| ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 10 ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮᠤᠷ ᠤᠨ ᠬᠤᠷᠢᠶᠠᠯᠲᠠ ᠪᠠ ᠨᠠᠮᠤᠷ ᠡᠪᠦᠯ ᠤᠨ ᠲᠠᠷᠢᠶᠠᠯᠠᠭ᠎ᠠ ᠶᠢᠨ ᠠᠵᠢᠯ ᠢ ᠰᠠᠶᠢᠲᠤᠷ ᠬᠢᠵᠦ᠂ ᠠᠮᠤ | ᠪᠤᠳᠠᠭᠠᠨ ᠤ ᠠᠮᠤᠷ ᠲᠦᠪᠰᠢᠨ ᠪᠠ ᠪᠠᠷᠠᠭᠠᠨ ᠤ ᠦᠨ᠎ᠡ ᠶᠢᠨ ᠲᠣᠭᠲᠠᠭᠤᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠲᠤᠬᠠᠢ ᠪᠠᠶᠢᠷᠢᠯᠠᠭᠤᠯᠪᠠ︔ | ᠠᠷᠠᠳ ᠤᠨ ᠠᠮᠢᠳᠤᠷᠠᠯ ᠤᠨ ᠡᠨᠧᠷᠭᠢ ᠬᠡᠷᠡᠭᠯᠡᠵᠦ ᠬᠠᠩᠭᠠᠯᠭ᠎ᠠ ᠶᠢ ᠪᠠᠲᠤᠯᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠣᠯᠠᠨ ᠤ ᠠᠮᠤᠷ | ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ︔ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠡᠨᠡ ᠵᠢᠯ ᠤᠨ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠨᠢ ᠨᠢᠭᠡᠨᠲᠡ ᠲᠣᠭᠲᠠᠵᠠᠢ᠃ ᠠᠮᠤ ᠪᠤᠳᠠᠭᠠᠨ ᠤ ᠦᠨ᠎ᠡ ᠪᠣᠯ ᠦᠨ᠎ᠡ | ᠬᠠᠩᠰᠢ ᠶᠢᠨ ᠰᠠᠭᠤᠷᠢ ᠮᠥᠨ᠂ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠢᠯᠡᠳᠬᠡᠭᠴᠢ ᠲᠣᠭᠠᠨ ᠤ ᠳᠣᠲᠣᠷ᠎ᠠ ᠢᠳᠡᠭᠡᠨ ᠤ | ᠵᠦᠢᠯ ᠤᠨ ᠦᠨ᠎ᠡ ᠬᠠᠩᠰᠢ ᠶᠢᠨ ᠡᠵᠡᠯᠡᠬᠦ ᠬᠠᠷᠢᠴᠠᠯ ᠥᠨᠳᠥᠷ ᠪᠣᠯᠬᠤᠷ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠨᠢ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ᠂ ᠵᠣᠭᠤᠰ ᠮᠠᠭᠤᠲᠠᠬᠤ ᠶᠢ ᠰᠡᠷᠭᠡᠶᠢᠯᠡᠬᠦ ᠳᠤ ᠪᠠᠲᠤ ᠪᠠᠬᠢ ᠰᠠᠭᠤᠷᠢ ᠲᠠᠯᠪᠢᠵᠤ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠤᠮᠠᠷᠠᠲᠤ ᠣᠷᠣᠨ ᠳᠤ ᠦᠷᠭᠦᠯᠵᠢᠯᠡᠭᠰᠡᠨ ᠪᠦᠷᠬᠦᠭ ᠪᠤᠷᠤᠭᠠᠨᠳᠤ ᠴᠠᠭ | ᠠᠭᠤᠷ ᠤᠨ ᠨᠠᠮᠤᠷ ᠤᠨ ᠬᠤᠷᠢᠶᠠᠯᠲᠠ ᠨᠠᠮᠤᠷ ᠤᠨ ᠲᠠᠷᠢᠶᠠᠯᠠᠭ᠎ᠠ ᠳᠤ ᠦᠵᠡᠭᠦᠯᠬᠦ ᠠᠰᠢᠭ ᠥᠬᠡᠶ ᠨᠥᠯᠥᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠦᠨ᠎ᠡ ᠬᠠᠩᠰᠢ ᠥᠰᠬᠦ ᠵᠡᠷᠭᠡ ᠥᠷᠢᠰᠦᠯᠳᠦᠭᠡᠨ ᠢ ᠢᠳᠡᠪᠬᠢᠲᠡᠶ ᠠᠷᠭᠠᠴᠠᠭᠠᠵᠤ᠂ ᠨᠠᠮᠤᠷ ᠤᠨ ᠠᠮᠤ ᠪᠤᠳᠠᠭ᠎ᠠ ᠶᠢ ᠬᠤᠷᠢᠶᠠᠬᠤ ᠶᠣᠰᠣᠲᠠᠶ ᠶᠢ ᠨᠢ ᠪᠦᠬᠦᠨ ᠢ | ᠬᠤᠷᠢᠶᠠᠬᠤ ᠶᠢ ᠪᠠᠲᠤᠯᠠᠵᠤ᠂ ᠨᠠᠮᠤᠷ ᠡᠪᠦᠯ ᠤᠨ ᠲᠠᠷᠢᠶᠠᠯᠠᠭ᠎ᠠ ᠶᠢᠨ ᠲᠠᠯᠠᠪᠠᠶ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠳᠠᠷᠠᠭ᠎ᠠ ᠵᠢᠯ ᠤᠨ ᠵᠤᠨ ᠤ ᠠᠮᠤ | ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠭᠤᠣᠯ ᠭᠠᠷᠤᠯᠲᠠ ᠶᠢᠨ ᠣᠷᠣᠨ ᠨᠠᠮᠤᠷ ᠤᠨ ᠠᠮᠤ ᠪᠤᠳᠠᠭ᠎ᠠ ᠶᠢ ᠵᠠᠪᠳᠤᠨ | ᠬᠤᠷᠢᠶᠠᠬᠤ ᠠᠵᠢᠯ ᠢ ᠱᠠᠯᠠᠪᠳᠠᠨ ᠵᠣᠬᠢᠶᠠᠨ ᠪᠠᠶᠢᠭᠤᠯᠵᠤ᠂ ᠠᠮᠤ ᠪᠤᠳᠠᠭ᠎ᠠ ᠶᠢ ᠬᠠᠳᠠᠭᠠᠵᠤ ᠬᠤᠷᠢᠶᠠᠨ ᠬᠠᠳᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ | ᠲᠤ᠂ ᠨᠠᠮᠤᠷ ᠡᠪᠦᠯ ᠤᠨ ᠲᠠᠷᠢᠶᠠᠯᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠤᠰᠤ ᠬᠤᠷᠠᠭᠰᠠᠨ ᠲᠠᠷᠢᠶᠠᠨ ᠭᠠᠵᠠᠷ ᠤᠨ ᠤᠰᠤ ᠶᠢ ᠲᠠᠲᠠᠷᠠᠭᠤᠯᠬᠤ ᠶᠢ ᠲᠦᠷᠭᠡᠳᠭᠡᠬᠦ | ᠬᠡᠷᠡᠭᠲᠡᠢ᠃ ᠭᠠᠮᠰᠢᠭ ᠠᠴᠠ ᠪᠣᠯᠵᠣ ᠬᠤᠶᠢᠰᠢᠯᠠᠭᠤᠯᠵᠤ ᠳᠠᠷᠢᠬᠤ ᠴᠢᠬᠤᠯᠠᠲᠠᠢ ᠲᠠᠷᠢᠶᠠᠨ ᠭᠠᠵᠠᠷ ᠲᠤ᠂ ᠡᠷᠲᠡ ᠪᠣᠯᠪᠠᠰᠤᠷᠠᠬᠤ ᠡᠭᠦᠯᠳᠡᠷ ᠢ ᠰᠣᠩᠭᠤᠨ ᠬᠡᠷᠡᠭᠯᠡᠬᠦ᠂ | ᠳᠠᠷᠢᠬᠤ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ᠂ ᠰᠠᠭᠤᠷᠢ ᠪᠣᠷᠲᠣᠭᠤᠷ ᠢ ᠰᠢᠨᠵᠢᠯᠡᠬᠦ ᠤᠬᠠᠭᠠᠨᠴᠢ ᠪᠠᠷ ᠨᠡᠮᠡᠵᠦ ᠣᠷᠣᠭᠤᠯᠬᠤ ᠵᠡᠷᠭᠡ ᠪᠠᠷ ᠳᠠᠮᠵᠢᠭᠤᠯᠤᠨ᠂ | ᠣᠷᠣᠶᠢᠲᠠᠵᠤ ᠳᠠᠷᠢᠬᠤ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠴᠠᠭ ᠬᠤᠭᠤᠴᠠᠭ᠎ᠠ᠂ ᠭᠠᠵᠠᠷ ᠤᠷᠤᠨ᠂ ᠴᠢᠬᠢ ᠶᠢᠨ ᠪᠠᠶᠢᠳᠠᠯ ᠳᠤᠨᠢ | ᠲᠣᠬᠢᠷᠠᠭᠤᠯᠤᠨ ᠡᠪᠦᠯ ᠠᠴᠠ ᠡᠮᠦᠨᠡᠬᠢ ᠲᠠᠷᠢᠶᠠᠨ ᠭᠠᠵᠠᠷ ᠤᠨ ᠬᠠᠮᠢᠶᠠᠷᠤᠯᠲᠠ ᠪᠣᠯᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ ᠦᠷ᠎ᠡ ᠬᠠᠩᠭᠠᠬᠤ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠲᠦᠭᠦᠬᠡᠢ ᠮᠠᠲ᠋ᠧᠷᠢᠶᠠᠯ ᠪᠠ ᠡᠨᠧᠷᠭᠢ ᠶᠢᠨ ᠬᠡᠷᠡᠭᠯᠡᠯᠲᠡ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢ ᠲᠤᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ | ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠴᠢᠩᠭᠠᠷᠠᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠤᠰᠤᠲᠤᠯ ᠢ ᠵᠠᠯᠠᠬᠤ᠂ ᠠᠮᠤ ᠪᠤᠳᠠᠭ᠎ᠠ ᠶᠢ ᠬᠠᠳᠠᠭᠠᠬᠤ ᠵᠡᠷᠭᠡ ᠠᠵᠢᠯ ᠤᠨ ᠴᠠᠬᠢᠯᠭᠠᠨ ᠬᠦᠴᠦᠨ᠂ ᠴᠠᠶᠢᠶ᠋ᠢᠦ | ᠲᠣᠰᠣᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠰᠠᠯᠠᠭ᠎ᠠ ᠮᠥᠴᠢᠷ ᠤᠳ ᠣᠳᠣ ᠪᠠᠶᠢᠭ᠎ᠠ ᠪᠡᠯᠡ ᠮᠥᠩᠭᠦ ᠪᠠᠨ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠬᠡᠷᠡᠭᠯᠡᠵᠦ ᠣᠷᠣᠨ ᠨᠤᠲᠤᠭ ᠤᠨ ᠨᠠᠮᠤᠷ ᠤᠨ ᠬᠤᠷᠢᠶᠠᠯᠲᠠ ᠪᠣᠯᠤᠨ ᠨᠠᠮᠤᠷ ᠡᠪᠦᠯ ᠤᠨ ᠲᠠᠷᠢᠶᠠᠯᠠᠭ᠎ᠠ ᠶᠢ ᠳᠡᠮᠵᠢᠬᠦ ᠬᠡᠷᠡᠭᠲᠡᠢ᠃ ᠭᠠᠮᠰᠢᠭᠳᠠᠭᠰᠠᠨ ᠣᠷᠣᠨ ᠳᠤ | ᠲᠥᠪ ᠤᠨ ᠡᠳ᠋ ᠤᠨ ᠵᠠᠰᠠᠭ ᠠᠴᠠ ᠪᠠᠰᠠ ᠵᠣᠬᠢᠬᠤ ᠪᠡᠯᠡ ᠮᠥᠩᠭᠦ ᠲᠤᠬᠢᠷᠠᠭᠤᠯᠤᠨ ᠦᠭᠴᠦ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠳᠤ | ᠬᠡᠷᠡᠭᠯᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠳᠠᠷᠠᠭ᠎ᠠ ᠵᠢᠯ ᠤᠨ ᠬᠤᠯᠪᠣᠭᠳᠠᠯ ᠪᠥᠬᠦᠶ ᠰᠢᠯᠵᠢᠭᠦᠯᠦᠨ ᠥᠭᠬᠦ ᠪᠠᠯᠠ ᠮᠥᠩᠭᠦ ᠪᠠ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠦᠡᠭᠭᠦ ᠵᠡᠷᠭᠡ ᠶᠢ ᠤᠷᠢᠳᠴᠢᠯᠠᠨ ᠪᠠᠭᠤᠯᠭᠠᠵᠤ᠂ ᠣᠷᠣᠨ ᠨᠤᠲᠤᠭ ᠤᠨ ᠣᠷᠣᠶᠢᠲᠠᠵᠤ ᠳᠠᠷᠢᠬᠤ ᠪᠠ | ᠬᠠᠳᠠᠭᠠᠬᠤ ᠮᠠᠰᠢᠨ ᠬᠤᠳᠠᠯᠳᠤᠨ ᠠᠪᠬᠤ ᠶᠢ ᠳᠡᠮᠵᠢᠵᠦ᠂ ᠬᠠᠳᠠᠭᠠᠬᠤ ᠠᠵᠢᠯ ᠳᠤ ᠵᠣᠬᠢᠰᠲᠠᠶ ᠨᠥᠬᠦᠪᠥᠷᠢ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠯᠠᠨ ᠢᠯᠠᠩᠭᠤᠶ᠎ᠠ ᠭᠠᠮᠰᠢᠭᠳᠠᠭᠰᠠᠨ ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠳᠣᠷᠬᠠᠢ ᠱᠠᠭᠠᠷᠳᠠᠯᠭ᠎ᠠ ᠪᠣᠯᠤᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠡᠪᠦᠯ | ᠤᠮᠠᠷᠠᠲᠤ ᠣᠷᠣᠨ ᠵᠡᠷᠭᠡ ᠭᠠᠵᠠᠷ ᠣᠷᠣᠨ ᠤ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠳᠤᠤᠷ᠎ᠠ ᠪᠠᠶᠢᠵᠤ᠂ ᠴᠢᠨᠠᠭᠰᠢᠯᠠᠪᠠᠯ | ᠬᠠᠴᠢᠨ ᠠᠭᠤᠷ ᠠᠮᠢᠰᠬᠤᠯ ᠢᠯᠡᠷᠡᠵᠦ ᠮᠡᠳᠡᠨ᠎ᠡ᠃ ᠬᠤᠷᠠᠯ ᠠᠴᠠ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ ᠶᠢ ᠨᠢᠭᠡᠳᠦᠯᠲᠡᠶ ᠲᠥᠯᠥᠪᠵᠢᠭᠦᠯᠵᠦ᠂ ᠣᠯᠠᠨ ᠲᠦᠮᠡᠨ ᠪᠣᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠰᠬᠠᠯ ᠴᠢᠩᠭ᠎ᠠ ᠪᠠᠶᠢᠭ᠎ᠠ ᠳᠣᠪᠣᠶᠢᠮ᠎ᠠ | ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠡᠪᠦᠯ ᠤᠨ ᠤᠯᠠᠷᠢᠯ ᠳᠤ ᠤᠮᠠᠷᠠᠲᠤ ᠣᠷᠣᠨ ᠣᠨᠴᠠᠭᠠᠶᠢᠯᠠᠨ ᠵᠡᠭᠦᠨ ᠬᠤᠶᠢᠲᠤ | ᠣᠷᠣᠨ ᠳᠤ ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ᠃ ᠳᠤᠯᠠᠭᠠᠯᠠᠭ᠎ᠠ ᠶᠢᠨ ᠨᠡᠭᠦᠷᠡᠰᠦᠨ ᠤ ᠦᠢᠯᠡᠳᠪᠦᠷᠢᠯᠡᠯ ᠪᠠ ᠲᠡᠭᠡᠭᠡᠪᠦᠷᠢ ᠶᠢ ᠪᠦᠬᠦ ᠬᠦᠴᠦᠨ ᠢᠶᠠᠷ | ᠪᠠᠲᠤᠯᠠᠬᠤ ᠬᠡᠷᠡᠭᠲᠡᠢ᠃ ᠨᠡᠭᠦᠷᠡᠰᠦᠨ ᠤ ᠵᠠᠬ᠎ᠠ ᠳᠡᠯᠭᠡᠭᠦᠷ ᠤᠨ ᠰᠠᠷᠢᠭᠠᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠬᠤᠶᠠᠷ ᠲᠤ᠂ | ᠤᠮᠠᠷᠠᠲᠤ ᠣᠷᠣᠨ ᠤ ᠭᠤᠣᠯᠳᠠᠯᠭ᠎ᠠ ᠲᠠᠢ ᠭᠠᠵᠠᠷ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠬᠡᠢ ᠶᠢ ᠪᠠᠲᠤᠯᠠᠬᠤ ᠬᠡᠷᠡᠭᠲᠡᠢ᠃ ᠰᠢᠲᠠᠮᠠᠬᠠᠢ ᠬᠡᠢ ᠬᠠᠩᠭᠠᠬᠤ ᠠᠵᠤ | ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠡᠬᠢ ᠪᠠᠶᠠᠯᠢᠭ ᠤᠨ ᠬᠠᠩᠭᠠᠯᠭ᠎ᠠ ᠶᠢ ᠠᠯᠢ ᠴᠢᠳᠠᠬᠤ ᠪᠠᠷ ᠨᠡᠮᠡᠭᠳᠡᠭᠦᠯᠵᠦ᠂ ᠰᠢᠲᠠᠮᠠᠬᠠᠢ ᠬᠡᠢ ᠬᠡᠷᠡᠭᠯᠡᠬᠦ ᠡᠬᠢ ᠪᠠᠶᠠᠯᠢᠭ ᠢ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ︽ᠡᠮᠦᠨᠡᠲᠦ ᠶᠢᠨ ᠰᠢᠲᠠᠮᠠᠬᠠᠢ ᠬᠡᠢ ᠶᠢ ᠤᠮᠠᠷᠠᠰᠢ ᠵᠦᠭᠡᠭᠡᠪᠦᠷᠢᠯᠡᠬᠦ︾ ᠶᠢ ᠴᠠᠭ ᠲᠤᠨᠢ ᠲᠣᠬᠢᠷᠠᠭᠤᠯᠤᠨ ᠵᠣᠬᠢᠶᠠᠨ | ᠪᠠᠶᠢᠭᠤᠯᠵᠤ᠂ ᠨᠢᠭᠡᠨᠲᠡ ᠪᠤᠶ ᠪᠣᠯᠣᠭᠰᠠᠨ ᠰᠢᠲᠠᠮᠠᠬᠠᠢ ᠬᠡᠢ ᠬᠠᠳᠠᠭᠠᠯᠠᠬᠤ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠣᠷᠭᠢᠯ ᠬᠤᠭᠤᠴᠠᠭ᠎ᠠ ᠶᠢ ᠵᠤᠬᠢᠴᠠᠭᠤᠯᠤᠨ | ᠲᠣᠬᠢᠷᠠᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠬᠡᠷᠡᠭᠯᠡᠬᠦ ᠳᠤ ᠲᠣᠬᠢᠷᠠᠮᠵᠢᠲᠠᠢ ᠪᠣᠯ ᠨᠡᠭᠦᠷᠡᠰᠦ ᠬᠡᠷᠡᠭᠯᠡᠵᠦ᠂ ᠴᠠᠬᠢᠯᠭᠠᠨ | ᠬᠡᠷᠡᠭᠯᠡᠬᠦ ᠳᠤ ᠲᠣᠬᠢᠷᠠᠮᠵᠢᠲᠠᠢ ᠪᠣᠯ ᠴᠠᠬᠢᠯᠭᠠᠨ ᠬᠡᠷᠡᠭᠯᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ | ᠤᠯᠠᠨ ᠲᠦᠮᠡᠨ ᠤ ᠳᠤᠯᠠᠭᠠᠯᠠᠭ᠎ᠠ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠨᠡᠭᠦᠷᠡᠰᠦ ᠴᠠᠬᠢᠯᠭᠠᠨ ᠲᠤᠰᠤ ᠬᠡᠢ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠤᠨ ᠲᠤᠬᠢᠷᠠᠭᠤᠯᠤᠯᠳᠠ᠂ ᠭᠠᠷᠠᠭ ᠤᠨ ᠲᠡᠩᠴᠡᠭᠦᠷᠢ ᠶᠢ ᠰᠠᠶᠢᠲᠤᠷ ᠪᠠᠲᠤᠯᠠᠬᠤ ᠬᠡᠷᠡᠭᠲᠡᠢ᠃ | ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠨᠤᠲᠤᠭ ᠤᠨ ᠬᠢᠨ ᠤ ᠰᠢᠲᠠᠮᠠᠬᠠᠢ ᠬᠡᠶ ᠢᠯᠴᠢ ᠬᠠᠩᠭᠠᠬᠤ ᠠᠵᠤ ᠠᠬᠤᠶᠢᠯᠠᠯ ᠳᠤ ᠵᠣᠬᠢᠰᠲᠠᠶ | ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠠᠷᠠᠳ ᠤᠨ ᠬᠡᠷᠡᠭᠯᠡᠭᠡᠨ ᠤ ᠬᠡᠶ ᠪᠣᠯᠤᠨ ᠳᠤᠯᠠᠭᠠᠯᠠᠭ᠎ᠠ ᠶᠢᠨ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠢ᠃ ᠴᠠᠬᠢᠯᠭᠠᠨ ᠢ ᠡᠮᠬᠢ ᠵᠢᠷᠤᠮ ᠲᠠᠢ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ︽ᠠᠷᠠᠳ ᠤᠨ ᠬᠡᠷᠡᠭᠯᠡᠭᠡ ᠶᠢ | ᠪᠠᠲᠤᠯᠠᠬᠤ︾ ᠪᠡᠯᠡᠳᠭᠡᠯ ᠲᠥᠰᠦᠯ ᠢ ᠰᠠᠶᠢᠲᠤᠷ ᠬᠢᠵᠦ᠂ ᠬᠤᠲᠠ ᠶᠢᠨ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢ ᠵᠦᠶ ᠵᠣᠬᠢᠰᠲᠠᠶ ᠬᠢᠵᠠᠭᠠᠷᠯᠠᠬᠤ ᠬᠡᠷᠡᠭᠲᠡᠢ᠃ | ᠪᠦᠬᠦ ᠨᠡᠶᠢᠭᠡᠮ ᠢᠶᠠᠷ ᠢᠶᠠᠨ ᠴᠠᠬᠢᠯᠭᠠᠨ ᠠᠷᠪᠢᠯᠠᠬᠤ᠂ ᠡᠨᠧᠷᠭᠢ ᠠᠷᠪᠢᠯᠠᠬᠤ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠨᠢ ᠠᠵᠢᠯ ᠣᠯᠭᠤᠯᠲᠠ ᠶᠢ | ᠪᠠᠲᠤᠯᠠᠬᠤ ᠳᠤ ᠠᠰᠢᠭᠲᠠᠢ ᠪᠥᠭᠡᠳ ᠬᠠᠩᠭᠠᠯᠭ᠎ᠠ ᠶᠢ ᠨᠡᠮᠡᠭᠳᠡᠭᠦᠯᠬᠦ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠶᠤᠮ᠃ ᠤᠯᠠᠨ ᠠᠷᠭ᠎ᠠ | ᠪᠤᠳᠤᠯᠭ᠎ᠠ ᠶᠢ ᠵᠡᠷᠭᠡ ᠪᠠᠷ ᠬᠡᠷᠡᠭᠵᠢᠭᠦᠯᠵᠦ᠂ ᠬᠠᠨᠳᠤᠯᠭᠠᠲᠤ ᠴᠢᠨᠠᠷᠲᠠᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠪᠥᠭᠡᠮ ᠲᠠᠸᠠᠷ ᠤᠨ ᠦᠨ᠎ᠡ ᠬᠠᠩᠰᠢ ᠶᠢᠨ ᠥᠰᠥᠯᠲᠡ ᠨᠢ ᠠᠵᠦ ᠦᠢᠯᠡᠰ ᠤᠨ ᠬᠡᠯᠬᠢᠶᠡᠨ ᠤ ᠡᠴᠦᠰ ᠤᠨ ᠬᠡᠯᠬᠢᠶ᠎ᠡ ᠪᠠᠷ ᠳᠠᠮᠵᠢᠨ | ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠥᠪᠡᠷ ᠤᠨ ᠦᠷᠲᠡᠭ ᠤᠨ ᠳᠠᠷᠤᠯᠲᠠ ᠥᠭᠬᠦ ᠶᠢ ᠰᠡᠷᠭᠡᠶᠢᠯᠡᠵᠦ᠂ ᠱᠠᠲᠤᠴᠢ ᠴᠢᠨᠠᠷᠲᠠᠶ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠶᠢ ᠪᠠᠭᠲᠠᠭᠠᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ ᠱᠠᠯᠠᠪᠳᠠᠨ ᠰᠤᠳᠤᠯᠵᠤ᠂ ᠣᠷᠣᠨ ᠨᠤᠲᠤᠭ ᠤᠨ | ᠬᠢᠨ ᠤ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠡᠷ ᠪᠠᠶᠢᠰᠢᠩ ᠤᠨ ᠲᠦᠷᠢᠶᠡᠰᠦᠨ ᠮᠥᠩᠭᠦ᠂ ᠤᠰᠤ ᠴᠠᠬᠢᠯᠭᠠᠨ ᠤ ᠰᠦᠢᠳᠬᠡᠯ ᠢ ᠬᠠᠰᠤᠵᠤ ᠬᠡᠯᠲᠦᠷᠢᠭᠦᠯᠬᠦ | ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠬᠦᠴᠢᠷᠳᠡᠯ ᠢ ᠨᠢ ᠬᠠᠪᠰᠤᠷᠤᠨ | ᠳᠤᠭᠤᠯᠬᠤ ᠬᠡᠷᠡᠭᠲᠡᠢ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ︽ᠲᠤᠰᠬᠠᠢ ᠨᠠᠷᠢᠯᠢᠭ ᠥᠪᠡᠷᠮᠢᠴᠡ ᠰᠢᠨ᠎ᠡ︾ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ | ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |