ᠠᠩᠬᠠᠷ︕ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠴᠠ 30 ᠮᠢᠨᠦ᠋ᠲ ᠤᠨ ᠡᠮᠦᠨ᠎ᠡ ᠲᠠᠮᠠᠬᠢ ᠲᠠᠲᠠᠵᠤ ᠪᠣᠯᠬᠤ ᠥᠬᠡᠶ
ᠨᠡᠶᠢᠲᠡᠯᠡᠭᠰᠡᠨ ᠴᠠᠭ᠄
2021/10/19
    ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠲᠤ ᠬᠦᠷᠴᠦ ᠥᠯᠢᠭᠡᠷ ᠠᠪᠴᠤ ᠰᠢᠯᠭᠠᠨ ᠪᠠᠶᠢᠴᠠᠭᠠᠯᠳᠠ ᠬᠢᠬᠦ ᠳᠤ ᠶᠠᠭᠤ ᠶᠢ ᠠᠩᠬᠠᠷᠬᠤ ᠴᠢᠬᠤᠯᠠ ᠲᠠᠢ ᠪᠤᠢ︖    ᠬᠤᠪᠢ ᠬᠥᠮᠦᠨ ᠤ ᠬᠦᠴᠦᠨ ᠪᠥᠬᠦᠶ ᠦᠨᠡᠮᠯᠡᠯ ᠢᠶᠠᠨ ᠠᠪᠴᠤ ᠤᠴᠢᠬᠤ ᠬᠡᠷᠡᠭᠲᠡᠶ︔     ᠦᠯᠢᠭᠡᠷ ᠠᠪᠬᠤ ᠠᠴᠠ ᠡᠮᠦᠨ᠎ᠡ 30 ᠮᠢᠨᠦ᠋ᠲ ᠲᠤ ᠲᠠᠮᠠᠬᠢ ᠲᠠᠲᠠᠬᠤ᠂ ᠠᠷᠢᠬᠢ ᠤᠤᠭᠤᠬᠤ᠂ ᠪᠣᠬᠢ ᠵᠠᠵᠢᠯᠬᠤ ᠵᠡᠷᠭᠡ ᠶᠢ ᠴᠡᠭᠡᠷᠯᠡᠬᠦ ᠬᠡᠷᠡᠭᠲᠡᠢ︔    ᠰᠢᠯᠭᠠᠨ ᠪᠠᠶᠢᠴᠠᠭᠠᠬᠤ ᠦᠶ᠎ᠡ ᠳᠤ ᠰᠢᠯᠭᠠᠨ ᠪᠠᠶᠢᠴᠠᠭᠠᠭᠴᠢ ᠠᠮᠠᠪᠴᠢ ᠪᠠᠨ ᠵᠥᠪ ᠵᠡᠭᠦᠵᠦ᠂ ᠰᠢᠯᠭᠠᠨ ᠪᠠᠶᠢᠴᠠᠭᠠᠬᠤ ᠠᠴᠠ ᠡᠮᠦᠨ᠎ᠡ ᠠᠮᠠᠪᠴᠢ ᠪᠠᠨ ᠠᠪᠴᠤ᠂ ᠰᠢᠯᠭᠠᠨ ᠪᠠᠶᠢᠴᠠᠭᠠᠭᠰᠠᠨ ᠤ ᠳᠠᠷᠠᠭ᠎ᠠ ᠳᠠᠷᠦ᠋ᠢᠬᠠᠨ ᠵᠡᠭᠦᠬᠦ ᠬᠡᠷᠡᠭᠲᠡᠶ︔    ᠰᠢᠯᠭᠠᠨ ᠪᠠᠶᠢᠴᠠᠭᠠᠬᠤ ᠶᠢ ᠬᠦᠯᠢᠶᠡᠬᠦ ᠦᠶᠡᠰ᠂ ᠪᠦᠬᠦ ᠶᠠᠪᠤᠴᠠ ᠳᠤ ᠠᠮᠠᠪᠴᠢ ᠵᠡᠭᠦᠬᠦ ᠶᠢ ᠠᠩᠬᠠᠷᠴᠤ᠂ ᠪᠤᠰᠤᠳ ᠲᠠᠢ 1ᠮᠧᠲᠷ ᠠᠴᠠ ᠳᠡᠭᠡᠭᠰᠢᠬᠢ ᠵᠠᠶ ᠶᠢ ᠪᠠᠲᠤᠯᠠᠵᠤ᠂ ᠶᠠᠷᠢᠯᠴᠠᠬᠤ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠳᠠᠢ︔    ᠲᠤᠬᠠᠶ ᠶᠢᠨ ᠲᠠᠯᠠᠪᠠᠶ ᠶᠢᠨ ᠠᠵᠢᠯᠲᠠᠨ ᠤ ᠵᠢᠯᠣᠭᠤᠳᠣᠯᠭ᠎ᠠ ᠶᠢ ᠰᠣᠨᠣᠰᠴᠤ᠂ ᠮᠡᠷᠭᠡᠨ ᠴᠤᠬᠤᠷ ᠰᠢᠷᠪᠢᠬᠦ᠂ ᠳᠠᠩᠰᠠᠯᠠᠬᠤ᠂ ᠥᠯᠢᠭᠡᠷ ᠠᠪᠬᠤ ᠵᠡᠷᠭᠡ ᠠᠵᠢᠯ ᠤᠨ ᠶᠠᠪᠤᠴᠠ ᠶᠢ ᠡᠮᠬᠢ ᠵᠢᠷᠤᠮ ᠲᠠᠢ ᠪᠡᠶᠡᠯᠡᠬᠦᠯᠬᠦ ᠬᠡᠷᠡᠭᠳᠠᠢ︔     ᠬᠠᠮᠠᠷ ᠤᠨ ᠬᠦᠨᠳᠡᠢ ᠪᠠᠷ ᠦᠯᠢᠬᠡᠷ ᠭᠡᠪ ᠠᠪᠬᠤ ᠦᠶᠡᠰ ᠪᠠᠭ᠎ᠠ ᠬᠡᠮᠵᠢᠶᠡᠨ ᠤ ᠴᠢᠰᠤ ᠭᠠᠷᠴᠤ ᠮᠡᠳᠡᠨ᠎ᠡ᠂ ᠶᠡᠷᠦ ᠳᠡᠭᠡᠨ ᠣᠨᠴᠠᠭᠠᠢ ᠰᠢᠢᠳᠪᠦᠷᠢᠯᠡᠯᠲᠡ ᠬᠢᠬᠦ ᠴᠢᠬᠤᠯᠠ ᠦᠭᠡᠢ᠂ ᠬᠡᠷᠪᠡ ᠴᠢᠰᠤ ᠶᠡᠭᠡ ᠭᠠᠷᠤᠭᠰᠠᠨ ᠪᠠᠶᠢᠪᠠᠯ ᠴᠠᠭ ᠲᠤᠬᠠᠢ ᠳᠤᠨᠢ ᠡᠮᠨᠡᠯᠭᠡ ᠳᠤ ᠬᠦᠷᠴᠦ ᠰᠢᠢᠳᠪᠦᠷᠢᠯᠡᠭᠡᠷᠡᠢ᠃     ᠬᠠᠮᠤᠭ ᠰᠡᠭᠦᠯ ᠳᠤ ᠰᠠᠨᠠᠭᠤᠯᠬᠤ ᠨᠢ᠂ ᠬᠡᠷᠪᠡ ᠲᠤᠬᠠᠶ ᠶᠢᠨ ᠡᠳᠦᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠪᠠᠯ 24 ᠴᠠᠭ ᠤᠨ ᠳᠠᠷᠠᠭ᠎ᠠ ᠰᠠᠶ᠋ᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ