ᠬᠤᠷᠠᠭᠠᠨ ᠤ ᠰᠢᠩᠭᠡᠭᠡᠯᠲᠡ ᠮᠠᠭᠤᠳᠠᠭᠰᠠᠨ ᠢ ᠣᠨᠣᠰᠢᠯᠠᠵᠤ ᠵᠠᠰᠠᠭᠰᠠᠨ ᠵᠢᠱᠢᠶ᠎ᠡ
ᠨᠡᠶᠢᠲᠡᠯᠡᠭᠰᠡᠨ ᠴᠠᠭ᠄
2021/10/22
   ᠨᠢᠭᠡ᠂ ᠡᠪᠡᠳᠴᠢᠨ ᠤ ᠢᠯᠡᠷᠡᠯ ᠪᠤᠯᠤᠨ ᠣᠨᠤᠰᠢᠯᠠᠯᠲᠠ    27 ᠡᠳᠦᠷ ᠪᠤᠯᠵᠤ ᠪᠠᠶᠢᠭ᠎ᠠ ᠬᠤᠷᠠᠭ᠎ᠠ᠂ ᠡᠪᠡᠳᠴᠢᠯᠡᠭᠰᠡᠨ ᠬᠤᠭᠤᠴᠠᠭ᠎ᠠ ᠨᠢ 5 ᠡᠳᠦᠷ᠂ ᠦᠰᠦ ᠨᠢ ᠥᠷᠪᠦᠭᠡᠷ ᠰᠢᠷᠦᠭᠦᠨ ᠭᠢᠯᠪᠠᠭ᠎ᠠ ᠦᠭᠡᠢ᠂ ᠲᠤᠷᠠᠩᠬᠠᠢ᠂ ᠬᠡᠪᠡᠯᠢ ᠪᠠᠷ ᠢᠶᠠᠨ ᠠᠲᠤᠷᠢᠵᠦ ᠬᠡᠪᠲᠡᠵᠦ᠂ ᠬᠠᠷᠠᠴᠠ ᠨᠢ ᠰᠤᠯᠠ᠂ ᠬᠤᠰᠬᠢᠨᠠᠭ ᠲᠤ ᠨᠢ ᠨᠢᠯᠴᠠᠭᠠᠶ ᠢᠯᠭᠠᠳᠠᠰᠤ ᠲᠠᠢ᠂ ᠢᠯᠭᠠᠳᠠᠰᠤ ᠨᠢ ᠴᠠᠶᠢᠪᠤᠷ᠂ ᠴᠠᠭᠠᠨ ᠥᠩᠭᠡ ᠶᠢᠨ ᠵᠢᠵᠢᠭ ᠡᠭᠡᠳᠡᠩ ᠲᠠᠢ᠂ ᠥᠮᠦᠬᠡᠢ ᠦᠨᠦᠷ ᠲᠠᠢ᠂ ᠪᠡᠶ᠎ᠡ ᠶᠢᠨ ᠬᠠᠯᠠᠭᠤᠨ ᠨᠢ 38.5 ᠭᠷᠠᠳᠦ᠋ᠰ᠂ ᠡᠪᠡᠳᠴᠢᠨ ᠤ ᠢᠯᠡᠷᠡᠯ ᠢ ᠨᠢ ᠦᠨᠳᠦᠰᠦᠯᠡᠨ ᠠᠩᠬ᠎ᠠ ᠠᠯᠬᠤᠮ ᠣᠨᠣᠰᠢᠯᠠᠭᠰᠠᠨ ᠨᠢ ᠬᠤᠷᠠᠭᠠᠨ ᠤ ᠰᠢᠩᠭᠡᠭᠡᠯᠲᠡ ᠮᠠᠭᠤᠳᠠᠵᠠᠢ᠃    ᠬᠤᠶᠠᠷ᠂ ᠡᠮᠴᠢᠯᠡᠭᠡᠨ ᠤ ᠠᠷᠭ᠎ᠠ ᠬᠡᠮᠵᠢᠶ᠎ᠡ    1. ᠪᠠᠺᠲ᠋ᠧᠷᠢ ᠶᠢ ᠡᠰᠡᠷᠭᠦᠴᠡᠨ ᠦᠷᠪᠢᠰᠦᠯ ᠢ ᠳᠠᠷᠣᠵᠣ ᠬᠥᠬᠦᠷ ᠬᠦᠴᠢᠯ ᠤᠨ ᠯᠢᠶᠠᠨ ᠮᠸᠢ ᠰᠤ᠋ ︵硫酸链 霉素︶ + ᠸᠢᠲ᠋ᠠᠮᠢᠨ C ᠶᠢ ᠪᠤᠯᠴᠢᠩ ᠳᠤ ᠲᠠᠷᠢᠵᠦ᠂ 2 ᠤᠳᠠᠭ᠎ᠠ / ᠡᠳᠦᠷ᠃ ᠦᠷᠭᠦᠯᠵᠢᠯᠡᠨ 3 ᠡᠳᠦᠷ ᠬᠡᠷᠡᠭᠯᠡᠨ᠎ᠡ᠃    2. ᠬᠤᠳᠣᠭᠤᠳᠣ ᠭᠡᠳᠡᠰᠦ ᠶᠢᠨ ᠴᠢᠳᠠᠪᠬᠢ ᠶᠢ ᠵᠤᠬᠢᠴᠠᠭᠤᠯᠵᠤ᠂ ᠰᠢᠩᠭᠡᠨ ᠨᠦᠬᠦᠪᠦᠷᠢᠯᠡᠬᠦ ᠳᠠᠪᠤᠰᠤᠨ ᠠᠭᠤᠰᠤᠮᠠᠯ᠂ ᠬᠤᠳᠣᠭᠤᠳᠣᠨ ᠤᠭᠤᠷᠠᠭ ᠤᠨ ᠢᠰᠭᠡᠭᠦᠷ ︵胃蛋白酶︶ ᠢ ᠠᠮᠠ ᠪᠠᠷ ᠣᠯᠭᠤᠵᠤ᠂ ᠬᠤᠳᠣᠭᠤᠳᠣ ᠭᠡᠳᠡᠰᠦᠨ ᠤ ᠠᠵᠢᠯᠯᠠᠭ᠎ᠠ ᠶᠢᠨ ᠰᠡᠷᠭᠦᠭᠡᠯᠲᠡ ᠶᠢ ᠠᠬᠢᠭᠤᠯᠤᠨ᠎ᠠ᠃ 3 ᠤᠳᠠᠭ᠎ᠠ / ᠡᠳᠦᠷ᠃    3. ᠠᠷᠠᠴᠢᠯᠠᠭ᠎ᠠ ᠬᠠᠮᠢᠶᠠᠷᠤᠯᠲᠠ ᠶᠢ ᠴᠢᠩᠭᠠᠳᠬᠠᠨ ᠬᠤᠷᠤᠭ᠎ᠠ ᠬᠠᠰᠢᠶᠠᠨ ᠤ ᠳᠤᠯᠠᠭᠠᠯᠠᠮᠵᠢ᠂ ᠰᠠᠯᠬᠢ ᠨᠡᠪᠲᠡᠷᠡᠬᠦ᠂ ᠳᠣᠬᠢᠯᠢᠭ ᠬᠠᠭᠤᠷᠠᠢ᠂ ᠠᠷᠢᠭᠤᠨ ᠴᠡᠪᠡᠷ ᠢ ᠪᠠᠳᠤᠯᠠᠵᠤ᠂ ᠬᠤᠷᠠᠭ᠎ᠠ ᠶᠢᠨ ᠵᠢᠪᠠᠷ ᠰᠠᠯᠬᠢ ᠠᠪᠴᠤ ᠲᠠᠭᠰᠢᠭᠤᠷ ᠬᠦᠷᠬᠦ ᠠᠴᠠ ᠰᠡᠷᠭᠡᠶᠢᠯᠡᠨ᠎ᠡ᠃ ᠡᠬᠡ ᠮᠠᠯ ᠤᠨ ᠡᠪᠡᠰᠦ ᠪᠣᠷᠳᠤᠭ᠎ᠠ ᠳᠣᠲᠣᠷ᠎ᠠ ᠨᠢ ᠪᠠᠶ ᠯᠦᠩ ᠰᠠᠨ ︵白 龙散︶ ᠢ ᠨᠡᠮᠡᠵᠦ ᠡᠬᠡ ᠮᠠᠯ ᠤᠨ ᠰᠦ ᠱᠦᠭᠦᠷᠡᠭᠦᠯᠬᠦ ᠳᠤᠮᠳᠠᠬᠢ ᠬᠠᠯᠳᠠᠪᠤᠷᠢᠯᠠᠯ ᠢ ᠰᠡᠷᠭᠡᠶᠢᠯᠡᠵᠦ᠂ ᠡᠬᠡ ᠮᠠᠯ ᠤᠨ ᠪᠡᠶ᠎ᠡ ᠶᠢᠨ ᠡᠷᠡᠭᠦᠯ ᠴᠢᠭᠢᠷᠠᠭ ᠢ ᠪᠠᠳᠤᠯᠠᠨ᠎ᠠ᠃    ᠭᠤᠷᠪᠠ᠂ ᠶᠠᠷᠢᠯᠴᠠᠭ᠎ᠠ    1. ᠬᠤᠷᠠᠭ᠎ᠠ ᠢᠰᠢᠭᠡᠨ ᠤ ᠬᠤᠳᠤᠭᠤᠳᠣᠨ ᠬᠦᠴᠢᠯ ᠪᠣᠯᠤᠨ ᠢᠰᠬᠡᠭᠦᠷ ᠤᠨ ᠢᠳᠡᠪᠬᠢ ᠴᠢᠨᠠᠷ ᠳᠣᠣᠷ᠎ᠠ᠂ ᠰᠢᠩᠭᠡᠭᠡᠬᠦ ᠴᠢᠳᠠᠪᠤᠷᠢ ᠪᠠᠭᠤᠷᠠᠶ᠂ ᠵᠥᠪᠬᠡᠨ ᠡᠬᠡ ᠶᠢᠨ ᠰᠦ ᠶᠢ ᠰᠢᠩᠭᠡᠭᠡᠬᠦ ᠳᠤ ᠯᠡ ᠲᠣᠬᠢᠷᠠᠵᠤ᠂ ᠪᠤᠰᠤᠳ ᠰᠢᠮ᠎ᠡ ᠳᠡᠵᠢᠭᠡᠯᠳᠤ ᠪᠣᠳᠠᠰ ᠢ ᠰᠢᠩᠭᠡᠭᠡᠬᠦ ᠴᠢᠳᠠᠪᠤᠷᠢ ᠨᠢ ᠪᠠᠷᠤᠭᠲᠠᠶ ᠪᠠᠶᠢᠳᠠᠭ᠃ ᠡᠭᠦᠨ ᠠᠴᠠ ᠪᠣᠯᠵᠤ ᠰᠢᠩᠭᠡᠭᠡᠯᠲᠡ ᠮᠠᠭᠤ ᠪᠠᠶᠢᠳᠠᠭ᠃    2. ᠬᠡᠷᠪᠡ ᠡᠬᠡ ᠮᠠᠯ ᠳᠤ ᠡᠪᠡᠳᠴᠢᠨ ᠬᠠᠯᠳᠠᠪᠤᠷᠢᠯᠠᠵᠤ᠂ ᠬᠤᠷᠠᠭ᠎ᠠ ᠨᠢ ᠡᠷᠡᠭᠦᠯ ᠪᠤᠰᠤ ᠰᠦ ᠭᠦᠬᠦᠭᠰᠡᠨ ᠪᠤᠶᠤ ᠪᠤᠵᠠᠷ ᠮᠠᠭᠤᠬᠠᠢ ᠡᠪᠡᠰᠦ ᠪᠣᠷᠳᠤᠭ᠎ᠠ ᠢᠳᠡᠵᠦ᠂ ᠬᠤᠷᠤᠭ᠎ᠠ ᠬᠠᠰᠢᠶᠠᠨ ᠤ ᠵᠢᠪᠠᠷ ᠰᠠᠯᠬᠢ ᠨᠡᠪᠲᠡᠷᠡᠬᠦ ᠪᠠᠷ ᠮᠠᠭᠤ ᠪᠣᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠨᠠᠢ ᠵᠡᠷᠭᠡ ᠬᠦᠴᠦᠨ ᠵᠦᠢᠯ ᠨᠢ ᠬᠠᠷᠢᠨ ᠲᠤᠰ ᠡᠪᠡᠳᠴᠢᠨ ᠢ ᠰᠢᠭᠤᠳ ᠡᠭᠦᠰᠭᠡᠳᠡᠭ᠃ ᠡᠶᠢᠮᠦ ᠠᠴᠠ ᠲᠤᠰ ᠡᠪᠡᠳᠴᠢᠨ ᠢ ᠡᠮᠴᠢᠯᠡᠬᠦ ᠳᠤ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠯᠠᠪᠯᠠᠵᠤ ᠡᠮᠨᠡᠨ ᠵᠠᠰᠠᠬᠤ ᠬᠡᠷᠡᠭᠲᠡᠶ᠃  
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ