| ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 19 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 10 | ᠰᠠᠷ᠎ᠠ ᠶᠢᠨ 18 ᠤ ᠦᠳᠡ ᠶᠢᠨ ᠬᠤᠶᠢᠨ᠎ᠠ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠭᠤᠴᠢᠨ | ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠬᠢᠯᠡᠬᠦ ᠳᠡᠭᠡᠨ᠂ ᠣᠶᠢᠷ᠎ᠠ ᠶᠢᠨ ᠵᠢᠯ ᠠᠴᠠ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠤᠶᠤᠨ᠂ ᠴᠥᠷᠬᠦᠯᠡᠭᠡ ᠳ᠋ᠠᠶᠢᠲ᠋ᠠ ᠵᠡᠷᠭᠡ | ᠮᠡᠷᠭᠡᠵᠢᠯ ᠤᠨ ᠰᠢᠨ᠎ᠡ ᠶᠢ ᠡᠭᠦᠳᠬᠦ ᠠᠬᠢᠴᠠ ᠲᠦᠷᠭᠡᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠦᠬᠦ ᠶᠠᠪᠤᠴᠠ ᠳᠤ ᠡᠳᠦᠷ ᠢᠷᠡᠬᠦᠶ᠎ᠡ | ᠠᠭᠤᠰᠤᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠶᠢᠨ ᠲᠦᠷᠭᠡᠨ᠂ ᠳᠠᠶᠢᠴᠢᠯᠠᠬᠤ ᠬᠡᠪᠴᠢᠶ᠎ᠡ ᠶᠢᠨ ᠥᠷᠭᠡᠨ᠂ ᠨᠥᠯᠥᠭᠡᠯᠡᠬᠦ | ᠬᠡᠮᠵᠢᠶ᠎ᠡ ᠶᠢᠨ ᠬᠦᠨ ᠪᠠᠶᠢᠬᠤ ᠪᠠᠷ ᠢᠶᠠᠨ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠪᠦᠬᠦ ᠪᠥᠮᠪᠥᠷᠴᠡᠭ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠠᠬᠢᠨ | ᠪᠠᠶᠢᠭᠤᠯᠬᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠪᠦᠲᠦᠴᠡ ᠶᠢ ᠲᠠᠬᠢᠨ ᠴᠣᠭᠴᠠᠯᠠᠬᠤ᠂ ᠪᠦᠬᠦ ᠪᠥᠮᠪᠥᠷᠴᠡᠭ ᠤᠨ ᠥᠷᠢᠰᠥᠯᠳᠦᠭᠡᠨ ᠤ ᠪᠠᠶᠢᠷᠢᠰᠢᠯ ᠢ | ᠬᠤᠪᠢᠷᠠᠭᠤᠯᠬᠤ ᠵᠠᠩᠭᠢᠯᠠᠭ᠎ᠠ ᠶᠢᠨ ᠬᠦᠴᠦᠨ ᠪᠤᠯᠵᠤ ᠪᠠᠶᠢᠨ᠎ᠠ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ | ᠳᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠤᠯᠤᠰ ᠤᠨ ᠳᠣᠲᠣᠭᠠᠳᠤ ᠭᠠᠳᠠᠭᠠᠳᠦ ᠶᠢᠨ ᠬᠤᠶᠠᠷ ᠶᠡᠭᠡ | ᠲᠠᠯ᠎ᠠ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠶᠡᠭᠡ ᠬᠡᠮᠵᠢᠶᠡᠨ ᠤ ᠲᠤᠭ᠎ᠠ ᠪᠠᠷᠢᠮᠲᠠ ᠪᠠ ᠡᠯᠪᠡᠭ | ᠬᠡᠷᠡᠭᠯᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠵᠥ᠂ ᠰᠢᠨ᠎ᠡ ᠠᠵᠤ | ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢ ᠪᠤᠢ ᠪᠣᠯᠭᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢ ᠲᠠᠰᠤᠷᠠᠯᠳᠠ ᠦᠭᠡᠢ | ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠣᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ᠂ ᠨᠠᠨᠵᠢᠩ ᠶᠡᠭᠡ ᠰᠤᠷᠭᠠᠭᠤᠯᠢ ᠶᠢᠨ ᠵᠠᠬᠢᠷᠤᠯ ᠯᠢᠦᠶ ᠵᠢᠶᠠᠨ ᠫᠷᠤᠹᠧᠰᠰᠤᠷ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ | ᠳᠤᠷᠠᠳᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠣᠭᠰᠠᠨ ᠪᠥᠭᠡᠳ ᠶᠠᠷᠢᠯᠴᠠᠪᠠ | ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠲᠥᠪ ᠬᠤᠷᠢᠶ᠎ᠠ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠯᠵᠢᠶᠡᠨ ᠤ ᠬᠦᠴᠦᠷᠬᠡᠭ ᠤᠯᠤᠰ ᠤᠨ | ᠪᠠᠶᠢᠯᠳᠤᠬᠤ ᠪᠣᠳᠣᠯᠭ᠎ᠠ ᠪᠠ ᠤᠯᠤᠰ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠦᠯᠵᠢᠶᠡᠨ ᠤ ᠠᠵᠤ ᠠᠬᠤᠶ ᠶᠢᠨ ᠣᠷᠣᠨ ᠵᠠᠶ ᠶᠢ | ᠥᠷᠭᠡᠳᠭᠡᠵᠦ᠂ ᠢᠨᠲ᠋ᠧᠷ ᠰᠦᠯᠵᠢᠶᠡᠨ ᠳᠤ ᠰᠠᠭᠤᠷᠢᠯᠠᠭᠰᠠᠨ ᠡᠯ᠎ᠡ ᠲᠥᠷᠥᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ | ᠵᠣᠬᠢᠶᠠᠮᠠᠯ ᠣᠶᠤᠨ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠂ ᠤᠶᠤᠨᠲᠤ | ᠨᠡᠶᠢᠭᠡᠮ ᠢ ᠪᠥᠲᠥᠭᠡᠨ ᠪᠠᠶᠢᠭᠤᠯᠵᠤ᠂ ᠲᠣᠭᠠᠴᠢᠯᠠᠯᠲᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠣᠯᠠᠨ ᠤᠯᠤᠰ ᠤᠨ | ᠥᠷᠢᠰᠥᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠥᠯᠥᠭᠵᠢᠯ ᠢ ᠴᠣᠭᠴᠠᠯᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ | ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠢᠯᠡᠳᠲᠡ ᠠᠮᠵᠢᠯᠲᠠ ᠪᠦᠲᠦᠮᠵᠢ ᠤᠯᠪᠠ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠭᠠᠷᠤᠬᠰᠠᠨ ᠠᠴᠠ ᠨᠠᠭᠠᠰᠢ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠶ ᠨᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠲᠠᠢ ᠲᠡᠮᠡᠴᠡᠬᠦ᠂ ᠦᠢᠯᠡᠳᠪᠦᠷᠢᠯᠡᠯ ᠠᠮᠢᠳᠤᠷᠠᠯ ᠢ ᠰᠡᠷᠭᠦᠭᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ | ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠰᠢᠨ᠎ᠡ ᠠᠵᠠ ᠲᠣᠬᠢᠶᠠᠯ ᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠃ ᠨᠢᠭᠡ ᠳᠤ᠂ | ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠠᠬᠢᠭᠤᠯᠤᠨ ᠪᠠᠶᠢᠭᠤᠯᠬᠤ ᠳᠤ ᠠᠰᠢᠭᠲᠠᠢ ᠶᠤᠮ᠂ | ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠶ ᠨᠢ ᠡᠯ᠎ᠡ ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠤᠨ ᠲᠦᠷᠭᠡᠨ ᠭᠦᠢᠯᠭᠡᠭᠡᠭᠳᠡᠬᠦ᠂ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠭᠡᠨ ᠠᠭᠤᠰᠤᠯᠴᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ | ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠳᠠᠬᠢᠨ ᠪᠦᠷᠢᠯᠳᠦᠭᠦᠯᠵᠦ᠂ ᠬᠢᠯᠢ ᠠᠯᠤᠰᠯᠠᠨ ᠬᠥᠭᠵᠢᠬᠦ ᠶᠢ ᠪᠡᠶᠡᠯᠡᠭᠦᠯᠵᠦ᠂ ᠴᠠᠭ ᠬᠤᠭᠤᠴᠠᠭ᠎ᠠ ᠪᠠ ᠣᠷᠣᠨ ᠵᠠᠶ ᠶᠢᠨ | ᠬᠢᠵᠠᠭᠠᠷᠯᠠᠯ ᠢ ᠡᠪᠳᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠡᠷᠭᠢᠯᠲᠡ ᠶᠢ | ᠰᠢᠯᠤᠭᠤᠳᠬᠠᠵᠤ ᠪᠣᠯᠣᠨ᠎ᠠ᠃ ᠬᠤᠶᠠᠷ ᠲᠤ᠂ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠶᠢ ᠠᠬᠢᠭᠤᠯᠬᠤ ᠳᠤ ᠠᠰᠢᠭᠲᠠᠢ ᠶᠤᠮ᠂ ᠲᠣᠭᠠᠴᠢᠯᠠᠭᠰᠠᠨ ᠠᠵᠤ ᠠᠬᠤᠢ ᠨᠢ ᠳᠡᠭᠡᠳᠦ ᠭᠡᠮᠵᠢᠶᠡᠨ ᠤ ᠰᠢᠨ᠎ᠡ ᠡᠭᠦᠳᠦᠯᠲᠡ ᠶᠢᠨ ᠴᠢᠨᠠᠷ᠂ ᠴᠢᠩᠭ᠎ᠠ | ᠨᠡᠪᠴᠢᠯᠲᠡ ᠶᠢᠨ ᠴᠢᠨᠠᠷ᠂ ᠥᠷᠭᠡᠨ ᠪᠦᠷᠬᠦᠴᠡ ᠶᠢᠨ ᠴᠢᠨᠠᠷ ᠲᠠᠢ ᠪᠠᠶᠢᠵᠤ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠪᠣᠯᠬᠤ ᠪᠦᠭᠡᠳ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠲᠤᠯᠭᠠᠭᠤᠷᠢᠯᠠᠯ ᠴᠡᠭ ᠪᠠᠶᠢᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠴᠢᠬᠤᠯᠠ | ᠬᠥᠳᠡᠯᠭᠡᠭᠦᠷ ᠪᠤᠯᠵᠤ ᠪᠣᠯᠣᠨ᠎ᠠ᠃ ᠭᠤᠷᠪᠠ ᠳᠤ᠂ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠤᠯᠤᠰ ᠤᠨ ᠥᠷᠢᠰᠦᠯᠳᠦᠭᠡᠨ ᠤ ᠰᠢᠨ᠎ᠡ | ᠳᠠᠪᠠᠭᠤᠯᠢᠭ ᠢ ᠪᠠᠶᠢᠭᠤᠯᠬᠤ ᠳᠤ ᠠᠰᠢᠭᠲᠠᠢ ᠶᠤᠮ᠂ ᠣᠳᠣᠬᠠᠨ ᠤ ᠴᠠᠭ ᠦᠶ᠎ᠡ ᠳᠤ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠢ ᠪᠣᠯ | ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠲᠡᠷᠢᠭᠦᠨ ᠠᠵᠠ ᠲᠣᠬᠢᠶᠠᠯ᠂ ᠰᠢᠨ᠎ᠡ ᠨᠢᠭᠡ | ᠡᠭᠡᠯᠵᠢ ᠶᠢᠨ ᠤᠯᠠᠨ ᠤᠯᠤᠰ ᠤᠨ ᠥᠷᠢᠰᠥᠯᠳᠦᠭᠡᠨ ᠤ ᠭᠤᠣᠯᠳᠠᠯᠭ᠎ᠠ ᠲᠠᠢ ᠬᠦᠷᠢᠶ᠎ᠡ ᠪᠣᠯᠣᠨ᠎ᠠ᠂ ᠪᠢᠳᠡ ᠠᠵᠠ ᠲᠣᠬᠢᠶᠠᠯ ᠢ ᠠᠮᠵᠢᠵᠤ᠂ ᠢᠷᠡᠭᠡᠳᠦᠢ ᠶᠢᠨ | ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ | ᠬᠦ ᠵᠠᠩᠭᠢᠯᠠᠭ᠎ᠠ ᠶᠢ ᠠᠳᠬᠤᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ᠂ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠬᠰᠠᠨ | ᠪᠠᠶᠢᠭᠤᠯᠤᠯ ᠤᠨ ᠳᠠᠪᠠᠭᠤᠯᠢᠭ᠂ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠲᠣᠭᠠᠴᠢᠯᠠᠭᠰᠠᠨ ᠮᠡᠷᠭᠡᠵᠢᠯ ᠤᠨ ᠰᠠᠭᠤᠷᠢ | ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠨ ᠪᠡᠶᠡᠯᠡᠭᠦᠯᠵᠦ᠂ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠡᠵᠡᠨ ᠮᠡᠳᠡᠬᠦ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ ᠰᠢ ᠶᠢᠨ ᠫᠢᠩ᠂ ᠰᠢᠨ᠎ᠡ ᠬᠡᠯᠪᠡᠷᠢ ᠶᠢᠨ | ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠭᠡᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠥᠨᠳᠥᠷ | ᠬᠤᠷᠳᠤᠴᠠᠲᠤ ᠦᠷᠭᠡᠨ ᠳᠡᠯᠭᠡᠷ᠂ ᠲᠩᠷᠢ ᠭᠠᠵᠠᠷ ᠢ ᠨᠢᠭᠡ ᠴᠤᠬᠴᠠᠵᠢᠭᠤᠯᠤᠭᠰᠠᠨ᠂ ᠡᠭᠦᠯᠡ ᠰᠦᠯᠵᠢᠶ᠎ᠡ ᠶᠢ ᠠᠭᠤᠰᠤᠯᠴᠠᠭᠤᠯᠤᠭᠰᠠᠨ᠂ ᠣᠶᠤᠨᠴᠢ ᠲᠦᠷᠭᠡᠨ᠂ | ᠪᠣᠬᠢᠷᠲᠤᠯ ᠦᠬᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠢ ᠡᠵᠡᠮᠳᠡᠵᠦ ᠳᠡᠶᠢᠯᠬᠦ ᠤᠶᠤᠨᠴᠢᠯᠠᠬᠰᠠᠨ ᠶᠡᠷᠦᠩᠬᠡᠶᠢᠯᠡᠭᠰᠡᠨ ᠴᠢᠨᠠᠷᠲᠠᠢ | ᠲᠣᠭᠠᠴᠢᠯᠠᠭᠰᠠᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠲᠦᠷᠭᠡᠳᠭᠡᠨ ᠪᠦᠳᠦᠬᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠮᠡᠳᠡᠭᠡ | ᠵᠠᠩᠭᠢ ᠶᠢᠨ ︽ᠭᠤᠣᠯ ᠰᠤᠳᠠᠰᠤ︾ ᠶᠢ ᠨᠡᠪᠲᠡᠷᠡᠭᠦᠯᠬᠦ ᠬᠡᠷᠡᠭᠲᠡᠢ᠃ ᠠᠵᠤ ᠦᠢᠯᠡᠰᠵᠢᠭᠰᠡᠨ᠂ ᠬᠡᠪᠴᠢᠶᠡᠵᠢᠭᠰᠡᠨ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠵᠤ᠂ | ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠪᠤᠭᠤᠮᠳᠠ ᠶᠢ ᠭᠤᠣᠯᠳᠠᠯᠭ᠎ᠠ ᠲᠠᠢ ᠰᠢᠪᠳᠤᠯᠤᠨ᠂ ᠵᠦᠭᠡᠯᠡᠨ ᠲᠤᠨᠤᠬ ᠤᠨ ᠠᠵᠤ ᠦᠢᠯᠡᠰ ᠢ ᠪᠣᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠬᠰᠠᠨ ᠴᠢᠭᠯᠡᠯ ᠢ ᠡᠵᠡᠮᠳᠡᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠬᠥᠳᠡᠭᠡ ᠠᠵᠤ ᠠᠬᠤᠢ | ᠵᠡᠷᠭᠡ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠢᠨᠲ᠋ᠧᠷ ᠰᠦᠯᠵᠢᠶᠡᠨ ᠤ ᠰᠢᠨ᠎ᠡ ᠮᠡᠷᠭᠡᠵᠢᠯ ᠢ ᠠᠰᠢᠭᠯᠠᠨ ᠤᠯᠠᠮᠵᠢᠯᠠᠯᠲᠤ ᠠᠵᠤ ᠦᠢᠯᠡᠰ ᠲᠤ ᠪᠦᠬᠦ | ᠲᠠᠯ᠎ᠠ ᠶᠢᠨ᠂ ᠪᠦᠬᠦ ᠬᠡᠯᠬᠢᠶᠡᠨ ᠤ ᠥᠭᠡᠷᠡᠴᠢᠯᠡᠯᠲᠡ ᠬᠢᠵᠦ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠲᠣᠭᠠᠴᠢᠯᠠᠭᠰᠠᠨ | ᠮᠡᠷᠭᠡᠵᠢᠯ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠲᠣᠮᠣᠷᠠᠭᠤᠯᠬᠤ᠂ ᠳᠠᠪᠬᠤᠴᠠᠭᠤᠯᠬᠤ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠬᠤ | ᠬᠡᠷᠡᠭᠲᠡᠢ᠃ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠪᠣᠯᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠢᠭᠡ | ᠪᠦᠯᠦᠭ ︽ᠲᠤᠰᠬᠠᠢ ᠨᠠᠷᠢᠯᠢᠭ ᠣᠨᠴᠠᠭᠠᠢ ᠰᠢᠨ᠎ᠡ︾ ᠠᠵᠤ ᠠᠬᠤᠶᠢᠯᠠᠯ ᠪᠣᠯᠣᠨ ᠦᠢᠯᠡᠳᠬᠦ ᠦᠢᠯᠡᠰ ᠤᠨ ᠲᠠᠩ ᠲᠦᠷᠦᠯ ᠤᠨ ᠮᠠᠩᠯᠠᠢ ᠠᠵᠤ ᠠᠬᠤᠶᠢᠯᠠᠯ ᠢ ᠲᠦᠷᠭᠡᠨ | ᠪᠤᠶᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ | ᠬᠤᠰᠢᠭᠤᠷᠠᠯ ᠪᠠ ᠠᠰᠢᠭᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠮᠡᠷᠭᠡᠵᠢᠯ ᠤᠨ ᠰᠢᠪᠲᠤᠯᠤᠯᠲᠠ ᠪᠠ ᠴᠢᠬᠤᠯᠠ ᠶᠡᠭᠡ | ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠦᠷᠢᠰᠦᠯᠳᠦᠬᠦ ᠬᠦᠴᠦᠨ ᠢ ᠴᠢᠩᠭᠠᠳᠬᠠᠵᠤ | ᠂ ᠭᠤᠣᠯᠳᠠᠯᠭ᠎ᠠ ᠲᠠᠢ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠰᠣᠯᠢᠭᠳᠠᠯ ᠢ | ᠲᠦᠷᠭᠡᠳᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠵᠢᠷᠤᠮᠵᠢᠭᠤᠯᠵᠤ᠂ ᠬᠥᠭᠵᠢᠯᠲᠡ ᠶᠢ | ᠠᠬᠢᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠢ ᠵᠡᠷᠭᠡ ᠪᠠᠷ ᠠᠳᠬᠤᠨ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠳᠠᠯᠠᠨ᠂ | ᠬᠥᠭᠵᠢᠯᠲᠡ ᠶᠢᠨ ᠳᠤᠮᠳᠠ ᠵᠢᠷᠤᠮᠵᠢᠭᠤᠯᠬᠤ᠂ ᠵᠢᠷᠤᠮᠵᠢᠯ ᠤᠨ ᠳᠤᠮᠳᠠ ᠬᠥᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ᠂ ᠡᠷᠬᠡ | ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠳᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠪᠦᠬᠦ ᠲᠠᠯ᠎ᠠ ᠶᠢᠨ᠂ | ᠤᠯᠠᠨ ᠳᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠤᠶᠢᠨᠠᠬᠢ ᠪᠦᠬᠦ | ᠬᠡᠯᠬᠢᠶᠡᠨ ᠤ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠬᠥᠭᠵᠢᠯᠲᠡ ᠶᠢᠨ ᠶᠠᠪᠤᠴᠠ ᠳᠤ ᠣᠯᠠᠨ ᠲᠦᠮᠡᠨ ᠤ ᠠᠰᠢᠭ ᠲᠤᠰᠠ ᠶᠢ | ᠬᠤᠬᠢᠷᠠᠭᠤᠯᠤᠭᠰᠠᠨ᠂ ᠭᠤᠣᠯᠴᠢ ᠥᠷᠢᠰᠥᠯᠳᠦᠭᠡᠨ ᠢ ᠬᠠᠷᠰᠢᠯᠠᠭᠰᠠᠨ ᠦᠢᠯᠡ ᠠᠵᠢᠯᠯᠠᠭ᠎ᠠ ᠪᠠ ᠠᠷᠭ᠎ᠠ ᠬᠢᠳᠡᠯ ᠢ ᠵᠠᠯᠠᠷᠠᠭᠤᠯᠤᠨ ᠵᠢᠷᠤᠮᠵᠢᠭᠤᠯᠵᠤ᠂ ᠲᠠᠪᠴᠠᠩ ᠤᠨ | ᠭᠠᠭᠴᠠᠭᠠᠷ ᠡᠵᠡᠷᠬᠡᠬᠦ ᠪᠠ ᠬᠦᠷᠦᠩᠭᠡ ᠶᠢᠨ ᠡᠮᠬᠢ ᠵᠢᠷᠤᠮ ᠦᠭᠡᠢ ᠥᠷᠭᠡᠳᠬᠦ ᠶᠢ ᠰᠡᠷᠭᠡᠶᠢᠯᠡᠨ ᠬᠤᠷᠢᠭᠯᠠᠵᠤ᠂ ᠭᠠᠭᠴᠠᠭᠠᠷ ᠡᠵᠡᠷᠭᠡᠬᠦ ᠪᠠ ᠵᠦᠢ ᠪᠤᠰᠤ | ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠴᠠᠩ ᠤᠨ ᠠᠵᠢᠯᠳᠠᠳ ᠪᠠ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠬᠢᠨᠠᠯᠲᠠ ᠬᠠᠮᠢᠶᠠᠷᠤᠯᠲᠠ ᠪᠠ ᠭᠠᠶᠢᠯᠢ ᠶᠢᠨ ᠶᠠᠪᠤᠳᠠᠯ ᠤᠨ ᠪᠠᠶᠢᠴᠠᠭᠠᠯᠲᠠ ᠶᠢ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠲᠥᠷᠥ ᠶᠢᠨ ᠪᠣᠳᠣᠯᠭ᠎ᠠ ᠲᠦᠷᠢᠮ ᠢ ᠪᠦᠷᠢᠨᠰᠢᠭᠦᠯᠦᠨ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ | ᠠᠬᠤᠶ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ ᠠᠵᠢᠯ ᠢᠶᠠᠨ ᠬᠤᠪᠢᠶᠠᠷᠢᠯᠠᠨ | ᠬᠠᠮᠲᠤᠷᠠᠯᠴᠠᠵᠤ᠂ ᠬᠠᠷᠢᠯᠴᠠᠨ ᠬᠠᠮᠵᠢᠯᠴᠠᠬᠤ ᠬᠡᠷᠡᠭᠲᠡᠢ᠃ ᠬᠢᠨᠠᠨ ᠬᠠᠮᠢᠶᠠᠷᠬᠤ ᠮᠡᠷᠭᠡᠵᠢᠯ ᠪᠠ ᠠᠷᠭ᠎ᠠ ᠪᠠᠷᠢᠯ ᠢᠶᠠᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠬᠢᠨᠠᠨ | ᠬᠠᠮᠢᠶᠠᠷᠬᠤ ᠪᠠ ᠵᠠᠰᠠᠬᠤ ᠶᠢ ᠰᠢᠨ᠎ᠡ ᠶᠢ ᠡᠭᠦᠳᠬᠦ᠂ ᠦᠢᠯᠡᠳᠪᠦᠷᠢᠯᠡᠬᠦ᠂ ᠡᠵᠡᠩᠨᠡᠬᠦ᠂ ᠪᠡᠯᠡ ᠣᠷᠣᠭᠤᠯᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ | ᠲᠠᠪᠴᠠᠩᠳᠦ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ | ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠬᠢᠨᠠᠯᠲᠠ᠂ ᠵᠠᠭᠤᠴᠢᠯᠠᠭᠤᠷ ᠤᠨ ᠬᠢᠨᠠᠯᠲᠠ᠂ ᠤᠯᠠᠨ ᠨᠡᠶᠢᠲᠡ ᠶᠢᠨ ᠬᠢᠨᠠᠯᠲᠠ ᠶᠢ ᠥᠷᠨᠢᠭᠦᠯᠵᠦ᠂ ᠬᠢᠨᠠᠯᠲᠠ | ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠲᠣᠭᠠᠴᠢᠯᠠᠭᠰᠠᠨ ᠮᠡᠷᠭᠡᠵᠢᠯ ᠪᠣᠯᠤᠨ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠳᠤ ᠬᠤᠯᠪᠣᠭᠳᠠᠬᠤ ᠠᠰᠠᠭᠤᠳᠠᠯ ᠤᠨ ᠲᠤᠬᠠᠢ ᠠᠷᠭᠠᠴᠠᠭᠠᠬᠤ ᠪᠣᠳᠣᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ᠃ ᠲᠣᠭᠠᠴᠢᠯᠠᠭᠰᠠᠨ ᠠᠵᠤ | ᠠᠬᠤᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ | ᠠᠬᠤᠢ ᠶᠢᠨ ᠵᠥᠪᠯᠡᠬᠦ ᠰᠡᠳᠦᠪ ᠤᠨ ᠬᠡᠯᠡᠯᠴᠡᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠣᠰ ᠲᠠᠯᠠᠳᠦ ᠪᠠ ᠤᠯᠠᠨ ᠲᠠᠯᠠᠲᠤ ᠲᠣᠭᠠᠴᠢᠯᠠᠭᠰᠠᠨ | ᠵᠠᠰᠠᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠠᠨ ᠲᠠᠯᠠᠲᠤ ᠲᠣᠭᠠᠴᠢᠯᠠᠭᠰᠠᠨ ᠠᠵᠤ ᠠᠬᠤᠢ ᠶᠢᠨ ᠵᠠᠰᠠᠯᠲᠠ ᠶᠢᠨ ᠲᠣᠭᠲᠠᠴᠠ ᠶᠢ ᠬᠠᠮᠠᠭᠠᠯᠠᠨ ᠲᠡᠭᠦᠯᠳᠡᠷᠵᠢᠭᠦᠯᠵᠦ | ᠂ ᠳᠤᠮᠳᠠᠳᠤ ᠤᠯᠤᠰ ᠤᠨ ᠲᠥᠰᠦᠯ ᠢ ᠴᠠᠭ ᠲᠤᠬᠠᠢ ᠳᠤᠨᠢ ᠳᠤᠷᠠᠳᠴᠤ᠂ ᠳᠤᠮᠳᠠᠳᠤ ᠤᠯᠤᠰ ᠤᠨ ᠳᠠᠭᠤᠨ ᠢ ᠴᠤᠤᠷᠢᠶᠠᠲᠤᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠨᠢ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠤᠢ᠂ ᠮᠠᠨ ᠤ ᠤᠯᠤᠰ ᠤᠨ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠦᠵᠦ ᠲᠥᠯᠥᠪᠯᠡᠭᠡ ᠪᠣᠯᠤᠨ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ | ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ ᠡᠯ᠎ᠡ ᠱᠠᠲᠤᠨ ᠤ | ᠤᠳᠤᠷᠢᠳᠬᠤ ᠺᠠᠳ᠋ᠷ ᠲᠣᠭᠠᠴᠢᠯᠠᠭᠰᠠᠨ ᠠᠵᠤ ᠠᠬᠤᠶ ᠶᠢᠨ ᠰᠡᠳᠭᠢᠬᠦᠶ ᠶᠢᠨ ᠴᠢᠳᠠᠪᠤᠷᠢ ᠪᠣᠯᠤᠨ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠵᠦ᠂ | ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠲᠣᠭᠠᠴᠢᠯᠠᠭᠰᠠᠨ ᠠᠵᠤ | ᠠᠬᠤᠶ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠪᠦᠬᠦ ᠠᠷᠠᠳ ᠪᠦᠬᠦ | ᠨᠡᠶᠢᠭᠡᠮ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠨᠡᠶᠢᠭᠡᠮ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | |