ᠰᠢ ᠶᠢᠨ ᠫᠢᠩ ᠨᠠᠰᠤᠵᠢᠯᠳᠠ ᠶᠢᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/20
              ᠬᠥᠮᠦᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠦᠩᠭᠡᠷᠡᠬᠦᠯᠬᠦ ᠭᠡᠷᠡᠭᠳᠠᠢ     ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ ᠪᠦᠬᠦ ᠤᠯᠤᠰ ᠤᠨ ᠨᠠᠰᠤᠲᠠᠶᠢᠴᠤᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠠ     ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠰᠤᠵᠢᠯᠳᠠ ᠶᠢᠨ ᠠᠵᠢᠯ ᠳᠤ ᠴᠢᠬᠤᠯᠠ ᠵᠢᠭᠠᠪᠤᠷᠢ ᠥᠭᠴᠦ᠂ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠨᠠᠰᠤᠲᠠᠶᠢᠴᠤᠳ ᠲᠤ ᠤᠷᠳᠤ ᠨᠠᠰᠤᠯᠠᠵᠤ ᠤᠳᠠᠭᠠᠨ ᠵᠢᠷᠭᠠᠨ᠂ ᠵᠤᠯ ᠵᠢᠷᠭᠠᠯ ᠲᠠᠢ ᠠᠮᠢᠳᠤᠷᠠᠬᠤ ᠶᠢ ᠬᠦᠰᠡᠨ ᠵᠥᠩᠨᠡᠪᠡ᠃    ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠰᠤᠵᠢᠯᠳᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠦᠨᠡᠨ ᠬᠦ ᠰᠠᠶᠢᠲᠤᠷ ᠬᠢᠵᠦ᠂ ᠬᠥᠮᠦᠨ ᠠᠮᠠ ᠶᠢᠨ ᠨᠠᠰᠤᠵᠢᠯᠳᠠ ᠶᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠶ ᠨᠠᠰᠤᠵᠢᠯᠳᠠ ᠶᠢᠨ ᠦᠵᠡᠯᠲᠡ᠂ ᠡᠷᠡᠭᠦᠯ ᠡᠩᠬᠡ ᠨᠠᠰᠤᠵᠢᠯᠳᠠ ᠶᠢᠨ ᠣᠶᠢᠯᠠᠭᠠᠭᠳᠠᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠳᠤ ᠠᠭᠤᠰᠤᠯᠴᠠᠭᠤᠯᠵᠤ᠂ ᠲᠦᠷᠢᠮ ᠤᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠨᠠᠰᠤᠵᠢᠯᠳᠠ ᠶᠢᠨ ᠠᠵᠢᠯ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ᠂ ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠰᠢᠰᠲ᠋ᠧᠮ ᠢ ᠲᠦᠷᠭᠡᠳᠬᠡᠨ ᠪᠦᠷᠢᠨᠰᠢᠬᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃     ᠰᠢ ᠶᠢᠨ ᠫᠢᠩ᠂ ᠠᠬᠠᠮᠠᠳ ᠪᠤᠭᠤᠷᠤᠯᠴᠤᠤᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠨᠠᠰᠤᠲᠠᠶᠢᠴᠤᠳ ᠤᠨ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠤᠨ᠂ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠦᠩᠭᠡᠷᠡᠬᠦᠯᠬᠦ ᠬᠡᠷᠡᠭᠲᠡᠶ ᠭᠡᠵᠦ ᠴᠢᠬᠤᠯᠠᠴᠢᠯᠠᠪᠠ᠃        
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ