ᠢ ᠨᠡᠮᠡᠭᠳᠡᠭᠦᠯᠭᠦ ᠪᠤᠯᠤᠨ᠎ᠠ᠂ ᠲᠠᠷᠤᠢ ᠢᠳᠡᠭᠡᠨ ᠤ ᠲᠤᠷᠠᠰᠢᠯ ᠢ ᠨᠡᠮᠡᠭᠳᠡᠭᠦᠯᠭᠦ ᠪᠤᠯᠤᠨ᠎ᠠ᠂ ᠭᠡᠪᠡᠴᠦ ᠠᠩᠬᠠᠷᠬᠤ ᠴᠢᠬᠤᠯᠠᠳᠠᠢ ᠨᠢ᠂ ᠭᠡᠭᠡᠯ ᠲᠠᠢ ᠮᠡᠭᠡᠵᠢ ᠳᠤ ᠢᠳᠡᠭᠦᠯᠵᠦ ᠪᠤᠯᠬᠤ ᠦᠭᠡᠢ᠂ ᠡᠰᠡᠪᠡᠰᠦ ᠭᠡᠭᠡᠯ ᠬᠠᠶᠠᠬᠤ ᠪᠤᠯᠤᠨ᠎ᠠ᠃     ᠬᠤᠯᠤᠤᠪᠠᠩ᠄ ᠭᠠᠭ᠋ᠠᠢ ᠳᠤ ᠠᠪᠴᠦ ᠭᠡᠯᠡᠪᠡᠯ ᠲᠡᠷᠡ ᠨᠢ ᠶᠠᠭ ᠤᠷᠬᠤᠳᠠᠢ ᠰᠢᠬ ᠪᠠᠶᠢᠵᠦ᠂ ᠲᠡᠭᠦᠨ ᠤ ᠬᠠᠮᠤᠭ ᠤᠨ ᠶᠡᠭᠡ ᠦᠢᠯᠡᠳᠦᠯ ᠨᠢ ᠭᠠᠭ᠋ᠠᠢ ᠶᠢᠨ ᠲᠠᠮᠢᠷ ᠲᠡᠩᠭᠡᠭᠡ ᠶᠢ ᠲᠡᠭᠡᠭᠰᠢᠯᠡᠭᠦᠯᠭᠦ ᠠᠴᠠ ᠭᠠᠳᠠᠨ᠎ᠠ᠂ ᠠᠵᠢᠷᠭ᠎ᠠ ᠭᠠᠭ᠋ᠠᠢ ᠶᠢᠨ ᠦᠷ᠎ᠠ ᠶᠢᠨ ᠡᠳᠡᠭᠡᠷᠡᠯᠳᠡ ᠶᠢᠨ ᠨᠤᠷᠮ᠎ᠠ ᠪᠠ ᠢᠳᠡᠪᠬᠢ ᠴᠢᠨᠠᠷ ᠢ ᠲᠡᠭᠡᠭᠰᠢᠯᠡᠭᠦᠯᠵᠦ᠂ ᠮᠡᠭᠡᠵᠢ ᠶᠢᠨ ᠦᠷᠡᠵᠢᠯ ᠤᠨ ᠴᠢᠳᠠᠪᠤᠷᠢ ᠪᠠ ᠲᠤᠷᠦ᠋ᠢᠯᠠᠬᠤ ᠲᠤᠭ᠎ᠠ ᠶᠢ ᠨᠡᠮᠡᠭᠳᠡᠭᠦᠯᠵᠦ ᠴᠢᠳᠠᠨ᠎ᠠ᠃     ᠠᠮᠳᠠᠳᠤ ᠲᠦᠮᠦᠰᠦᠨ ᠨᠠᠪᠴᠢ᠄ ᠵᠤᠨ ᠤ ᠤᠯᠠᠷᠢᠯ ᠳᠤ ᠪᠠᠶᠢᠩᠭᠤ ᠬᠠᠷᠠᠭᠳᠠᠬᠤ ᠨᠤᠭᠤᠭ᠎ᠠ ᠪᠠᠶᠢᠵᠦ᠂ ᠪᠠᠭᠠᠬᠠᠨ ᠲᠠᠷᠢᠪᠠᠴᠦ ᠲᠡᠭᠦᠭᠡᠳ ᠪᠠᠷᠠᠰᠢ ᠦᠭᠡᠢ ᠪᠠᠶᠢᠵᠦ᠂ ᠭᠡᠳᠦᠨ ᠡᠳᠦᠷ ᠪᠤᠯᠪᠠᠯ ᠲᠠᠬᠢᠨ ᠰᠢᠨ᠎ᠠ ᠪᠠᠷ ᠤᠷᠭᠤᠴᠢᠬᠠᠳᠠᠭ᠂ ᠦᠨᠡᠨ ᠳᠡᠭᠡᠨ ᠠᠮᠳᠠᠳᠤ ᠲᠦᠮᠦᠰᠦᠨ ᠨᠠᠪᠴᠢ ᠨᠢ ᠭᠠᠭ᠋ᠠᠢ ᠳᠤ ᠠᠪᠴᠦ ᠭᠡᠯᠡᠪᠡᠯ ᠤᠬᠢ ᠰᠠᠶᠢᠨ ᠢᠳᠡᠰᠢ ᠪᠠᠶᠢᠵᠦ᠂ ᠠᠮᠳᠠᠳᠤ ᠲᠦᠮᠦᠰᠦᠨ ᠨᠠᠪᠴᠢᠨ ᠳᠠᠬᠢ ᠨᠠᠪᠴᠢᠨ ᠤ ᠨᠤᠭᠤᠭᠠᠨ ᠡᠳ᠋ ᠨᠢ ᠲᠠᠷᠤᠢ ᠮᠠᠰᠢ ᠰᠠᠶᠢᠨ ᠬᠤᠤᠷ ᠲᠠᠶᠢᠯᠬᠤ ᠡᠮ ᠪᠤᠯᠬᠤ ᠪᠦᠭᠡᠳ ᠨᠤᠭᠤᠭ᠎ᠠ ᠲᠤᠳᠤᠷ᠎ᠠ ᠢᠰᠦᠯᠳᠦᠬᠦ ᠶᠢ ᠡᠰᠡᠷᠭᠦᠴᠡᠬᠦ ᠪᠤᠳᠠᠰ ᠬᠠᠮᠤᠭ ᠤᠨ ᠠᠷᠪᠢᠨ ᠠᠭᠤᠯᠬᠤ ᠨᠢᠭᠡ ᠵᠦᠢᠯ ᠤᠨ ᠨᠤᠭᠤᠭ᠎ᠠ ᠪᠤᠯᠤᠨ᠎ᠠ᠂ ᠲᠡᠷᠡ ᠨᠢ ᠦᠯᠦ ᠬᠠᠯᠳᠠᠭᠠᠬᠤ ᠴᠢᠳᠠᠪᠤᠷᠢ ᠶᠢ ᠲᠡᠭᠡᠭᠰᠢᠯᠡᠭᠦᠯᠭᠦ ᠠᠴᠠ ᠭᠠᠳᠠᠨ᠎ᠠ ᠲᠠᠭᠰᠢᠭᠤᠷ ᠤᠨ ᠸᠢᠷᠦ᠋ᠰ ᠲᠤ ᠵᠤᠬᠢᠬᠤ ᠡᠮᠴᠢᠯᠡᠭᠡᠨ ᠤ ᠦᠢᠯᠡᠳᠦᠯ ᠲᠠᠢ ᠪᠠᠶᠢᠵᠦ᠂ ᠦᠷ᠎ᠠ ᠳ᠋ᠦᠩ ᠨᠢ ᠯᠠᠩᠭᠤᠸᠠ ᠶᠢᠨ ᠲᠠᠷᠠᠭ᠎ᠠ ᠤᠷᠤᠨ᠎ᠠ᠃     ᠲᠡᠭᠡᠷᠡᠬᠢ ᠶᠠᠷᠢᠭᠰᠠᠨ ᠭᠡᠳᠦᠨ ᠵᠦᠢᠯ ᠤᠨ ᠨᠤᠭᠤᠭ᠎ᠠ ᠠᠴᠠ ᠭᠠᠳᠠᠨ᠎ᠠ ᠪᠠᠰᠠ ᠮᠠᠰᠢ ᠤᠯᠠᠨ ᠰᠤᠷᠤᠯᠴᠠᠵᠦ ᠤᠢᠢᠯᠠᠭᠠᠬᠤ ᠴᠢᠬᠤᠯᠠᠳᠠᠢ ᠨᠤᠭᠤᠭ᠎ᠠ ᠨᠤᠭᠤᠳ ᠪᠠᠶᠢᠳᠠᠭ᠂ ᠦᠨᠡᠨ ᠳᠡᠭᠡᠨ ᠤᠯᠠᠩᠬᠢ ᠨᠤᠭᠤᠭ᠎ᠠ᠂ ᠤᠷᠭᠤᠮᠠᠯ ᠪᠠ ᠵᠢᠮᠢᠰ ᠢᠶᠠᠷ ᠪᠦᠷ ᠭᠠᠭ᠋ᠠᠢ ᠲᠡᠵᠢᠭᠡᠵᠦ ᠪᠤᠯᠤᠨ᠎ᠠ᠂ ᠦᠢᠯᠡᠳᠦᠯ ᠨᠢ ᠪᠦᠷ ᠠᠳᠠᠯᠢ ᠦᠭᠡᠢ ᠪᠠᠶᠢᠳᠠᠭ᠃   
ᠢᠷᠡᠯᠲᠡ᠄ ᠲᠣᠲᠣᠷᠬᠠᠢ ᠦᠭᠡᠢ