ᠬᠤᠳᠠ ᠶᠢᠨ ᠨᠠᠮ ᠤᠨ ᠬᠤᠷᠢᠶᠡᠨ ᠤ ᠦᠨᠳᠦᠰᠦᠳᠡᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/22
                     ᠯᠢ ᠯᠢ ᠶᠠᠷᠢᠶ᠎ᠡ ᠳᠠᠯᠪᠢᠪᠠ ᠳ᠋ᠦ᠋ ᠬᠤᠢ ᠯᠢᠶᠠᠩ ᠬᠤᠷᠡᠯ ᠢ ᠡᠷᠬᠢᠯᠡᠵᠤ ᠵᠠᠩ ᠵᠠᠨ ᠯᠢᠨ ᠭᠤᠤ ᠵᠠᠨ ᠱᠸᠡᠭ ᠬᠤᠷᠡᠯ ᠳᠤ ᠤᠷᠤᠯᠴᠠᠪᠠ      ᠤᠢᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠡᠨ ᠤ ᠦᠨᠳᠦᠰᠦᠳᠡᠨ ᠤ ᠠᠵᠢᠯ ᠤᠨ ᠬᠤᠷᠠᠯ ᠬᠢᠶ᠎ᠠ ᠪᠠᠭᠰᠢ ᠳᠤᠭᠤᠷᠢᠬ ᠲᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠤᠷᠡᠯ ᠳᠤ ᠤᠷᠤᠯᠴᠠᠬᠰᠠᠨ ᠤ ᠬᠠᠮᠳᠤ ᠶᠠᠷᠢᠶ᠎ᠡ ᠳᠠᠯᠪᠢᠪᠠ᠃ ᠬᠤᠳᠠ ᠶᠢᠨ ᠨᠠᠮ ᠤᠨ ᠬᠤᠷᠢᠶᠡᠨ ᠤ ᠳᠡᠳ᠋ ᠱᠦᠵᠢ᠂ ᠬᠤᠳᠠ ᠶᠢᠨ ᠤᠷᠤᠯᠠᠬᠴᠢ ᠳᠠᠷᠤᠭ᠎ᠠ ᠳ᠋ᠦ᠋ ᠬᠤᠢ ᠯᠢᠶᠠᠩ ᠬᠤᠷᠡᠯ ᠢ ᠡᠷᠬᠢᠯᠡᠪᠠ᠃ ᠬᠤᠳᠠ ᠶᠢᠨ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠡᠷᠬᠢᠯᠡᠭᠴᠢ ᠵᠠᠩ ᠵᠠᠨ ᠯᠢᠨ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠭᠤᠤ ᠵᠠᠨ ᠱᠸᠡᠭ ᠵᠡᠷᠬᠡ ᠬᠤᠳᠠ ᠶᠢᠨ ᠳᠦᠷᠪᠡᠨ ᠶᠡᠭᠡ ᠤᠳᠤᠷᠢᠳᠬᠤ ᠪᠠᠬ ᠤᠨ ᠤᠳᠤᠷᠢᠳᠤᠯᠭ᠎ᠠ ᠨᠡᠷ ᠬᠤᠷᠡᠯ ᠳᠤ ᠤᠷᠤᠯᠴᠠᠪᠠ᠃ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠪᠦᠷᠢᠨᠴᠢᠮᠡᠭ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠨᠳᠦᠰᠦᠳᠡᠨ ᠤ ᠠᠵᠢᠯ ᠤᠨ ᠬᠤᠷᠡᠯ ᠤᠨ ᠵᠤᠷᠢᠬ ᠰᠠᠨᠠᠭ᠎ᠠ ᠶᠢ ᠤᠯᠠᠮᠵᠢᠯᠠᠪᠠ᠃       ᠯᠢ ᠯᠢ ᠶᠡᠷᠦᠩᠬᠡᠢ ᠱᠦᠵᠢ ᠰᠢ ᠶᠢᠨ ᠫᠢᠡᠭ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤᠬᠠᠢ ᠴᠢᠬᠤᠯᠠ ᠦᠵᠡᠯ ᠰᠠᠨᠠᠭ᠎ᠠ ᠨᠢ ᠪᠢᠳᠠᠨ ᠤ ᠰᠢᠨ᠎ᠡ ᠴᠠᠬ ᠦᠶ᠎ᠡ ᠶᠢᠨ ᠪᠦᠬᠦ ᠬᠤᠳᠠ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠬᠦ ᠳᠤ ᠴᠢᠭᠯᠡᠯ ᠢ ᠳᠤᠳᠤᠷᠬᠠᠢ ᠵᠢᠭᠠᠵᠤ᠂ ᠵᠢᠷᠤᠮᠯᠠᠯ ᠬᠠᠨᠭ᠍ᠭᠠᠬᠰᠠᠨ ᠪᠠᠶᠢᠨ᠎ᠠ᠃ ᠪᠦᠬᠦ ᠬᠤᠳᠠ ᠶᠢᠨ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠡᠭ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠳᠦᠨ᠂ ᠵᠦᠪ ᠤᠨᠤᠪᠴᠢᠳᠡᠢ᠂ ᠪᠦᠬᠦ ᠳᠠᠯ᠎ᠠ ᠪᠠᠷ ᠳᠤᠭᠤᠰᠢᠯᠠᠭᠤᠯᠵᠤ᠂ ᠳᠦᠪ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠨᠳᠦᠰᠦᠳᠡᠨ ᠤ ᠠᠵᠢᠯ ᠤᠨ ᠬᠤᠷᠡᠯ ᠤᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠳᠦᠪ ᠬᠤᠷᠢᠶ᠎ᠡ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠬᠤᠯᠪᠤᠬᠳᠠᠯ ᠪᠦᠬᠦᠢ ᠰᠢᠢᠳᠪᠦᠷᠢᠳᠤ ᠪᠤᠳᠤᠯᠭ᠎ᠠ ᠳᠡᠬᠡᠷ᠎ᠡ ᠦᠨᠡᠨ ᠬᠦ ᠨᠢᠬᠡᠳᠬᠡᠵᠤ᠂ ᠪᠦᠬᠦ ᠬᠤᠳᠠ ᠶᠢᠨ ᠦᠨᠳᠦᠰᠦᠳᠡᠨ ᠤ ᠠᠵᠢᠯ ᠢ ᠢᠮᠠᠬᠳᠠ ᠶᠡᠷᠦᠩᠬᠡᠢ ᠱᠦᠵᠢ ᠰᠢ ᠶᠢᠨ ᠫᠢᠡᠭ ᠤᠨ ᠵᠢᠭᠠᠬᠰᠠᠨ ᠴᠢᠭᠯᠡᠯ ᠢᠶᠠᠷ ᠤᠷᠤᠬᠰᠢᠯᠠᠭᠤᠯᠬᠤ ᠶᠢ ᠪᠠᠳᠤᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠯᠢ ᠯᠢ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠶᠢ ᠪᠠᠷᠢᠮᠳᠠᠯᠠᠬᠤ ᠪᠠᠷ ᠭᠤᠤᠯ ᠰᠢᠵᠢᠮ ᠪᠤᠯᠭᠠᠵᠤ᠂ ︽ᠳᠦᠷᠪᠡᠨ ᠬᠠᠷᠢᠴᠠᠭ᠎ᠠ︾ ᠶᠢ ᠡᠷᠡᠰ ᠭᠤᠶᠢᠪᠢᠰᠢ ᠦᠬᠡᠢ ᠰᠠᠶᠢᠳᠤᠷ ᠰᠢᠢᠳᠪᠦᠷᠢᠯᠡᠨ᠂ ᠬᠠᠮᠳᠤ ᠶᠢᠨ ᠦᠵᠡᠯ ᠰᠠᠨᠠᠭᠠᠨ ᠤ ᠬᠡᠷ ᠤᠷᠤᠨ ᠢ ᠡᠷᠡᠰ ᠭᠤᠶᠢᠪᠢᠰᠢ ᠦᠬᠡᠢ ᠴᠤᠬᠴᠠᠯᠠᠵᠤ᠂ ᠦᠨᠳᠦᠰᠦᠳᠡᠨ ᠤ ᠬᠠᠷᠢᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠡᠷᠡᠰ ᠭᠤᠶᠢᠪᠢᠰᠢ ᠦᠬᠡᠢ ᠠᠬᠢᠭᠤᠯᠤᠨ᠂ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢ ᠡᠬᠦᠳᠦᠨ ᠪᠠᠶᠢᠭᠤᠯᠬᠤ ᠶᠢ ᠡᠷᠡᠰ ᠭᠤᠶᠢᠪᠢᠰᠢ ᠦᠬᠡᠢ ᠰᠠᠶᠢᠳᠤᠷ ᠠᠳᠬᠤᠵᠤ᠂ ᠦᠨᠳᠦᠰᠦᠳᠡᠨ ᠨᠦᠭᠦᠳ ᠤᠨ ᠠᠨᠠᠷ ᠤᠨ ᠦᠷ᠎ᠡ ᠰᠢᠭ ᠨᠢᠬᠳᠠᠷᠡᠨ᠂ ᠬᠠᠮᠳᠤ ᠪᠠᠷ ᠪᠦᠯᠬᠦᠮᠳᠡᠨ ᠳᠡᠮᠡᠴᠡᠵᠤ ᠬᠠᠮᠳᠤ ᠪᠠᠷ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠳᠡᠢ᠃ ᠬᠦᠭᠵᠢᠯᠳᠡ ᠶᠢᠨ ᠳᠡᠷᠢᠬᠦᠨ ᠴᠢᠬᠤᠯᠠ ᠡᠬᠦᠷᠬᠡ ᠶᠢ ᠪᠠᠷᠢᠮᠳᠡᠯᠡᠵᠤ᠂ ᠬᠦᠭᠵᠢᠯᠳᠡ ᠶᠢᠨ ᠳᠤᠯᠭᠠᠭᠤᠷᠢᠯᠡᠯ ᠢ ᠪᠠᠬᠢᠵᠢᠬᠦᠯᠦᠨ᠂ ᠬᠤᠳᠠ ᠬᠦᠳᠡᠭᠡ ᠶᠢᠨ ᠬᠦᠭᠵᠢᠯᠳᠡ ᠶᠢᠨ ᠳᠤᠳᠠᠭᠤᠳᠠᠯ ᠢ ᠨᠦᠬᠦᠪᠦᠷᠢᠯᠡᠵᠤ᠂ ᠤᠯᠡᠨ ᠨᠡᠶᠢᠳᠡ ᠶᠢᠨ ᠦᠢᠯᠡᠴᠢᠯᠡᠭᠡ ᠶᠢ ᠳᠡᠩᠴᠡᠬᠦᠷᠢᠰᠢᠭᠦᠯᠭᠦ ᠶᠢ ᠠᠬᠢᠭᠤᠯᠤᠨ᠂ ᠦᠨᠳᠦᠰᠦᠳᠡᠨ ᠨᠦᠭᠦᠳ ᠤᠨ ᠨᠡᠶᠢᠬᠡᠮ ᠵᠢᠷᠤᠮᠳᠤ ᠤᠳᠤᠬᠢᠴᠢᠯᠠᠯᠳᠠ ᠶᠢ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠦᠨᠳᠦᠰᠦᠳᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ᠂ ᠦᠨᠳᠦᠰᠦᠳᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠴᠢᠳᠠᠪᠤᠷᠢ ᠪᠠᠨ ᠳᠠᠰᠤᠷᠡᠯᠳᠡ ᠦᠬᠡᠢ ᠳᠡᠭᠡᠭᠰᠢᠯᠡᠬᠦᠯᠦᠨ᠂ ᠦᠨᠳᠦᠰᠦᠳᠡᠨ ᠤ ᠡᠯᠧᠮᠧᠨ᠋ᠲ ᠲᠤ ᠬᠤᠯᠪᠤᠬᠳᠠᠬᠰᠠᠨ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠳᠤᠬᠢᠳᠡᠢ ᠰᠢᠢᠳᠪᠦᠷᠢᠯᠡᠵᠤ᠂ ᠦᠨᠳᠦᠰᠦᠳᠡᠨ ᠤ ᠬᠦᠷᠢᠶᠡᠨ ᠳᠠᠬᠢ ᠡᠯ᠎ᠡ ᠳᠦᠷᠦᠯ ᠤᠨ ᠠᠶᠤᠯ ᠳᠦᠭᠰᠢᠬᠦᠷᠢ ᠳᠠᠯᠳᠠ ᠬᠡᠮ ᠢ ᠡᠷᠡᠰ ᠰᠡᠷᠬᠡᠶᠢᠯᠡᠬᠦ ᠬᠡᠷᠡᠭᠳᠡᠢ᠃ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠪᠠᠷᠢᠮᠳᠡᠯᠡᠵᠤ᠂ ᠤᠯᠤᠰ ᠳᠦᠷᠦ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠨ ᠂ ᠺᠠᠳ᠋ᠷᠴᠤᠳ ᠤᠨ ᠡ᠊ᠡᠭᠨᠡᠬᠡᠨ ᠤ ᠪᠠᠶᠢᠭᠤᠯᠤᠯᠳᠠ ᠶᠢ ᠦᠨᠡᠨ ᠬᠦ ᠴᠢᠩᠭᠠᠳᠬᠠᠵᠤ᠂ ᠦᠨᠳᠦᠰᠦᠨ ᠱᠠᠳᠤᠨ ᠤ ᠰᠠᠭᠤᠷᠢ ᠶᠢ ᠦᠷᠬᠦᠯᠵᠢᠯᠡᠨ ᠪᠠᠬᠢᠵᠢᠬᠦᠯᠵᠤ᠂ ᠰᠢᠨ᠎ᠡ ᠴᠠᠬ ᠦᠶ᠎ᠡ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠬᠦ ᠳᠤ ᠬᠦᠴᠦᠳᠡᠢ ᠤᠯᠤᠰ ᠳᠦᠷᠦ ᠶᠢᠨ ᠪᠠᠳᠤᠯᠠᠭ᠎ᠠ ᠬᠠᠨᠭ᠍ᠭᠠᠬᠤ ᠬᠡᠷᠡᠭᠳᠡᠢ ᠬᠡᠵᠤ ᠴᠢᠬᠤᠯᠠᠴᠢᠯᠡᠪᠡ᠃     ᠳ᠋ᠦ᠋ ᠬᠤᠢ ᠯᠢᠶᠡᠩ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠬᠢᠨ ᠤᠯᠤᠰ ᠳᠦᠷᠦ ᠶᠢᠨ ᠵᠤᠬᠰᠤᠴᠠ ᠪᠠᠨ ᠪᠠᠳᠤᠳᠬᠠᠵᠤ᠂ ᠤᠯᠤᠰ ᠳᠦᠷᠦ ᠶᠢᠨ ᠲᠡᠯ᠎ᠡ ᠠᠴᠠ ᠦᠨᠳᠦᠰᠦᠳᠡᠨ ᠤ ᠬᠠᠷᠢᠴᠠᠭ᠎ᠠ ᠶᠢ ᠡᠵᠡᠮᠳᠡᠬᠦ᠂ ᠦᠨᠳᠦᠰᠦᠳᠡᠨ ᠤ ᠠᠰᠠᠭᠤᠳᠠᠯ ᠢ ᠦᠵᠡᠬᠦ᠂ ᠦᠨᠳᠦᠰᠦᠳᠡᠨ ᠤ ᠠᠵᠢᠯ ᠢ ᠰᠠᠶᠢᠳᠤᠷ ᠠᠳᠬᠤᠬᠤ ᠶᠢ ᠪᠠᠷᠢᠮᠳᠡᠯᠡᠨ᠂ ᠦᠨᠳᠦᠰᠦᠳᠡᠨ ᠤ ᠠᠰᠠᠭᠤᠳᠡᠯ ᠢ ᠰᠢᠢᠳᠪᠦᠷᠢᠯᠡᠬᠦ᠂ ᠦᠨᠳᠦᠰᠦᠳᠡᠨ ᠤ ᠠᠵᠢᠯ ᠢ ᠰᠠᠶᠢᠳᠤᠷ ᠬᠢᠬᠦ ᠴᠢᠳᠠᠪᠤᠷᠢ ᠬᠢᠷᠢ ᠳᠦᠪᠰᠢᠨ ᠢᠶᠠᠨ ᠳᠠᠰᠤᠷᠡᠯᠳᠡ ᠦᠬᠡᠢ ᠳᠡᠭᠡᠭᠰᠢᠯᠡᠬᠦᠯᠵᠤ᠂ ᠳᠦᠪ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠡ ᠪᠠ ᠬᠤᠳᠠ ᠶᠢᠨ ᠨᠠᠮ ᠤᠨ ᠬᠤᠷᠢᠶᠡᠨ ᠤ ᠦᠨᠳᠦᠰᠦᠳᠡᠨ ᠤ ᠠᠵᠢᠯ ᠤᠨ ᠡᠯ᠎ᠡ ᠳᠦᠷᠦᠯ ᠤᠨ ᠰᠢᠢᠳᠪᠦᠷᠢᠳᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠭᠤᠤᠯᠳᠠᠯᠭ᠎ᠠ ᠲᠠᠢ ᠡᠬᠦᠷᠬᠡ ᠶᠢᠨ ᠳᠤᠭᠤᠷᠢᠨ ᠳᠤ᠂ ᠦᠨᠳᠦᠰᠦᠳᠡᠨ ᠤ ᠠᠵᠢᠯ ᠤᠨ ᠳᠤᠮᠳᠠᠬᠢ ᠴᠢᠬᠤᠯᠠ ᠬᠠᠷᠢᠴᠠᠭ᠎ᠠ ᠶᠢ ᠵᠦᠪ ᠤᠨᠤᠪᠴᠢᠳᠡᠢ ᠰᠢᠢᠳᠪᠦᠷᠢᠯᠡᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢᠨ ᠡᠬᠦᠳᠦᠨ ᠪᠠᠶᠢᠭᠤᠯᠤᠯᠳᠠ ᠶᠢ ᠬᠦᠨᠵᠡᠬᠡᠢ ᠦᠷᠨᠢᠬᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ ᠳᠦᠬᠡᠮᠡᠯᠵᠢᠬᠦᠯᠦᠨ ᠳᠡᠯᠬᠡᠷᠡᠬᠦᠯᠬᠦ ᠵᠡᠷᠬᠡ ᠠᠵᠢᠯ ᠢ ᠬᠢᠨᠠᠮᠠᠭᠠᠢ ᠰᠠᠶᠢᠳᠤᠷ ᠬᠢᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠡᠷ ᠰᠠᠶᠢᠳᠡᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠨ᠂ ᠦᠨᠳᠦᠰᠦᠳᠡᠨ ᠨᠦᠭᠦᠳ ᠤᠨ ᠬᠠᠮᠳᠤ ᠪᠠᠷ ᠪᠦᠯᠬᠦᠮᠳᠡᠨ ᠳᠡᠮᠡᠴᠡᠵᠤ᠂ ᠬᠠᠮᠳᠤ ᠪᠠᠷ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠳᠡᠢ᠃ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠤᠷᠢᠬᠳᠡᠢ ᠡᠬᠦᠷᠬᠡᠯᠡᠨ ᠴᠢᠳᠠᠮᠠᠭᠠᠢ ᠠᠵᠢᠯᠯᠠᠵᠤ᠂ ᠨᠢᠬᠳᠠ ᠬᠠᠮᠵᠢᠯᠴᠠᠨ ᠵᠤᠬᠢᠴᠠᠯᠳᠤᠨ ᠬᠦᠳᠡᠯᠦᠯᠴᠡᠵᠤ᠂ ᠦᠨᠳᠦᠰᠤᠳᠠᠨ ᠤ ᠠᠵᠢᠯ ᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠬᠦᠷᠢᠶ᠎ᠡ ᠴᠠᠷᠠᠭ᠎ᠠ᠂ ᠪᠦᠬᠦ ᠶᠠᠪᠤᠴᠠ ᠳᠤ ᠦᠨᠡᠨ ᠬᠦ ᠳᠤᠭᠤᠰᠢᠯᠠᠭᠤᠯᠤᠨ᠂ ᠰᠢᠨ᠎ᠡ ᠴᠠᠬ ᠦᠶ᠎ᠡ ᠶᠢᠨ ᠦᠨᠳᠦᠰᠦᠳᠡᠨ ᠤ ᠠᠵᠢᠯ ᠤᠨ ᠴᠢᠨᠡᠷ ᠰᠠᠶᠢᠳᠡᠢ ᠬᠦᠭᠵᠢᠯᠳᠡ ᠶᠢ ᠴᠢᠷᠮᠠᠶᠢᠨ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠡᠯ ᠢ ᠸᠢᠳᠢᠣ᠋ ᠬᠤᠷᠡᠯ ᠤᠨ ᠬᠡᠯᠪᠡᠷᠢ ᠪᠠᠷ ᠬᠤᠷᠠᠯᠳᠤᠭᠤᠯᠵᠤ᠂ ᠬᠤᠳᠠ ᠶᠢᠨ ᠠᠷᠡᠳ ᠤᠨ ᠪᠠᠶᠢᠴᠠᠭᠠᠬᠤ ᠬᠤᠷᠢᠶᠡᠨ ᠤ ᠪᠠᠶᠢᠴᠠᠭᠠᠬᠴᠢ ᠳᠠᠷᠤᠭ᠎ᠠ᠂ ᠡᠯ᠎ᠡ ᠬᠤᠰᠢᠭᠤ ᠳᠤᠭᠤᠷᠢᠬ ᠤᠨ ᠨᠠᠮ ᠤᠨ ᠬᠤᠷᠢᠶ᠎ᠡ᠂ ᠵᠠᠰᠠᠬ ᠤᠨ ᠤᠷᠳᠤᠨ ᠤ ᠭᠤᠤᠯ ᠬᠠᠷᠢᠭᠤᠴᠠᠯᠭᠠᠳᠠᠨ᠂ ᠬᠤᠳᠠ ᠶᠢᠨ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠢᠭᠤᠳ ᠬᠠᠷᠢᠶ᠎ᠡ ᠬᠠᠮᠢᠶᠠᠷᠤᠯᠳᠡ ᠶᠢᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠬᠤᠳᠠ ᠶᠢᠨ ᠨᠠᠮ ᠤᠨ ᠬᠤᠷᠢᠶᠡᠨ ᠤ ᠨᠢᠬᠡᠳᠦᠮᠡᠯ ᠹᠷᠤᠨᠲ ᠤᠨ ᠬᠡᠯᠳᠡᠰ᠂ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠤᠯᠪᠤᠬᠳᠠᠯ ᠪᠦᠬᠦᠢ ᠨᠦᠬᠦᠳ ᠭᠤᠤᠯ ᠬᠤᠷᠡᠯ ᠤᠨ ᠳᠠᠯᠠᠪᠠᠢ ᠳᠤ ᠬᠤᠷᠡᠯ ᠳᠤ ᠤᠷᠤᠯᠴᠠᠪᠠ᠃ ᠡᠯ᠎ᠡ ᠬᠤᠰᠢᠭᠤ ᠳᠤᠭᠤᠷᠢᠬ ᠲᠤ ᠬᠤᠪᠢᠶᠡᠷᠢ ᠬᠤᠷᠡᠯ ᠤᠨ ᠳᠠᠯᠠᠪᠠᠢ ᠳᠤᠬᠢᠷᠠᠭᠤᠯᠪᠠ᠃       
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ