ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 2021 ᠣᠨ ᠤ 15 ᠳ᠋ᠤᠭᠠᠷ ᠤᠳᠠᠭᠠᠨ ᠤ ᠳᠤᠬᠢᠷᠠᠭᠤᠯᠤᠯᠳᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/22
    10 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠭᠴᠢ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠳ᠋ᠦ᠋ ᠬᠤᠢ ᠯᠢᠶᠠᠩ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 15 ᠳ᠋ᠤᠭᠠᠷ ᠤᠳᠠᠭᠠᠨ ᠤ ᠳᠤᠬᠢᠷᠠᠭᠤᠯᠤᠯᠳᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠠᠶᠢᠳᠠᠯ ᠢ ᠵᠠᠳᠠᠯᠤᠨ ᠰᠤᠳᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠬᠤᠳᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠦᠩ ᡁᠢ ᠬᠤᠷᠠᠯ ᠳᠤ ᠣᠷᠣᠯᠴᠠᠵᠠᠢ᠃       ᠳ᠋ᠦ᠋ ᠬᠤᠢ ᠯᠢᠶᠠᠩ ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠰᠡᠷᠭᠡᠭ ᠲᠠᠨᠢᠯᠲᠠ ᠲᠠᠢ ᠪᠠᠶᠢᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠢ ᠬᠡᠵᠤ ᠵᠢᠭᠠᠵᠤ ᠭᠠᠷᠭᠠᠪᠠ᠃      ᠳ᠋ᠦ᠋ ᠬᠤᠢ ᠯᠢᠶᠠᠩ ᠣᠳᠣᠬᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠡᠯ᠎ᠡ ᠲᠦᠷᠦᠯ ᠤᠨ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ ᠤᠨ ᠪᠠᠶᠢᠳᠠᠯ ᠢ ᠤᠶᠢᠯᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠭᠦ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠤᠨ᠂ ᠲᠥᠪᠯᠡᠷᠡᠭᠦᠯᠦᠨ ᠲᠤᠰᠠᠭᠠᠷᠯᠠᠬᠤ ᠠᠷᠭ᠎ᠠ  ᠬᠡᠮᠵᠢᠶ᠎ᠡ ᠶᠢ ᠴᠢᠩᠭᠠᠳᠬᠠᠵᠤ᠂ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠡᠮᠴᠢᠯᠡᠬᠦ ᠲᠦᠷᠢᠮ ᠢ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠠᠷᠢᠭᠤᠳᠬᠠᠯ ᠤᠨ ᠠᠵᠢᠯ ᠢ ᠵᠢᠷᠤᠮᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠬᠦᠯᠭᠦ ᠬᠡᠷᠡᠭᠲᠠᠢ ᠃ ᠡᠯ᠎ᠡ ᠲᠦᠷᠦᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠠᠢ ᠬᠡᠵᠤ ᠴᠢᠬᠤᠯᠠᠴᠢᠯᠠᠵᠠᠢ᠃     ᠳ᠋ᠦ᠋ ᠬᠤᠢ ᠯᠢᠶᠠᠩ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠨᠡᠨ ᠬᠦ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠰᠡᠷᠭᠡᠶᠢᠯᠡᠨ ᠡᠵᠡᠮᠳᠡᠬᠦ ᠵᠢᠯᠣᠭᠤᠳᠬᠤ ᠲᠤᠬᠳᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠤᠨ᠂ ︽ᠲᠦᠷᠪᠡᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠷᠤᠳᠠᠯ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ ᠂ ᠠᠵᠢᠯ ᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠪᠤᠳᠠᠳᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠳᠤᠬᠢᠷᠠᠭᠤᠯᠵᠠᠢ᠃         
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ