ᠠᠮᠢ ᠠᠬᠤᠢ ᠶᠢ ᠤᠷᠢᠳ ᠢᠶᠠᠷ ᠪᠤᠳᠤᠯᠭᠢᠯᠠᠬᠤ ᠶᠢ ᠪᠠᠷᠢᠮᠳᠠᠯᠠᠨ ᠨᠤᠮᠢᠨ ᠨᠤᠭᠤᠭᠠᠨ ᠬᠠᠯᠬᠠᠪᠴᠢ ᠶᠢ ᠪᠠᠳᠤ ᠴᠤᠭᠴᠠᠯᠠᠶ᠎ᠠ
ᠨᠡᠶᠢᠲᠡᠯᠡᠭᠰᠡᠨ ᠴᠠᠭ᠄
2021/10/21
    — ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠲᠤᠬᠠᠶ ᠲᠠᠪᠤᠨᠲᠠ ᠥᠭᠦᠯᠡᠬᠦ ᠨᠢ      ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠪᠣᠯ ᠬᠠᠮᠤᠭ ᠤᠨ ᠶᠡᠭᠡ ᠰᠠᠭᠤᠷᠢ ᠪᠦᠳᠦᠭᠡᠨ ᠪᠠᠶᠢᠭᠤᠯᠤᠯᠲᠠ ᠮᠥᠨ᠃ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠬᠤᠷᠠᠯ ᠠᠴᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠣᠳᠣᠬᠢᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠶᠢᠨ ᠨᠣᠭᠤᠭᠠᠨ ᠬᠠᠯᠬᠠᠪᠴᠢ ᠶᠢ ᠪᠠᠬᠢᠵᠢᠭᠦᠯᠦᠨ᠎ᠡ ᠭᠡᠵᠤ ᠲᠤᠷᠠᠳᠤᠨ ᠭᠠᠷᠭᠠᠪᠠ᠃ ᠡᠨᠡ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠭᠦᠭᠵᠢᠯᠳᠠ ᠶᠢ ᠠᠭᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ︽ᠤᠷᠳᠤᠰ ᠤᠨ ᠠᠵᠢᠯᠯᠠᠭ᠎ᠠ︾ ᠪᠣᠯᠤᠨ᠎ᠠ᠂ ᠮᠥᠨ ᠴᠦ ᠮᠠᠨ ᠤ ᠦᠷ᠎ᠡ ᠬᠤᠶᠢᠴᠢᠰ ᠲᠠᠭᠠᠨ ᠪᠤᠶᠠᠨ ᠦᠢᠯᠡᠳᠬᠦ ᠲᠡᠦᠬᠡᠲᠦ ᠬᠠᠷᠢᠭᠤᠴᠠᠯᠭ᠎ᠠ ᠪᠣᠯᠤᠨ᠎ᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠬᠤ᠂ ᠵᠠᠰᠠᠬᠤ ᠪᠠᠷ ᠭᠤᠣᠯᠳᠠᠯᠭ᠎ᠠ ᠪᠣᠯᠭᠠᠬᠤ᠂ ᠤᠭ ᠦᠨᠳᠦᠰᠦ ᠪᠠ ᠦᠡᠭᠭᠡᠨ ᠲᠠᠯ᠎ᠠ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠭᠤᠷᠢᠶᠠᠯ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ᠂ ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠴᠣᠭᠴᠠᠯᠠᠬᠤ ᠲᠠᠶᠢᠰᠢ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃     ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠠᠮᠢ ᠠᠬᠤᠶ ᠶᠢ ᠬᠠᠮᠠᠭᠠᠯᠠᠨ ᠰᠡᠷᠭᠦᠭᠡᠬᠦ ᠭᠦᠴᠦᠯᠠᠴᠠ ᠪᠠᠨ ᠲᠠᠰᠤᠷᠠᠯᠲᠠ ᠥᠬᠡᠶ ᠨᠡᠮᠡᠭᠳᠡᠭᠦᠯᠭᠦ ᠶᠢ ᠢᠮᠠᠭᠲᠠ ᠪᠠᠷᠢᠮᠲᠠᠯᠠᠨ᠂ ᠴᠦᠯᠯᠡᠷᠬᠡᠭᠵᠢᠯ ᠢ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠰᠢᠶ᠋ᠳᠪᠦᠷᠢᠯᠡᠨ᠂ ᠪᠣᠬᠢᠷᠲᠤᠯ ᠢ ᠰᠡᠷᠭᠡᠶᠢᠯᠡᠨ‌ᠵᠠᠰᠠᠬᠤ ᠪᠤᠭᠤᠮᠳᠠ ᠰᠢᠪᠳᠤᠯᠬᠤ ᠱᠠᠲᠤᠴᠢ ᠴᠢᠨᠠᠷᠲᠠᠶ ᠡᠭᠦᠷᠭᠡ ᠶᠢ ᠪᠡᠶᠡᠯᠡᠭᠦᠯᠵᠦ ᠂ ︽ᠳᠤᠮᠳᠠᠳᠤ ᠤᠯᠤᠰ ᠤᠨ ᠬᠠᠮᠤᠭ ᠤᠨ ᠶᠡᠭᠡ ᠠᠮᠢ ᠠᠬᠤᠶ ᠶᠢᠨ ᠥᠷᠢᠰᠦᠯᠳᠦᠬᠦ ᠬᠦᠴᠦᠨ ᠲᠠᠢ ᠬᠤᠲᠠ︾ ᠶᠢᠨ ᠢᠷᠠᠭᠤ ᠠᠯᠳᠠᠷ ᠢ ᠭᠦᠷᠳᠡᠪᠡ᠃ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ ᠶᠤᠮ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠭ᠎ᠠ ᠪᠣᠳᠠᠲᠤ ᠪᠠᠶᠢᠳᠠᠯ ᠢ ᠣᠮᠲᠣᠭᠠᠶᠢᠯᠠᠵᠤ ᠪᠣᠯᠤᠰᠢ ᠦᠭᠡᠢ᠃         ᠰᠢᠨ᠎ᠡ ᠡᠭᠦᠷᠭᠡ ᠬᠠᠷᠢᠭᠤᠴᠠᠯᠭ᠎ᠠ ᠰᠢᠨ᠎ᠡ ᠡᠭᠦᠷᠭᠡᠯᠡᠯ ᠢ ᠱᠠᠭᠠᠷᠳᠠᠵᠤ ᠪᠠᠶᠢᠨ᠎ᠠ᠃ ︽ᠠᠮᠢ ᠠᠬᠤᠶ ᠶᠢ ᠤᠷᠢᠳ ᠢᠶᠠᠷ ᠪᠤᠳᠤᠯᠭᠢᠯᠠᠨ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ︾ ᠤᠷᠢᠳ ᠢᠶᠠᠷ ᠬᠡᠷᠡᠭᠵᠢᠭᠦᠯᠬᠦ ᠣᠷᠣᠨ ᠢ ᠲᠦᠷᠭᠡᠳᠬᠡᠨ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠨ᠂ ᠪᠦᠬᠦ ᠰᠠᠪᠠ ᠭᠠᠵᠠᠷ ᠢ ᠬᠠᠮᠵᠢᠯᠴᠠᠨ ᠵᠠᠰᠠᠬᠤ ᠂ ᠪᠦᠬᠦ ᠭᠠᠵᠠᠷ ᠤᠷᠤᠨ ᠢ ᠬᠠᠮᠠᠭᠠᠯᠠᠨ ᠰᠡᠷᠭᠦᠭᠡᠬᠦ᠂ ᠪᠦᠬᠦ ᠤᠷᠤᠨ ᠪᠦᠰᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ ︽ᠬᠦᠴᠦ ᠪᠠᠨ ᠬᠠᠮᠲᠤᠳᠬᠠᠨ ᠠᠵᠢᠯᠯᠠᠬᠤ︾ ᠶᠢ ᠰᠠᠶᠢᠲᠤᠷ ᠠᠳᠬᠤᠵᠤ᠂ ᠪᠦᠬᠦ ᠣᠷᠣᠨ ᠪᠦᠰᠡ ᠶᠢᠨ ᠠᠮᠢ ᠠᠬᠤᠶ ᠶᠢᠨ ᠰᠢᠰᠲ᠋ᠧᠮ ᠤᠨ ᠴᠢᠨᠠᠷᠵᠢᠯ ᠪᠠ ᠲᠣᠭᠲᠠᠪᠤᠷᠢᠲᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠭᠤᠤᠯ ᠡᠪᠡᠰᠦ ᠪᠡᠯᠴᠢᠭᠡᠷ ᠡᠯᠡᠰᠦ ᠮᠠᠩᠬ᠎ᠠ ᠶᠢ ᠰᠢᠰᠲᠧᠮ ᠲᠠᠢ ᠪᠠᠷ ᠵᠠᠰᠠᠬᠤ ᠬᠡᠪ ᠵᠠᠭᠪᠤᠷ ᠢ ᠡᠭᠦᠳᠴᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠳᠤᠬᠡᠨ ᠪᠠᠶᠢᠭᠤᠯᠵᠤ᠂ ᠲᠩᠷᠢ ᠨᠢ ᠨᠡᠩ ᠴᠡᠯᠮᠡᠭ᠂ ᠲᠠᠯ᠎ᠠ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠠᠭᠠᠷ ᠨᠢ ᠨᠡᠩ ᠰᠢᠨ᠎ᠡ ᠰᠣᠷᠭᠤᠭ᠂ ᠣᠷᠴᠢᠨ ᠲᠣᠭᠤᠷᠢᠨ ᠨᠢ ᠨᠡᠩ ᠭᠤᠶᠢᠳᠠ ᠰᠠᠶᠢᠬᠠᠨ ᠪᠣᠯᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠮᠢ ᠠᠬᠤᠢ ᠨᠡᠩ ᠰᠢᠯᠢᠳᠡᠭ ᠪᠣᠬᠢᠷᠲᠤᠯ ᠦᠭᠡᠢ ᠤᠷᠳᠤᠰ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠤᠷᠤᠭᠰᠢᠯᠠᠨ ᠲᠠᠪᠰᠢᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠦᠯᠬᠦ ᠭᠡᠷᠡᠭᠳᠡᠢ᠃        ᠣᠷᠳᠣᠰ ᠪᠣᠯ ᠬᠠᠲᠤᠨ ᠭᠤᠤᠯ ᠤᠨ ᠤᠷᠤᠰᠤᠨ ᠦᠡᠭᠭᠡᠷᠡᠭᠦ ᠤᠷᠳᠤ ᠶᠢᠨ ᠭᠡᠮᠵᠢᠶ᠎ᠠ ᠪᠦᠭᠦ ᠤᠯᠤᠰ ᠲᠤ ᠬᠤᠶᠠᠳᠤᠭᠠᠷ ᠲᠤ ᠪᠠᠶᠢᠭ᠎ᠠ ᠲᠤᠰᠬᠠᠶ ᠣᠷᠣᠨ ᠤ ᠲᠠᠰ ᠤᠨ ᠬᠤᠲᠠ ᠮᠥᠨ᠂ ᠡᠵᠢ ᠭᠤᠤᠯ ᠢ ᠰᠠᠬᠢᠨ ᠬᠠᠮᠠᠭᠠᠯᠠᠵᠤ᠂ ᠵᠣᠯ ᠵᠢᠷᠭᠠᠯᠲᠤ ᠭᠤᠤᠯ ᠢ ᠪᠥᠲᠥᠭᠡᠨ ᠪᠠᠶᠢᠭᠤᠯᠬᠤ ᠳᠤ ᠪᠢᠳᠡ ᠵᠠᠶᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠲᠠᠢ ᠶᠤᠮ᠃ ᠰᠠᠪᠠ ᠭᠠᠵᠠᠷ ᠢ ᠬᠠᠮᠠᠭᠠᠯᠠᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠤᠰᠤ ᠪᠠᠷ ᠲᠦᠷᠪᠡ ᠶᠢ ᠲᠣᠭᠲᠠᠭᠠᠬᠤ︾ ᠱᠠᠭᠠᠷᠳᠠᠯᠭ᠎ᠠ ᠪᠠᠷ ᠵᠢᠷᠤᠮᠯᠠᠯ ᠪᠣᠯᠭᠠᠵᠤ᠂ ︽ᠬᠤᠶᠠᠷ ᠶᠡᠭᠡ ᠡᠯᠡᠰᠦ ᠮᠠᠩᠬ᠎ᠠ︾᠂ ︽ᠠᠷᠪᠠᠨ ᠶᠡᠭᠡ ᠭᠦᠨᠳᠡᠢ︾ ᠶᠢᠨ ᠵᠠᠰᠠᠯᠳᠠ ᠪᠠᠷ ᠭᠤᠤᠯᠳᠠᠯᠭ᠎ᠠ ᠪᠤᠯᠭᠠᠵᠤ᠂ ᠤᠰᠤ ᠡᠯᠡᠰᠦᠨ ᠤ ᠬᠠᠷᠢᠴᠠᠭ᠎ᠠ ᠶᠢ ᠵᠣᠬᠢᠴᠠᠭᠤᠯᠬᠤ ︽ᠵᠠᠩᠭᠢᠯᠠᠭ᠎ᠠ︾ ᠶᠢ ᠴᠢᠩᠭ᠎ᠠ ᠠᠳᠬᠤᠵᠤ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠤᠷ ᠲᠦᠪᠰᠢᠨ ︽ᠲᠦᠷᠪᠡ ᠶᠢ ᠬᠠᠮᠲᠤ ᠪᠠᠷ ᠵᠠᠰᠠᠬᠤ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔      ᠡᠯᠡᠰᠦ ᠶᠢ ᠵᠠᠰᠠᠬᠤ᠂ ᠡᠯᠡᠰᠦ ᠶᠢ ᠬᠠᠰᠢᠬᠤ᠂ ᠡᠯᠡᠰᠦ ᠶᠢ ᠲᠤᠬᠳᠠᠪᠤᠷᠢᠵᠢᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ︽ᠠᠷᠪᠠᠨ ᠶᠡᠭᠡ ᠭᠦᠨᠳᠡᠢ︾ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠬᠠᠳᠤᠨ ᠭᠤᠣᠯ ᠤᠨ ᠪᠦᠳᠦᠭᠦᠯᠢᠭ ᠡᠯᠡᠰᠦ ᠰᠢᠪᠠᠷ ᠲᠥᠪᠯᠡᠷᠡᠭᠰᠡᠨ ᠣᠷᠣᠨ ᠤ ᠡᠯᠡᠰᠦ ᠶᠢ ᠬᠤᠷᠢᠭᠯᠠᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠬᠥᠪᠴᠢ ᠶᠢᠨ ᠡᠯᠡᠰᠦᠨ ᠤ ᠠᠮᠢ ᠠᠬᠤᠢ ᠶᠢᠨ ᠵᠠᠰᠠᠯᠲᠠ ᠶᠢ ᠴᠢᠩᠭᠠᠳᠬᠠᠬᠤ ᠭᠡᠷᠡᠭᠳᠡᠢ︔ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠬᠤ᠂ ᠥᠨᠳᠥᠷ ᠠᠰᠢᠭᠯᠠᠮᠵᠢ ᠲᠠᠢ ᠪᠣᠯᠭᠠᠬᠤ᠂ ᠵᠢᠷᠤᠮᠵᠢᠭᠤᠯᠬᠤ ᠶᠢ ᠠᠬᠢᠭᠤᠯᠵᠤ᠂ ᠤᠰᠤᠨ ᠤ ᠬᠤᠷᠣᠭᠳᠠᠯ ᠶᠡᠭᠡ ᠲᠦᠷᠦᠯ ᠵᠦᠢᠯ ᠢ ᠴᠢᠩᠭ᠎ᠠ ᠬᠢᠵᠠᠭᠠᠷᠯᠠᠬᠤ ᠬᠡᠷᠡᠭᠲᠡᠶ︔ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷ᠎ᠠ ᠪᠠᠷ ᠦᠵᠡᠭᠳᠡᠯ ᠢ ᠵᠠᠰᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠳᠤᠨ ᠭᠤᠣᠯ ᠤᠨ ᠭᠤᠣᠯ ᠤᠷᠤᠰᠬᠠᠯ ᠵᠢᠴᠢ ᠭᠤᠣᠯ ᠪᠤᠯᠬᠤ ᠰᠠᠯᠪᠤᠷᠢ ᠤᠷᠤᠰᠬᠠᠯ ᠤᠨ ᠪᠣᠬᠢᠷᠲᠤᠯ ᠢ ᠭᠠᠳᠠᠭᠰᠢᠯᠠᠭᠤᠯᠬᠤ ᠠᠮᠠᠰᠠᠷ ᠢ ᠪᠠᠶᠢᠴᠠᠭᠠᠨ ᠴᠡᠭᠴᠡᠯᠡᠬᠦ ᠶᠢ ᠪᠡᠶᠡᠯᠡᠭᠦᠯᠵᠦ᠂ ᠬᠠᠳᠤᠨ ᠭᠤᠣᠯ ᠤᠨ ᠭᠤᠣᠯ ᠤᠨ ᠵᠠᠮ ᠤᠨ ︽ᠬᠤᠶᠠᠷ ᠱᠤᠭᠤᠮ ᠭᠤᠷᠪᠠᠨ ᠣᠷᠣᠨ︾ ᠤ ᠱᠠᠭᠠᠷᠳᠠᠯᠭ᠎ᠠ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠠᠭᠢᠭᠤᠯᠬᠤ ᠭᠡᠷᠡᠭᠳᠡᠢ᠃ ᠤᠯᠠᠨ ᠠᠷᠭ᠎ᠠ ᠶᠢ ᠵᠡᠷᠭᠡ ᠪᠠᠷ ᠬᠡᠷᠡᠭᠯᠡᠵᠦ᠂ ᠬᠠᠳᠤᠨ ᠭᠤᠣᠯ ᠤᠨ ᠤᠷᠳᠤ ᠬᠤᠭᠤᠴᠠᠭᠠᠨ ᠤ ᠠᠮᠤᠷ ᠲᠦᠪᠰᠢᠨ ᠢ ᠪᠠᠲᠤᠯᠠᠵᠤ᠂ ᠨᠠᠭᠤᠷ ᠭᠤᠤᠯ ᠤᠨ ᠠᠮᠢ ᠠᠬᠤᠢ ᠶᠢᠨ ᠡᠷᠡᠭᠦᠯ ᠮᠡᠨᠳᠤ ᠶᠢ ᠰᠠᠬᠢᠨ ᠬᠠᠮᠠᠭᠠᠯᠠᠬᠤ ᠭᠡᠷᠡᠭᠳᠡᠢ᠃         ᠰᠢᠯᠢᠳᠡᠭ ᠰᠠᠶᠢᠨ ᠠᠮᠢ ᠠᠬᠤᠢ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠬᠡᠰᠢᠭ ᠮᠥᠨ᠃ ᠬᠠᠮᠠᠭᠠᠯᠠᠬᠤ ᠶᠢ ᠲᠡᠷᠢᠭᠦᠨ ᠳᠤ ᠲᠠᠯᠪᠢᠨ᠂ ᠡᠭᠡ ᠪᠠᠶᠢᠭᠠᠯᠢ ᠶᠢᠨ ᠰᠡᠷᠭᠦᠭᠡᠯᠲᠡ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠠᠭᠤᠷ ᠭᠤᠤᠯ ᠴᠥᠭᠦᠷᠥᠮ ᠤᠨ ᠳᠠᠷᠤᠭ᠎ᠠ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢ ᠨᠠᠰᠤᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢᠶᠠᠷ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠭᠤᠤᠯ ᠡᠪᠡᠰᠦ ᠪᠡᠯᠴᠢᠭᠡᠷ ᠡᠯᠡᠰᠤ ᠮᠠᠩᠬᠠᠨ ᠤ ᠰᠢᠰᠲ᠋ᠧᠮ ᠤᠨ ᠵᠠᠰᠠᠯᠲᠠ ᠶᠢ ᠠᠬᠢᠭᠤᠯᠵᠤ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠬᠢᠯ ᠢ ᠪᠠᠶᠢᠭᠤᠯᠬᠤ ᠬᠡᠷᠡᠭᠲᠡᠢ︔ ᠪᠥᠬᠦ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠶᠢᠨ ᠬᠠᠮᠲᠤ ᠴᠢᠩᠭ᠎ᠠ ᠬᠠᠮᠠᠭᠠᠯᠠᠬᠤ ᠭᠡᠷᠡᠭᠳᠡᠢ︔ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ ᠦᠷ᠎ᠡ ᠠᠰᠢᠭ ᠢ ᠲᠡᠭᠡᠭᠰᠢᠯᠡᠭᠦᠯᠭᠦ ᠶᠢ ᠳᠣᠪᠤᠶᠢᠯᠭᠠᠨ᠂ ᠶᠡᠭᠡ ᠬᠡᠪᠴᠢᠶᠡᠨ ᠤ ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠠᠬᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠠᠲᠠᠷ ᠬᠠᠭᠠᠯᠪᠤᠷᠢᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠪᠡᠯᠴᠢᠭᠡᠷᠯᠡᠭᠦᠯᠭᠦ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠬᠥᠪᠴᠢ ᠶᠢᠨ ᠡᠯᠡᠰᠦ ᠮᠠᠩᠬ᠎ᠠ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠬᠡᠪ ᠵᠠᠭᠪᠤᠷ ᠢ ᠳᠡᠯᠭᠡᠷᠡᠭᠦᠯᠭᠦ ᠭᠡᠷᠡᠭᠳᠡᠢ︔ ᠪᠣᠬᠢᠷᠲᠤᠯ ᠥᠬᠡᠶ ᠠᠭᠤᠷᠬᠠᠶ ᠶᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠪᠦᠭᠦ ᠨᠡᠭᠦᠷᠡᠰᠦᠨ ᠠᠭᠤᠷᠬᠠᠶ ᠪᠠ ᠨᠡᠭᠦᠷᠡᠰᠦᠨ ᠤ ᠪᠤᠰᠤ ᠠᠭᠤᠷᠬᠠᠶ ᠶᠢ ᠴᠥᠮ ᠪᠣᠬᠢᠷᠲᠤᠯ ᠥᠬᠡᠶ ᠠᠭᠤᠷᠬᠠᠶ ᠪᠣᠯᠭᠠᠨ ᠪᠥᠲᠥᠭᠡᠨ ᠪᠠᠶᠢᠭᠤᠯᠬᠤ ᠭᠡᠷᠡᠭᠳᠡᠢ︔ ᠠᠮᠢ ᠠᠬᠤᠶ ᠣᠷᠴᠢᠨ ᠲᠣᠭᠤᠷᠢᠨ ᠤ ᠦᠨᠳᠦᠰᠦᠨ ᠡᠯᠧᠮᠧᠨ᠋ᠲ ᠪᠠᠷ ᠬᠡᠷᠡᠭᠵᠢᠭᠦᠯᠬᠦ ᠵᠦᠢᠯ ᠪᠣᠯᠭᠠᠵᠤ ᠲᠥᠷᠥᠯ ᠬᠤᠪᠢᠶᠠᠨ ᠨᠥᠬᠦᠪᠥᠷᠢᠯᠡᠬᠦ ᠲᠦᠷᠢᠮ ᠢ ᠪᠠᠶᠢᠭᠤᠯᠵᠤ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠬᠦᠯᠦᠨ᠂ ᠪᠣᠬᠢᠷᠲᠤᠯ ᠥᠬᠡᠶ ᠪᠠᠶᠢᠬᠤ ᠶᠢ ᠦᠶ᠎ᠡ ᠶᠢᠨ ᠦᠶ᠎ᠡ ᠳᠤ ᠤᠯᠠᠮᠵᠢᠯᠠᠬᠤ ︽ᠡᠳ᠋ ᠪᠠᠶᠠᠯᠢᠭ︾ ᠪᠣᠯᠭᠠᠬᠤ ᠭᠡᠷᠡᠭᠳᠡᠢ᠃        ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠳᠤ ᠤᠷᠳᠤ ᠬᠤᠭᠤᠴᠠᠭᠠᠨ ᠤ ᠴᠢᠷᠮᠠᠶᠢᠯᠭ᠎ᠠ ᠪᠠᠶᠢᠬᠤ ᠬᠡᠷᠡᠭᠲᠡᠢ᠃ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠲᠤᠪᠤᠶᠢᠯᠭᠠᠵᠦ᠂ ᠨᠡᠩ ᠦᠨᠳᠦᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠴᠡᠩᠭᠡᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠬᠦᠷᠢᠶ᠎ᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠪᠣᠬᠢᠷᠲᠤᠯ ᠶᠡᠭᠡ ᠲᠠᠢ ᠪᠣᠳᠠᠰ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠬᠦ ᠬᠤᠯᠪᠣᠭᠠᠯᠠᠨ ᠡᠵᠡᠮᠳᠡᠬᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠦᠷᠭᠦᠯᠵᠢᠯᠡᠨ ᠪᠠᠭᠠᠰᠬᠠᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠪᠠᠷ ᠲᠣᠬᠢᠶᠠᠯ ᠪᠣᠯᠭᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠶ᠋ᠳᠪᠦᠷᠢᠯᠡᠬᠦ ᠪᠠ ᠠᠰᠢᠭᠯᠠᠬᠤ ᠶᠢ ᠪᠡᠶᠡᠯᠡᠭᠦᠯᠭᠦ ᠭᠡᠷᠡᠭᠳᠡᠢ᠃ ᠪᠥᠬᠦ ᠣᠷᠣᠨ ᠪᠦᠰᠡ ᠶᠢᠨ᠂ ᠪᠥᠬᠦ ᠴᠠᠭ ᠬᠤᠭᠤᠴᠠᠭᠠᠨ ᠤ᠂ ᠪᠥᠬᠦ ᠶᠠᠪᠤᠴᠠ ᠶᠢᠨ ᠣᠶᠤᠨᠴᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠲᠤᠬᠳᠠᠯᠴᠠᠭ᠎ᠠ ᠶᠢ ᠪᠠᠶᠢᠭᠤᠯᠵᠤ᠂ ᠦᠵᠡᠮᠵᠢᠳᠤ ᠰᠠᠶᠢᠬᠠᠨ ᠦᠡᠭᠭᠡ ᠦᠵᠡᠮᠵᠢ ᠶᠢ ᠣᠷᠳᠣᠰ ᠲᠤ ᠥᠨᠢᠳᠡ ᠦᠯᠡᠳᠡᠭᠡᠭᠦ ᠭᠡᠷᠡᠭᠳᠡᠢ᠃       ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ᠃ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠤᠷᠢᠳ ᠢᠶᠠᠷ ᠬᠡᠷᠡᠭᠵᠢᠭᠦᠯᠬᠦ ᠣᠷᠣᠨ ᠢ ᠪᠦᠳᠦᠭᠡᠨ ᠪᠠᠶᠢᠭᠤᠯᠬᠤ ᠳᠤ ᠬᠥᠭᠵᠢᠯᠳᠡ ᠶᠢᠨ ᠲᠡᠷᠢᠭᠦᠨ ᠴᠢᠬᠤᠯᠠ ᠡᠭᠦᠷᠭᠡ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ ᠪᠠᠰᠠ ᠠᠮᠢ ᠠᠬᠤᠶ ᠭᠡᠬᠦ ᠡᠨᠡ ᠬᠦ ᠰᠠᠭᠤᠷᠢ ᠶᠢ ᠵᠤᠵᠠᠭᠠᠳᠬᠠᠬᠤ ᠬᠡᠷᠡᠭᠲᠡᠶ᠃ ᠪᠢᠳᠡ ᠭᠠᠭᠴᠠ ᠬᠦ ᠰᠢᠨᠲᠠᠷᠠᠰᠢ ᠥᠬᠡᠶ ᠪᠠᠷᠢᠮᠲᠠᠯᠠᠵᠤ᠂ ᠯᠠᠪᠳᠠᠭᠤᠨ ᠪᠠᠳᠤᠳᠠᠢ ᠠᠵᠢᠯᠯᠠᠪᠠᠯ ᠰᠠᠶ᠋ᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠠᠬᠤᠶ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠣᠳᠣᠬᠢᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠴᠢᠷᠮᠠᠶᠢᠨ ᠪᠤᠢ ᠪᠤᠯᠭᠠᠬᠤ ᠳᠤ ᠬᠠᠮᠤᠭ ᠤᠨ ᠭᠤᠶᠣ ︽ᠳᠡᠪᠢᠰᠬᠡᠷ ᠥᠩᠭᠡ︾ ᠶᠢ ᠵᠢᠷᠤᠭᠯᠠᠵᠤ ᠴᠢᠳᠠᠨ᠎ᠠ᠃        
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ