ᠬᠤᠨᠢᠨ ᠤ ᠠᠮᠠᠷᠠᠤ ᠶᠢ ᠡᠮᠨᠡᠨ ᠵᠠᠰᠠᠬᠤ
ᠨᠡᠶᠢᠲᠡᠯᠡᠭᠰᠡᠨ ᠴᠠᠭ᠄
2021/10/22
                            ᠬᠤᠨᠢᠨ ᠤ ᠠᠮᠠᠷᠠᠤ ᠳᠡᠭᠡᠷᠡᠬᠢ ᠶᠠᠷ᠎ᠠ ᠶᠢ ᠡᠮᠨᠡᠨ ᠵᠠᠰᠠᠬᠤ ᠠᠷᠭ᠎ᠠ᠄    1. ᠡᠩ ᠲᠡᠷᠢᠭᠦᠨ ᠳᠤ ᠡᠪᠡᠳᠴᠢᠨ ᠲᠠᠢ ᠬᠤᠨᠢ ᠶᠢ ᠲᠤᠰᠠᠭᠠᠷᠯᠠᠵᠤ᠂ ᠬᠠᠰᠢᠶ᠎ᠠ ᠰᠠᠷᠠᠪᠴᠢ᠂ ᠬᠦᠳᠡᠯᠭᠡᠭᠡᠨ ᠤ ᠲᠠᠯᠠᠪᠠᠢ ᠶᠢ ᠲᠦᠢᠯᠪᠤᠷᠢᠲᠠᠶ ᠠᠷᠢᠭᠤᠳᠬᠠᠨ᠎ᠠ᠃    2. ᠡᠪᠡᠳᠴᠢᠲᠡᠢ ᠬᠤᠨᠢ ᠳᠤ ᠵᠦᠭᠡᠯᠡᠨ ᠪᠦᠭᠡᠳ ᠰᠢᠩᠭᠡᠭᠡᠬᠦ ᠳᠤ ᠠᠮᠠᠷ᠂ ᠢᠳᠡᠭᠦᠰᠢ ᠴᠢᠨᠠᠷ ᠢᠶᠠᠷ ᠰᠠᠶᠢᠨ ᠲᠡᠵᠢᠭᠡᠯ ᠪᠣᠷᠳᠤᠭ᠎ᠠ ᠥᠭᠴᠦ᠂ ᠠᠷᠢᠭᠤᠨ ᠴᠡᠪᠡᠷ ᠤᠰᠤ ᠤᠮᠳᠠ ᠶᠢ ᠭᠦᠢᠴᠡᠳ ᠪᠠᠲᠤᠯᠠᠬᠤ ᠬᠡᠷᠡᠭᠲᠡᠢ᠃   3. ᠤᠷᠢᠳᠠᠪᠠᠷ ᠡᠪᠡᠳᠴᠢᠲᠡᠢ ᠬᠤᠨᠢᠨ ᠤ ᠤᠷᠤᠭᠤᠯ ᠤᠨ ᠬᠡᠰᠡᠭ ᠤᠨ ᠲᠠᠪ ᠢ ᠤᠬᠢᠶᠠᠨ ᠴᠡᠪᠡᠷᠯᠡᠵᠦ᠂ ᠴᠡᠩᠭᠡᠭ ᠳᠠᠪᠤᠰᠤ ᠲᠠᠢ ᠤᠰᠤ ᠪᠤᠶᠤ 0.1% ᠳᠡᠭᠡᠲᠦ ᠮᠠᠩᠭᠠᠨ ᠬᠦᠴᠢᠯ ᠤᠨ ᠺᠠᠯᠢ ︵高锰酸钾︶ ᠶᠢᠨ ᠠᠭᠤᠰᠤᠮᠠᠯ ᠢᠶᠠᠷ ᠰᠢᠷᠬ᠎ᠠ ᠶᠢ ᠨᠢ ᠭᠦᠢᠴᠡᠳ ᠤᠬᠢᠶᠠᠨ ᠴᠡᠪᠡᠷᠯᠡᠵᠦ᠂ ᠳᠠᠷᠠᠭ᠎ᠠ ᠨᠢ ᠪᠣᠷᠣ ᠤᠰᠤᠨ ᠡᠮ ᠪᠤᠶᠤ ᠢᠣᠳ᠋ᠲᠤ ᠭᠯᠢᠼᠧᠷᠢᠨ ︵碘甘油︶ ︵ᠢᠣᠳ᠋ᠲᠤ ᠴᠢᠩᠭᠢ ᠪᠠ ᠭᠯᠢᠼᠧᠷᠢᠨ ᠶᠢ 1᠄ 1 ᠶᠢᠨ ᠬᠠᠷᠢᠴᠠᠯ ᠢᠶᠠᠷ ᠭᠦᠢᠴᠡᠳ ᠬᠤᠯᠢᠪᠠᠯ ᠪᠣᠯᠴᠢᠬᠠᠨ᠎ᠠ︶ ᠢ ᠰᠢᠷᠬᠠᠨ ᠳᠡᠭᠡᠷ᠎ᠡ ᠨᠢ ᠡᠳᠦᠷ ᠪᠦᠷᠢ 1-2 ᠤᠳᠠᠭ᠎ᠠ ᠲᠦᠷᠬᠢᠵᠦ᠂ ᠪᠦᠷᠢᠮᠦᠰᠦᠨ ᠡᠳᠡᠭᠡᠷᠡᠲᠡᠯ᠎ᠡ ᠲᠦᠷᠬᠢᠨ᠎ᠡ᠃   4. ᠡᠮ ᠢᠶᠠᠷ ᠵᠠᠰᠠᠬᠤ᠄    ︵1︶ ᠮᠠ ᠯᠢᠨ ᠭᠤᠸᠠ ︵吗啉胍︶ 0.1 ᠭᠷᠠᠮ / ᠺᠢᠯᠣᠭ᠍ᠷᠠᠮ᠂ ᠫᠧᠨᠢᠼᠢᠯᠢᠨ ᠤ ᠺᠠᠯᠢ ︵青霉 素钾︶ ᠪᠤᠶᠤ ᠨᠠᠳ᠋ᠷᠢ ᠶᠢᠨ ᠳᠠᠪᠤᠰᠤ ︵钠盐︶ 4-5 ᠮᠢᠯᠢᠭᠷᠡᠮ / ᠺᠢᠯᠣᠭ᠍ᠷᠠᠮ᠂ ᠡᠳᠦᠷ ᠲᠤ 1 ᠤᠳᠠᠭ᠎ᠠ᠂ ᠦᠷᠭᠦᠯᠵᠢᠯᠡᠨ 3 ᠡᠳᠦᠷ ᠪᠣᠯ ᠨᠢᠭᠡ ᠡᠮᠴᠢᠯᠡᠭᠡᠨ ᠤ ᠬᠤᠭᠤᠴᠠᠭ᠎ᠠ᠂ 2-3 ᠡᠳᠦᠷ ᠠᠯᠤᠰᠯᠠᠵᠤ᠂ ᠬᠤᠶᠠᠳᠤᠭᠠᠷ ᠡᠮᠴᠢᠯᠡᠭᠡᠨ ᠤ ᠬᠤᠭᠤᠴᠠᠭ᠎ᠠ ᠬᠢᠨ᠎ᠡ᠂ ᠶᠡᠷᠦ ᠳᠡᠭᠡᠨ 2-3 ᠡᠮᠴᠢᠯᠡᠭᠡᠨ ᠤ ᠬᠤᠭᠤᠴᠠᠭ᠎ᠠ ᠬᠢᠪᠡᠯ ᠪᠣᠯᠴᠢᠬᠠᠨ᠎ᠠ᠃   ︵2︶ ᠸᠢᠲ᠋ᠠᠮᠢᠨ C 0.5 ᠮᠢᠯᠢᠯᠢᠳ᠋ᠷ᠂ ᠸᠢᠲ᠋ᠠᠮᠢᠨ B12 0.02 ᠮᠢᠯᠢᠯᠢᠳ᠋ᠷ ᠢ ᠪᠤᠯᠴᠢᠩ ᠳᠤ ᠲᠠᠷᠢᠨ᠎ᠠ᠂ ᠡᠳᠦᠷ ᠲᠤ 2 ᠤᠳᠠᠭ᠎ᠠ᠂ 3 -4 ᠡᠳᠦᠷ ᠪᠣᠯ ᠨᠢᠭᠡ ᠡᠮᠴᠢᠯᠡᠭᠡᠨ ᠤ ᠬᠤᠭᠤᠴᠠᠭ᠎ᠠ᠂ ᠦᠷᠭᠦᠯᠵᠢᠯᠡᠨ 2 ᠡᠮᠴᠢᠯᠡᠭᠡᠨ ᠤ ᠬᠤᠭᠤᠴᠠᠭ᠎ᠠ ᠬᠡᠷᠡᠭᠯᠡᠨ᠎ᠡ᠃ ᠬᠤᠷᠠᠭ᠎ᠠ ᠠᠮᠠᠷᠠᠤᠲᠠᠬᠤ ᠨᠢ ᠪᠠᠰᠠ ᠨᠢᠭᠡ ᠰᠢᠯᠲᠠᠭᠠᠨ ᠨᠢ ᠬᠠᠯᠠᠭᠤᠳᠠᠭᠰᠠᠨ ᠪᠠᠶᠢᠵᠤ ᠮᠡᠳᠡᠨ᠎ᠡ᠂ ᠡᠭᠦᠨ ᠳᠤ ᠬᠤᠨᠢᠨ ᠤ ᠪᠡᠶ᠎ᠡ ᠶᠢᠨ ᠳᠤᠯᠠᠭᠠᠨ ᠢ ᠬᠡᠮᠵᠢᠬᠦ ᠴᠢᠬᠤᠯᠠᠲᠠᠶ᠂ ᠬᠡᠷᠪᠡ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠳᠠᠯ ᠳᠤ ᠪᠠᠶᠢᠪᠠᠯ᠂ ᠬᠠᠯᠠᠭᠤᠳᠠᠭᠰᠠᠨ ᠠᠴᠠ ᠡᠭᠦᠰᠦᠭᠰᠡᠨ ᠪᠣᠯᠤᠨ᠎ᠠ᠂ ᠪᠠᠭ᠎ᠠ ᠰᠠᠭ᠎ᠠ ᠬᠠᠯᠠᠭᠤᠨ ᠢ ᠲᠤᠭᠤᠯᠬᠤ ᠡᠮ ᠣᠯᠭᠤᠪᠠᠯ ᠪᠣᠯᠴᠢᠬᠠᠨ᠎ᠠ᠂ ᠬᠤᠨᠢ ᠶᠢ ᠴᠦ ᠰᠢᠷᠬᠠᠲᠤᠭᠤᠯᠬᠤ ᠦᠭᠡᠢ᠃ ᠬᠡᠷᠪᠡ ᠪᠡᠶ᠎ᠡ ᠶᠢᠨ ᠳᠤᠯᠠᠭᠠᠨ ᠨᠢ ᠬᠡᠪ ᠤᠨ ᠪᠤᠰᠤ ᠪᠣᠯ ᠬᠤᠨᠢᠨ ᠤ ᠪᠡᠶ᠎ᠡ ᠳᠡᠭᠡᠷ᠎ᠡ ᠪᠤᠰᠤᠳ ᠡᠪᠡᠳᠴᠢᠨ ᠤ ᠢᠯᠡᠷᠡᠯ ᠪᠠᠶᠢᠬᠤ ᠡᠰᠡᠬᠦ ᠶᠢ ᠠᠵᠢᠭᠯᠠᠬᠤ ᠴᠢᠬᠤᠯᠠᠲᠠᠶ᠃    
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ