ᠬᠡᠬᠡᠷ᠎ᠡ ᠬᠦᠳᠡᠭᠡ ᠠᠮᠢᠳᠠᠨ ᠤ ᠦᠬᠦᠳᠡᠯ ᠢ ᠪᠤᠬᠢᠷᠳᠤᠯ ᠦᠬᠡᠢ ᠰᠢᠢᠳᠪᠤᠷᠢᠯᠠᠬᠦ ᠠᠷᠭ᠎ᠠ ᠶᠢᠨ ᠳᠦᠬᠦᠮ ᠳᠠᠶᠢᠯᠤᠮᠵᠢ
ᠨᠡᠶᠢᠲᠡᠯᠡᠭᠰᠡᠨ ᠴᠠᠭ᠄
2021/10/20
             ᠬᠦᠳᠡᠭᠡ ᠬᠡᠬᠡᠷ᠎ᠡ ᠠᠮᠢᠳᠠᠨ ᠤ ᠦᠬᠦᠳᠡᠯ ᠢ ᠪᠤᠬᠢᠷᠳᠤᠯ ᠦᠬᠡᠢ ᠰᠢᠢᠳᠪᠤᠷᠢᠯᠠᠬᠦ ᠳᠤ ᠤᠯᠠᠩᠬᠢ ᠳᠠᠭᠠᠨ ᠰᠢᠭᠤᠳ ᠪᠤᠯᠠᠬᠤ ᠠᠷᠭ᠎ᠠ ᠪᠠ ᠰᠢᠲᠠᠭᠠᠬᠤ ᠠᠷᠭ᠎ᠠ ᠶᠢ ᠬᠡᠷᠡᠭᠯᠡᠳᠡᠭ᠃     ᠨᠢᠬᠡ᠂ ᠰᠢᠭᠤᠳ ᠪᠤᠯᠠᠬᠤ ᠠᠷᠭ᠎ᠠ     ⒈ ᠪᠤᠯᠠᠬᠤ ᠭᠠᠵᠠᠷ ᠢ ᠰᠣᠩᠭᠤᠬᠤ ᠳᠤ ᠭᠠᠵᠠᠷ ᠤᠨ ᠪᠠᠶᠢᠴᠠ ᠶᠢ ᠥᠨᠳᠥᠷ ᠬᠠᠭᠤᠷᠠᠶ᠂ ᠰᠠᠯᠬᠢᠨ ᠤ ᠳᠣᠤᠷ᠎ᠠ ᠲᠠᠯ᠎ᠠ ᠳᠤ ᠪᠠᠶᠢᠯᠭᠠᠬᠤ ᠬᠡᠷᠡᠭᠲᠡᠶ᠃ ᠮᠠᠯ ᠤᠨ ᠫᠧᠩ ᠬᠤᠷᠤᠭ᠎ᠠ᠂ ᠤᠷᠤᠨ ᠰᠠᠭᠤᠴᠠ᠂ ᠤᠰᠤᠨ ᠰᠤᠷᠪᠤᠯᠵᠢ᠂ ᠵᠠᠮ ᠬᠠᠷᠢᠯᠴᠠᠭ᠎ᠠ ᠵᠡᠷᠭᠡ ᠦᠢᠯᠡᠳᠪᠤᠷᠢᠯᠠᠯ ᠠᠮᠢᠳᠤᠷᠠᠯ ᠤᠨ ᠲᠠᠯᠠᠪᠤᠷ ᠠᠴᠠ ᠬᠤᠯᠠ ᠪᠠᠶᠢᠯᠭᠠᠬᠤ ᠬᠡᠷᠡᠭᠲᠡᠶ᠃     ⒉ ᠪᠤᠯᠠᠬᠤ ᠨᠦᠬᠡ ᠶᠢᠨ ᠪᠠᠭᠲᠠᠭᠠᠮᠵᠢ ᠶᠢ ᠠᠮᠢᠲᠠᠨ ᠤ ᠦᠬᠦᠳᠡᠯ ᠵᠢᠴᠢ ᠲᠤᠭ᠎ᠠ ᠬᠡᠮᠵᠢᠶ᠎ᠡ ᠶᠢ ᠦᠨᠳᠦᠰᠦᠯᠡᠨ ᠮᠠᠯᠳᠠᠨ᠎ᠠ᠃ ᠨᠦᠬᠡᠨ ᠤ ᠢᠷᠣᠭᠠᠷ ᠤᠨ ᠬᠡᠰᠡᠭ ᠢ ᠭᠠᠵᠠᠷ ᠳᠣᠣᠷᠠᠬᠢ ᠤᠰᠤᠨ ᠲᠦᠪᠰᠢᠨ ᠠᠴᠠ 1. 5m ᠠᠴᠠ ᠳᠡᠭᠡᠭᠰᠢ ᠪᠠᠶᠢᠯᠭᠠᠵᠤ᠂ ᠳᠤᠷᠤᠭᠰᠢ ᠨᠡᠪᠴᠢᠬᠦ ᠶᠢ ᠰᠠᠶᠢᠳᠤᠷ ᠰᠡᠷᠭᠡᠶᠢᠯᠡᠬᠦ ᠬᠡᠷᠡᠭᠲᠡᠶ᠃     ⒊ ᠨᠦᠬᠡᠨ ᠤ ᠢᠷᠣᠭᠠᠷ ᠲᠤ 2 ~ 5cm ᠵᠤᠵᠠᠭᠠᠨ ᠲᠦᠭᠦᠬᠡᠶ ᠴᠣᠬᠤᠢ ᠪᠤᠶᠤ ᠴᠠᠶᠢᠷᠠᠭᠤᠯᠬᠤ ᠨᠤᠨᠲᠠᠭ ᠵᠡᠷᠭᠡ ᠠᠷᠢᠭᠤᠳᠬᠠᠬᠤ ᠡᠮ ᠰᠠᠴᠤᠵᠤ᠂ ᠪᠤᠯᠠᠵᠤ ᠳᠠᠷᠤᠬᠤ ᠰᠢᠷᠦᠢ ᠶᠢᠨ ᠬᠦᠨ ᠨᠢ 1.2 ᠮᠧᠳ᠋ᠷ ᠠᠴᠠ ᠪᠠᠭ᠎ᠠ ᠪᠠᠶᠢᠵᠤ ᠪᠣᠯᠬᠤ ᠥᠬᠡᠶ᠃     ⒋ ᠬᠡᠳᠦ ᠨᠢᠭᠳᠠ ᠳᠠᠷᠤᠵᠤ ᠪᠤᠯᠠᠵᠤ ᠪᠤᠯᠬᠤ ᠦᠬᠡᠢ᠂ ᠢᠯᠵᠢᠷᠡᠬᠦ ᠠᠴᠠ ᠪᠤᠯᠵᠤ ᠬᠡᠢ ᠪᠡᠶᠡᠳᠦ ᠡᠬᠦᠰᠬᠦ ᠪᠠ ᠰᠢᠩᠭᠡᠨ ᠪᠡᠶᠡᠲᠦ ᠨᠡᠪᠴᠢᠬᠦ ᠠᠴᠠ ᠰᠡᠷᠭᠡᠶᠢᠯᠡᠨ᠎ᠡ᠃ ᠪᠤᠯᠠᠭᠰᠠᠨ ᠭᠠᠵᠠᠷ ᠲᠤ ᠫᠠᠶᠢᠰᠠ ᠲᠡᠮᠳᠡᠭ ᠳᠠᠯᠪᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠬᠡᠷᠪᠡ ᠴᠦᠮᠦᠷᠡᠵᠤ ᠬᠤᠳᠦ᠋ᠢᠭ᠌ᠰᠠᠨ ᠪᠠᠶᠢᠪᠠᠯ ᠴᠠᠭ ᠲᠤᠬᠠᠶ ᠳᠤᠨᠢ ᠰᠢᠷᠦᠢ ᠨᠡᠮᠡᠵᠦ ᠰᠡᠯᠪᠢᠬᠦ ᠬᠡᠷᠡᠭᠳᠡᠢ᠃    ᠬᠤᠶᠠᠷ᠂ ᠰᠢᠲᠠᠭᠠᠬᠤ ᠠᠷᠭ᠎ᠠ     ⒈ ᠭᠠᠵᠠᠷ ᠰᠣᠩᠭᠤᠬᠤ ᠳᠠᠭᠠᠨ ᠭᠡᠷ ᠤᠷᠤᠨ᠂ ᠨᠣᠴᠣᠮᠠᠲᠠᠭᠠᠢ ᠪᠣᠳᠠᠰ᠂ ᠴᠠᠬᠢᠯᠭᠠᠨ ᠤᠳᠠᠰᠤ ᠵᠡᠷᠭᠡ ᠠᠴᠠ ᠬᠤᠯᠠ ᠪᠠᠶᠢᠬᠤ ᠬᠡᠷᠡᠭᠲᠡᠢ᠂ ᠡᠷᠭᠢᠨ ᠲᠣᠭᠤᠷᠢᠨ ᠳᠤ ᠭᠠᠯ ᠤᠨ ᠠᠶᠤᠯ ᠡᠬᠦᠰᠬᠦ ᠦᠬᠡᠢ ᠪᠠᠶᠢᠬᠤ ᠶᠢ ᠬᠦᠢᠴᠡᠳ ᠪᠠᠳᠤᠯᠠᠵᠤ᠂ ᠰᠠᠯᠬᠢᠨ ᠤ ᠳᠣᠣᠷ᠎ᠠ ᠲᠠᠯ᠎ᠠ ᠳᠤ ᠪᠠᠶᠢᠷᠢᠯᠠᠭᠤᠯᠬᠤ ᠬᠡᠷᠡᠭᠳᠡᠢ᠃     ⒉ ᠴᠠᠶᠢᠶ᠋ᠢᠦ ᠲᠤᠰᠤ ᠪᠠᠨ ᠮᠣᠳᠣᠨ ᠲᠦᠯᠡᠭᠡ ᠪᠠ ᠦᠬᠦᠳᠡᠯ ︵ᠴᠢᠶ᠋ᠢᠦ ᠲᠤᠰᠤ ᠬᠡᠷᠡᠭᠯᠡᠵᠦ ᠪᠣᠯᠬᠤ ᠦᠭᠡᠢ︶ ᠳᠡᠭᠡᠷ᠎ᠡ ᠬᠦᠢᠴᠡᠳ ᠴᠢᠳᠬᠤᠵᠤ᠂ ᠮᠣᠳᠣᠨ ᠰᠢᠳᠠᠮ᠂ ᠪᠦᠰ ᠵᠡᠷᠭᠡ ᠪᠤᠳᠠᠰ ᠢᠶᠠᠷ ᠡᠭᠦᠰᠬᠡᠨ ᠨᠣᠴᠣᠭᠠᠨ᠎ᠠ᠃ ᠮᠠᠯ ᠤᠨ ᠬᠡᠭᠦᠷ ᠦᠬᠦᠳᠡᠯ ᠢ ᠰᠢᠲᠠᠭᠠᠵᠤ ᠪᠠᠷᠠᠭᠰᠠᠨ ᠤ ᠲᠠᠷᠠᠭ᠎ᠠ ᠦᠨᠡᠰᠦ ᠶᠢ ᠨᠢ ᠰᠠᠶᠢᠳᠤᠷ ᠪᠤᠯᠠᠵᠤ ᠂ ᠭᠠᠳᠠᠷᠭᠤ ᠳᠡᠭᠡᠷ᠎ᠡ ᠨᠢ ᠲᠦᠭᠦᠬᠡᠶ ᠴᠤᠬᠤᠢ ᠪᠤᠶᠤ ᠴᠠᠶᠢᠷᠠᠭᠤᠯᠬᠤ ᠨᠤᠨᠲᠠᠭ ᠰᠠᠴᠤᠵᠤ᠂ ᠫᠠᠶᠢᠰᠠ ᠳᠡᠮᠳᠡᠭ ᠪᠤᠰᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠦᠵᠡᠬᠦ ᠬᠡᠷᠡᠭᠲᠡᠶ᠃     ᠠᠩᠬᠠᠷᠬᠤ ᠵᠦᠢᠯᠡᠰ᠄ ᠪᠤᠬᠢᠷᠳᠤᠯ ᠦᠬᠡᠢ ᠰᠢᠢᠳᠪᠤᠷᠢᠯᠠᠬᠦ ᠶᠠᠪᠤᠴᠠ ᠳᠤ ᠬᠠᠮᠠᠭᠠᠯᠠᠬᠤ ᠬᠤᠪᠴᠠᠰᠤ᠂ ᠠᠮᠠᠪᠴᠢ᠂ ᠨᠢᠳᠦ ᠬᠠᠮᠠᠭᠠᠯᠠᠬᠤ ᠰᠢᠯ᠂ ᠭᠤᠮ ᠱᠠᠬᠠᠶ ᠵᠢᠴᠢ ᠪᠡᠭᠡᠯᠡᠶ ᠵᠡᠷᠭᠡ ᠬᠠᠮᠠᠭᠠᠯᠠᠬᠤ ᠬᠡᠷᠡᠭᠰᠡᠯ ᠢ ᠡᠮᠦᠰᠴᠦ ᠵᠡᠬᠦᠪᠡᠯ ᠵᠤᠬᠢᠨ᠎ᠠ᠃ ᠨᠢᠭᠡ ᠯᠡ ᠤᠳᠠᠭ᠎ᠠ ᠶᠢᠨ ᠴᠢᠨᠠᠷᠲᠠᠶ ᠬᠠᠮᠠᠭᠠᠯᠠᠯᠲᠠ ᠶᠢᠨ ᠬᠡᠷᠡᠭᠰᠡᠯ ᠢ ᠴᠠᠭ ᠳᠤᠬᠠᠢ ᠳᠤ ᠨᠢ ᠰᠢᠢᠳᠪᠤᠷᠢᠯᠡᠵᠦ᠂ ᠡᠷᠭᠢᠯᠳᠦᠭᠦᠯᠦᠨ ᠬᠡᠷᠡᠭᠯᠡᠬᠦ ᠬᠠᠮᠠᠭᠠᠯᠠᠯᠲᠠ ᠶᠢᠨ ᠬᠡᠷᠡᠭᠰᠡᠯ ᠢ ᠰᠠᠶᠢᠳᠤᠷ ᠠᠷᠢᠭᠤᠳᠬᠠᠯ ᠬᠢᠬᠦ ᠬᠡᠷᠡᠭᠲᠡᠶ᠃    
ᠢᠷᠡᠯᠲᠡ᠄ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ