ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠪᠠ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠤᠬᠠᠢ ᠶᠢᠨ ᠭᠠᠵᠠᠷ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2021/10/22
     10 ᠰᠠᠷ᠎ᠠ ᠶᠢᠨ 19 ᠤ ᠡᠳᠦᠷ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠪᠠ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠤᠬᠠᠢ ᠶᠢᠨ ᠭᠠᠵᠠᠷ ᠤᠨ ᠬᠤᠷᠠᠯ ᠮᠠᠨ ᠤ ᠬᠤᠳᠠ ᠳᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠹᠧᠩ ᠷᠧᠨ ᠹᠸᠢ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠤᠭᠤᠷᠢᠨ ᠤ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠦ᠋ ᠼᠦᠢ ᠹᠠᠩ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠵᠢᠴᠢ ᠬᠡᠰᠡᠭ ᠠᠶᠢᠮᠠᠭ ᠬᠤᠲᠠ ᠪᠠ ᠬᠤᠰᠢᠭᠤ ᠲᠣᠭᠤᠷᠢᠭ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃       ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠪᠠ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠶ᠋ᠳᠪᠦᠷᠢᠯᠡᠬᠦ ᠲᠤᠰᠬᠠᠶ ᠰᠡᠳᠦᠪᠲᠦ ᠹᠢᠯᠢᠮ︾ ᠢ ᠦᠵᠡᠵᠦ᠂ ᠡᠵᠡᠨ ᠬᠤᠷᠤᠭ᠎ᠠ ᠬᠤᠰᠢᠭᠤ᠂ ᠦᠶᠤᠸᠠᠨ ᠰᠢᠶᠠᠨ᠂ ᠯᠢᠶᠠᠩᠴᠧᠩ ᠰᠢᠶᠠᠨ᠂ ᠬᠠᠷᠠᠴᠢᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃       ᠹᠧᠩ ᠷᠧᠨ ᠹᠸᠢ ᠤᠯᠤᠰ ᠲᠥᠷᠥ ᠶᠢᠨ ᠵᠣᠭᠰᠣᠴᠠ ᠪᠠᠨ ᠪᠳᠤᠳᠬᠠᠵᠦ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠨᠠᠩ ᠦᠨᠳᠦᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠡᠨᠡ ᠬᠦ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃       ᠬᠠᠷᠠᠯᠲᠠ ᠡᠭᠦᠷᠭᠡ ᠶᠢᠨ ᠲᠣᠭᠤᠷᠢᠨ ᠳᠤ᠂ ᠵᠠᠰᠠᠯᠲᠠ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠶ ᠠᠬᠢᠭᠤᠯᠵᠦ᠂ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠬᠦᠴᠦᠯᠡᠨ‌‍ᠰᠠᠶᠢᠲᠤᠷ ᠬᠢᠵᠦ ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠪᠠᠯᠠ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠦᠨ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠢ ᠳᠠᠶᠢᠴᠢᠯᠠᠬᠤ ᠳᠤ ᠲᠦᠰᠢᠭᠯᠡᠨ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠶᠡᠭᠡ ᠪᠠᠷ ᠳᠡᠯᠭᠡᠷᠡᠭᠦᠯᠵᠦ᠂ ᠲᠥᠪ ᠤᠨ ᠲᠣᠭᠤᠷᠢᠨ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠬᠤᠭ ᠨᠣᠪᠰᠢ ᠶᠢ ᠵᠠᠰᠠᠬᠤ ᠦᠷ᠎ᠡ ᠪᠦᠲᠦᠮᠵᠢ ᠶᠢᠨ ᠣᠷᠳᠣ ᠬᠤᠭᠤᠴᠠᠭ᠎ᠠ ᠪᠠᠷ ᠦᠷᠭᠦᠯᠵᠢᠯᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠶᠠᠩ ᠵᠢᠶᠧ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠬᠠᠪᠤᠷᠢᠯᠠᠬᠤ ᠴᠢᠳᠠᠪᠤᠷᠢ᠂ ᠬᠦᠢᠴᠡᠳᠭᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠮᠠᠨ ᠤ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠰᠠᠨ ᠠᠵᠢᠯ ᠢ ᠬᠢᠨᠠᠮᠠᠭᠠᠶ ᠳ᠋ᠦᠩᠨᠡᠵᠦ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠳᠤ ᠣᠷᠣᠰᠢᠵᠤ ᠪᠠᠶᠢᠭ᠎ᠠ ᠳᠤᠲᠠᠭᠤᠳᠠᠯ ᠤᠨ ᠠᠰᠠᠭᠤᠳᠠᠯ ᠢ ᠭᠦᠨᠵᠡᠭᠡᠶ ᠵᠠᠳᠠᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠠᠰᠠᠬᠤ ᠶᠢ ᠴᠢᠩᠭᠠᠳᠬᠠᠨ᠂ ᠪᠥᠲᠥᠭᠡᠨ ᠪᠠᠶᠢᠭᠤᠯᠬᠤ ᠪᠠ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠵᠢᠯᠴᠠᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢ᠊ ᠡᠶ᠎ᠡ᠂ ᠨᠡᠩ ᠴᠢᠩᠭ᠎ᠠ ᠬᠡᠪ ᠰᠤᠷᠲᠠᠯ ᠢᠶᠠᠷ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠤᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠬᠥᠮᠦᠨ ᠠᠷᠠᠳ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠰᠦ᠋ ᠼᠦᠢ ᠹᠠᠩ ᠶᠠᠷᠢᠶᠠᠨ ᠳᠠᠭᠠᠨ᠂ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠶ ᠰᠢᠷᠢᠰ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠭᠤᠷᠠᠶ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠡᠯᠢᠶᠡᠳ ᠶᠡᠭᠡ ᠳᠡᠭᠡᠭᠰᠢᠯᠡᠯᠲᠡ ᠲᠠᠢ ᠪᠣᠯᠭᠠᠬᠤ ᠶᠢ ᠠᠬᠢᠭᠤᠯᠵᠠᠢ᠃ ᠪᠢᠳᠡ ᠡᠭᠦᠨ ᠢᠶᠠᠷ ᠠᠵᠠ ᠲᠣᠬᠢᠶᠠᠯ ᠪᠣᠯᠭᠠᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠭᠠᠵᠠᠷ ᠣᠷᠣᠨ ᠪᠣᠯᠤᠨ ᠡᠯ᠎ᠡ ᠠᠬ᠎ᠠ ᠳᠡᠭᠦᠤ ᠠᠶᠢᠮᠠᠭ ᠬᠤᠲᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠠᠪᠴᠠᠯ ᠢᠶᠠᠷ ᠲᠣᠯᠢ ᠪᠣᠯᠭᠠᠵᠤ᠂ ᠵᠥᠷᠢᠶ᠎ᠡ ᠪᠠᠨ ᠡᠷᠢᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠠᠷᠭ᠎ᠠ ᠬᠡᠮᠵᠢᠶ᠎ᠡ ᠠᠪᠴᠤ᠂ ᠦᠷ᠎ᠡ ᠪᠦᠲᠦᠮᠵᠢ ᠪᠠᠨ ᠪᠠᠲᠤᠳᠬᠠᠨ᠂ ᠮᠠᠯᠵᠢᠬᠤ ᠲᠠᠷᠢᠶᠠᠯᠠᠬᠤ ᠣᠷᠣᠨ ᠪᠣᠯᠤᠨ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠬᠢᠷᠢ ᠳᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠦᠪᠦᠷ ᠮᠤᠩᠭᠤᠯ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠣᠷᠳᠣᠰ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃     ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠡᠵᠡᠨ ᠬᠤᠷᠤᠭ᠎ᠠ ᠬᠤᠰᠢᠭᠤᠨ ᠤ ᠲᠤᠮᠤ ᠳ᠋ᠠᠶᠢᠲ᠋ᠠ ᠶᠢᠨ ᠲᠥᠪ᠂ ᠰᠤᠪᠦᠷᠭ᠎ᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠦᠢᠯᠡᠳᠪᠦᠷᠢ᠂ ᠡᠵᠡᠨ ᠬᠤᠷᠤᠭ᠎ᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠦᠢᠯᠡᠳᠪᠦᠷᠢ᠂ ᠡᠵᠡᠨ ᠬᠤᠷᠤᠭ᠎ᠠ ᠪᠠᠯᠭᠠᠰᠤᠨ ᠤ ᠪᠤᠯᠠᠭ ᠭᠠᠴᠠᠭᠠᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃       
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ