| ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 17 ᠤ ᠴᠠᠬᠢᠯᠭᠠᠨ ᠮᠡᠳᠡᠭᠡ ᠶᠠᠩᠱᠤᠤ ᠶᠢᠨ ᠰᠣᠶᠣᠯ ᠢ ᠢᠯᠡᠷᠡᠭᠦᠯᠦᠭᠰᠡᠨ ᠪᠠ ᠳᠤᠮᠳᠠᠳᠤ ᠤᠯᠤᠰ ᠤᠨ | ᠤᠳᠤ ᠦᠶ᠎ᠡ ᠶᠢᠨ ᠬᠠᠭᠤᠴᠢ ᠰᠤᠳᠤᠯᠤᠯ ᠤᠨ ᠤᠬᠠᠭᠠᠨ ᠮᠡᠨᠳᠦᠯᠡᠭᠰᠡᠨ 100 ᠵᠢᠯ ᠤᠨ ᠤᠢ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ | ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠬᠠᠭᠤᠴᠢ ᠰᠤᠳᠤᠯᠤᠯ ᠤᠨ ᠠᠵᠢᠯᠲᠠᠳ ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ 100 ᠵᠢᠯ ᠤᠨ ᠲᠤᠷᠰᠢ᠂ ᠬᠡᠳᠦᠨ ᠦᠶ᠎ᠡ ᠶᠢᠨ ᠬᠠᠭᠤᠴᠢ ᠰᠤᠳᠤᠯᠤᠭᠴᠢᠳ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠥᠬᠦᠷᠡᠰᠢ ᠥᠬᠡᠶ | ᠴᠢᠷᠮᠠᠶᠢᠵᠤ᠂ ᠠᠯᠢ ᠣᠯᠠᠨ ᠴᠢᠬᠤᠯᠠ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠲᠠᠢ ᠪᠣᠯᠵᠣ᠂ ᠳᠤᠮᠳᠠᠳᠤ ᠶᠢᠨ ᠪᠣᠯᠪᠠᠰᠤᠨ ᠤ ᠡᠭᠦᠰᠦᠯ᠂ ᠬᠥᠭᠵᠢᠯᠲᠡ ᠶᠢᠨ | ᠰᠤᠳᠠᠰᠤ᠂ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠪᠣᠯᠤᠨ ᠳᠡᠯᠡᠬᠡᠶ ᠶᠢᠨ ᠪᠣᠯᠪᠠᠰᠤᠨ ᠳᠤ ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠶᠢ ᠬᠠᠷᠠᠭᠤᠯᠵᠤ᠂ | ᠥᠨᠢ ᠤᠳᠠᠭᠠᠨ ᠤᠯᠠᠮᠵᠢᠯᠠᠯ ᠲᠠᠢ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠪᠣᠯᠪᠠᠰᠤᠨ ᠢ ᠨᠠᠩ ᠰᠠᠶᠢᠲᠤᠷ ᠲᠠᠨᠢᠬᠤ ᠳᠤ ᠴᠢᠬᠤᠯᠠ ᠦᠢᠯᠡᠳᠦᠯ | ᠦᠵᠡᠭᠦᠯᠪᠡ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ ᠥᠷᠭᠡᠨ ᠤᠯᠠᠨ ᠬᠠᠭᠤᠴᠢ ᠰᠤᠳᠤᠯᠤᠯ ᠤᠨ ᠠᠵᠢᠯᠳᠠᠨ ᠲᠡᠦᠬᠡ ᠶᠢᠨ ᠡᠭᠦᠷᠭᠡᠲᠦ ᠪᠤᠳᠤᠯ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ | ᠴᠢᠩᠭᠠᠳᠬᠠᠵᠤ᠂ ᠨᠠᠷᠢᠨ ᠬᠢᠨᠠᠮᠠᠭᠠᠢ ᠦᠨᠡᠨ ᠢ ᠡᠷᠬᠢᠮᠯᠡᠬᠦ᠂ ᠰᠢᠷᠭᠠᠭᠤ ᠬᠠᠲᠠᠭᠤᠵᠢᠯᠲᠠᠢ ᠲᠡᠮᠡᠴᠡᠬᠦ᠂ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ | ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠡᠴᠢᠨ᠎ᠠ ᠨᠢᠭᠤᠴᠠᠭᠠᠢ ᠵᠦᠢᠯᠡᠰ ᠢ ᠦᠷᠬᠦᠯᠵᠢᠯᠡᠨ ᠬᠠᠶᠢᠨ ᠰᠦᠪᠡᠭᠴᠢᠯᠡᠵᠦ᠂ ᠤᠭ ᠦᠨᠳᠦᠰᠦ ᠶᠢ ᠨᠢ ᠢᠯᠡᠷᠡᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠤᠯᠤᠰ ᠤᠨ ᠬᠡᠪ ᠨᠠᠮᠪᠠ ᠲᠠᠢ᠂ ᠳᠤᠮᠳᠠᠳᠤ ᠤᠯᠤᠰ ᠤᠨ ᠰᠦᠷ ᠵᠢᠪᠬᠤᠭ᠎ᠠ ᠲᠠᠢ ᠬᠠᠭᠤᠴᠢ ᠰᠤᠳᠤᠯᠤᠯ ᠤᠨ | ᠤᠬᠠᠭᠠᠨ ᠢ ᠴᠢᠷᠮᠠᠶᠢᠨ ᠪᠠᠶᠢᠭᠤᠯᠵᠤ᠂ ᠳᠤᠮᠳᠠᠳᠤ ᠶᠢᠨ ᠪᠣᠯᠪᠠᠰᠤᠨ ᠤ ᠴᠤᠭ ᠵᠢᠪᠬᠤᠭ᠎ᠠ ᠶᠢ ᠨᠡᠩ ᠰᠠᠶᠢᠲᠤᠷ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠨᠡᠩ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃ | ᠶᠠᠩᠱᠤᠤ ᠶᠢᠨ ᠰᠣᠶᠣᠯ ᠢ ᠢᠯᠡᠷᠡᠭᠦᠯᠦᠭᠰᠡᠨ ᠵᠢᠴᠢ ᠳᠤᠮᠳᠠᠳᠤ ᠤᠯᠤᠰ ᠤᠨ ᠣᠳᠣ ᠦᠶ᠎ᠡ ᠶᠢᠨ ᠬᠠᠭᠤᠴᠢ ᠰᠤᠳᠤᠯᠤᠯ ᠤᠨ ᠤᠬᠠᠭᠠᠨ ᠮᠡᠨᠳᠦᠯᠡᠭᠰᠡᠨ 100 | ᠵᠢᠯ ᠤᠨ ᠣᠶ ᠶᠢ ᠳᠤᠷᠠᠰᠬᠠᠬᠤ ᠶᠡᠭᠡ ᠬᠤᠷᠠᠯ 17 ᠤ ᠡᠳᠦᠷ ᠾᠧᠨᠠᠨ ᠮᠤᠵᠢ ᠶᠢᠨ ᠰᠠᠨ ᠮᠧᠨ ᠰᠢᠶᠠ ᠬᠤᠲᠠ ᠳᠤ ᠡᠬᠢᠯᠡᠵᠦ᠂ ᠳᠤᠮᠳᠠᠳᠤ ᠤᠯᠤᠰ ᠤᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ᠂ ᠾᠧᠨᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ | ᠬᠠᠮᠲᠤᠷᠠᠨ ᠡᠷᠭᠢᠯᠡᠪᠡ᠃ 1921 ᠣᠨ ᠤ 10 ᠰᠠᠷ᠎ᠠ ᠳᠤ᠂ ᠾᠧᠨᠠᠨ ᠮᠤᠵᠢ ᠶᠢᠨ ᠮᠢᠶᠠᠨ ᡂᠢ ᠰᠢᠶᠠᠨ ᠤ ᠶᠠᠩᠱᠤᠤ ᠶᠢᠨ ᠪᠠᠭᠤᠷᠢ ᠶᠢ ᠠᠭᠤᠳᠠᠯᠵᠤ᠂ ᠳᠤᠮᠳᠠᠳᠤ | ᠤᠯᠤᠰ ᠤᠨ ᠤᠳᠤ ᠦᠶ᠎ᠡ ᠶᠢᠨ ᠬᠠᠭᠤᠴᠢ ᠰᠤᠳᠤᠯᠤᠯ ᠤᠨ ᠤᠬᠠᠭᠠᠨ ᠤ ᠬᠥᠰᠢᠭᠡ ᠶᠢ ᠰᠡᠬᠦᠪᠡ᠃ | | |