ᠰᠢ ᠶᠢᠨ ᠫᠢᠩ᠄ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ ᠰᠢᠨ᠎ᠡ ᠶᠢ ᠡᠭᠦᠳᠬᠦ ᠠᠵᠠ ᠲᠣᠬᠢᠶᠠᠯ ᠢ ᠴᠢᠩᠭ᠎ᠠ ᠠᠳᠬᠤᠵᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/10/27
    ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠲᠤᠰ ᠲᠤᠰ ᠦᠵᠡᠰᠬᠦᠯᠡᠩ ᠢ ᠲᠣᠭᠤᠷᠢᠨ ᠦᠵᠡᠪᠡ    ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 26 ᠤ ᠦᠳᠡ ᠶᠢᠨ ᠬᠤᠶᠢᠨ᠎ᠠ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠬᠦ ᠳᠡᠭᠡᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠰᠢᠨ᠎ᠡ ᠶᠢ ᠡᠭᠦᠳᠬᠦ ᠴᠢᠳᠠᠪᠤᠷᠢ ᠶᠡᠭᠡ ᠪᠠᠷ ᠳᠡᠭᠡᠭᠰᠢᠯᠡᠵᠦ᠂ ᠰᠠᠭᠤᠷᠢ ᠬᠤᠰᠢᠭᠤᠴᠢ ᠮᠡᠷᠭᠡᠵᠢᠯ᠂ ᠪᠠᠶᠢᠯᠳᠤᠬᠤ ᠪᠤᠳᠤᠯᠭ᠎ᠠ ᠶᠢᠨ ᠳᠡᠭᠡᠳᠦ ᠮᠡᠷᠭᠡᠵᠢᠯ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠣᠯᠵᠠᠢ᠃ ᠡᠨᠡ ᠪᠣᠯ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ ᠪᠦᠬᠦ ᠤᠯᠤᠰ ᠢᠯᠠᠩᠭᠤᠶ᠎ᠠ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ᠃ ᠣᠳᠣᠬᠠᠨ ᠳᠤ᠂ ᠮᠠᠨ ᠤ ᠤᠯᠤᠰ ᠨᠢᠭᠡᠨᠲᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠨᠠᠮ ᠪᠠ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠮᠠᠰᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠪᠠᠶᠢᠳᠠᠭ᠂ ᠪᠦᠬᠦ ᠤᠯᠤᠰ ᠤᠨ ᠥᠷᠭᠡᠨ ᠤᠯᠡᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠵᠤ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠵᠤ᠂ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ᠂ ᠰᠢᠨ᠎ᠡ ᠶᠢ ᠡᠭᠦᠳᠬᠦ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠤᠶᠠᠨ ᠣᠷᠭᠢᠯ ᠳᠤ ᠵᠣᠷᠢᠭᠲᠠᠢ ᠠᠪᠠᠷᠢᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠢᠷᠠᠭᠤ ᠠᠯᠳᠠᠷᠲᠤ ᠲᠡᠦᠬᠡᠲᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 

10.27.头条新闻.jpg

 

    10 ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ

ᠬᠤᠷᠢᠶᠠᠨ ᠤ ᠲᠡᠷᠢᠭᠦᠯᠡᠭᠴᠢ ᠪᠡᠭᠡᠵᠢᠩ ᠳᠤ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠦᠭᠰᠡᠨ ᠠᠮᠵᠢᠯᠲᠠ ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠪᠠ᠃

    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ

    ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋

ᠨᠢᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠲᠤᠰ ᠲᠤᠰ ᠦᠵᠡᠰᠬᠦᠯᠡᠩ ᠢ ᠲᠣᠭᠤᠷᠢᠨ ᠦᠵᠡᠪᠡ᠃

    ᠦᠳᠡ ᠶᠢᠨ ᠬᠤᠶᠢᠨᠠᠬᠢ 3 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠪᠡᠭᠡᠵᠢᠩ ᠤᠨ ᠦᠵᠡᠰᠬᠦᠯᠡᠩ ᠤᠨ ᠣᠷᠳᠣᠨ ᠳᠤ ᠬᠦᠷᠴᠦ᠂ ᠳᠡᠯᠭᠡᠨ

ᠦᠵᠡᠭᠦᠯᠬᠦ ᠲᠢᠩᠬᠢᠮ ᠳᠤ ᠣᠷᠣᠵᠤ ᠦᠵᠡᠰᠬᠦᠯᠡᠩ ᠢ ᠲᠣᠭᠤᠷᠢᠨ ᠦᠵᠡᠪᠡ᠃ ᠦᠵᠡᠰᠭᠦᠯᠡᠩ ᠨᠢ ︽ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ

ᠪᠣᠯᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠵᠦᠭ ᠤᠷᠤᠭᠰᠢᠯᠠᠶ᠎ᠠ︾ ᠪᠠᠷ ᠭᠤᠣᠯ ᠰᠡᠳᠦᠪ ᠪᠣᠯᠭᠠᠨ᠂ ᠶᠡᠷᠦᠩᠬᠡᠶ ᠳᠠᠷᠠᠭᠠᠯᠠᠯ᠂

ᠵᠠᠭᠤᠨ ᠵᠢᠯ ᠤᠨ ᠡᠷᠭᠢᠴᠡᠭᠦᠯᠦᠯ᠂ ᠰᠠᠭᠤᠷᠢ ᠰᠤᠳᠤᠯᠭᠠᠨ᠂ ᠳᠡᠭᠡᠳᠦ ᠰᠢᠨ᠎ᠡ ᠮᠡᠷᠭᠡᠵᠢᠯ᠂ ᠴᠢᠬᠤᠯᠠ ᠶᠡᠭᠡ ᠲᠤᠰᠬᠠᠢ ᠲᠦᠷᠦᠯ ᠵᠦᠢᠯ᠂ ᠲᠠᠷᠢᠶᠠᠯᠠᠩ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ᠂ ᠨᠡᠶᠢᠭᠡᠮ ᠤᠨ ᠬᠥᠭᠵᠢᠯᠲᠡ ᠵᠡᠷᠭᠡ 12 ᠦᠵᠡᠭᠦᠯᠭᠡ ᠶᠢᠨ ᠲᠣᠭᠤᠷᠢᠭ ᠬᠤᠪᠢᠶᠠᠵᠤ᠂ 1300 ᠭᠠᠷᠤᠢ ᠪᠣᠳᠠᠲᠤ ᠪᠤᠳᠠᠰ᠂ 200

ᠭᠠᠷᠤᠢ ᠵᠠᠭᠪᠤᠷ ᠵᠡᠷᠭᠡ ᠪᠠᠷ ᠳᠠᠮᠵᠢᠭᠤᠯᠤᠨ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢᠬᠢ ᠪᠦᠬᠦ ᠨᠠᠮ ᠪᠦᠬᠦ ᠤᠯᠤᠰ ᠢᠶᠠᠷ ᠢᠶᠠᠨ ᠰᠢ ᠶᠢᠨ ᠫᠢᠩ

ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠠᠯᠢ ᠤᠯᠠᠨ ᠴᠢᠬᠤᠯᠠ

ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠯᠣᠭᠰᠠᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠬᠦᠯᠵᠡᠢ᠃

    ᠳᠡᠯᠡᠬᠡᠶ ᠶᠢᠨ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠬᠠᠨᠳᠤᠭᠤᠯᠵᠤ᠂ ᠦᠵᠡᠰᠭᠦᠯᠡᠩ ᠳᠤ ︽ᠶᠢᠰᠦᠨ ᠪᠦᠯᠦᠭᠲᠦ︾ ᠺᠸᠠᠨ᠋ᠲ

ᠪᠣᠳᠣᠯᠭ᠎ᠠ ᠶᠢᠨ ᠮᠠᠰᠢᠨ ᠤ ᠠᠩᠬᠠᠨ ᠤ ᠵᠠᠭᠪᠤᠷ ᠮᠠᠰᠢᠨ᠂ ᠬᠤᠶᠠᠳᠤᠭᠠᠷ ᠤᠳᠠᠭᠠᠨ ᠤ ᠬᠥᠬᠡᠨᠠᠭᠤᠷ ᠲᠥᠪᠡᠳ ᠤᠨ ᠥᠨᠳᠦᠷᠯᠢᠭ ᠤᠨ ᠶᠡᠷᠦᠩᠬᠡᠶᠢᠯᠡᠭᠰᠡᠨ ᠰᠢᠨᠵᠢᠯᠡᠬᠦ

ᠤᠬᠠᠭᠠᠨ ᠤ ᠪᠠᠶᠢᠴᠠᠭᠠᠯᠲᠠ ᠶᠢᠨ ᠰᠤᠳᠤᠯᠭᠠᠨ᠂ ︽ᠲᠢᠶᠠᠨ ᠵᠢᠢ ᠨᠡᠷᠡᠮᠵᠢᠳᠤ︾ ᠲᠠᠷᠢᠬᠢᠨ ᠤ ᠴᠢᠫ ᠢᠯᠲᠠᠰᠤ ᠵᠡᠷᠭᠡ ᠰᠠᠭᠤᠷᠢ ᠮᠡᠷᠭᠡᠵᠢᠯ ᠤᠨ ᠬᠤᠰᠢᠭᠤᠷᠠᠯ ᠤᠨ

ᠴᠢᠬᠤᠯᠠ ᠶᠡᠭᠡ ᠰᠢᠪᠲᠤᠯᠤᠯᠲᠠ ᠵᠢᠴᠢ ᠪᠤᠲᠠᠷᠠᠮᠠᠯ ᠨᠧᠳ᠋ᠷᠣᠨ ᠡᠭᠦᠰᠬᠡᠭᠴᠢ᠂ ︽ᠭᠢᠷᠠᠬᠠᠢ ᠨᠢᠳᠦ︾ ᠳᠠᠭᠠᠭᠤᠯᠢ ᠣᠲᠣ ᠵᠡᠷᠭᠡ ᠰᠢᠨᠵᠢᠯᠡᠬᠦ ᠤᠬᠠᠭᠠᠨ ᠤ ᠲᠣᠨᠣᠭᠯᠠᠯ ᠢ

ᠭᠤᠤᠯᠳᠠᠯᠭ᠎ᠠ ᠲᠠᠢ ᠳᠡᠯᠭᠡᠨ ᠦᠵᠡᠭᠦᠯᠪᠡ᠃ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠭᠤᠯᠵᠤ᠂ ᠤᠯᠤᠰ ᠤᠨ ᠰᠢᠨ᠎ᠡ ᠨᠢᠭᠡ ᠦᠶ᠎ᠡ ᠶᠢᠨ ᠵᠣᠬᠢᠶᠠᠮᠠᠯ

ᠣᠶᠤᠨ ᠴᠢᠳᠠᠪᠤᠷᠢ ᠶᠢᠨ ᠨᠡᠭᠡᠭᠡᠯᠲᠡ ᠬᠢᠵᠦ ᠰᠢᠨ᠎ᠡ ᠶᠢ ᠡᠭᠦᠳᠬᠦ ᠲᠠᠪᠴᠠᠩ᠂ ︽ᠵᠢᠩ ᠬᠤᠸᠠ ᠨᠡᠷᠡᠮᠵᠢᠲᠦ︾ ᠤᠯᠤᠰ ᠲᠠᠭᠠᠨ ᠦᠢᠯᠡᠳᠪᠦᠷᠢᠯᠡᠭᠰᠡᠨ ᠬᠠᠮᠤᠭ ᠤᠨ

ᠶᠡᠭᠡ ᠳ᠋ᠢᠶᠠᠮᠧᠳ᠋ᠷ ᠪᠥᠬᠦᠶ ᠪᠠᠮᠪᠠᠶ ᠪᠦᠲᠦᠴᠡᠲᠦ ᠮᠠᠰᠢᠨ ᠵᠡᠷᠭᠡ ᠶᠢ ᠭᠤᠤᠯᠳᠠᠯᠭ᠎ᠠ ᠲᠠᠢ ᠳᠡᠯᠭᠡᠨ ᠦᠵᠡᠭᠦᠯᠵᠠᠢ᠃ ᠤᠯᠤᠰ ᠤᠨ ᠴᠢᠬᠤᠯᠠ ᠶᠡᠭᠡ ᠬᠡᠷᠡᠭᠴᠡᠭᠡ

ᠱᠠᠭᠠᠷᠳᠠᠯᠭ᠎ᠠ ᠳᠤ ᠬᠠᠨᠳᠤᠭᠤᠯᠵᠤ᠂ ᠳᠤᠮᠳᠠᠳᠤ ᠤᠯᠤᠰ ᠤᠨ ᠰᠠᠨᠰᠠᠷ ᠤᠨ ᠥᠷᠲᠡᠭᠡᠨ ᠤ ᠵᠠᠭᠪᠤᠷ᠂ ᠭᠠᠯ ᠭᠠᠷᠠᠭ ᠤᠨ ᠲᠡᠷᠭᠡ᠂ ︽ᠴᠠᠩ ᠧ ᠲᠠᠪᠤᠳᠤᠭᠠᠷ︾᠂ ︽

ᠲᠡᠮᠡᠴᠡᠭᠴᠢ︾ ᠨᠡᠷᠡᠮᠵᠢᠲᠦ ᠭᠦᠨ ᠲᠠᠯᠠᠢ ᠶᠢᠨ ᠬᠥᠮᠦᠨ ᠰᠠᠭᠤᠯᠭᠠᠭᠰᠠᠨ ᠱᠤᠩᠭᠤᠭᠤᠷ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠲᠣᠨᠣᠭᠯᠠᠯ᠂ ᠪᠦᠬᠦ ᠪᠦᠮᠪᠦᠷᠴᠡᠭ ᠤᠨ

ᠠᠩᠬᠠᠳᠠᠭᠴᠢ ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠤ ᠥᠨᠳᠥᠷ ᠬᠠᠯᠠᠭᠤᠨ ᠠᠭᠤᠷ ᠢᠶᠠᠷ ᠬᠥᠷᠥᠭᠡᠬᠦ ᠵᠢᠱᠢᠶ᠎ᠡ ᠦᠵᠡᠭᠦᠯᠬᠦ ᠵᠤᠤᠬ᠎ᠠ᠂ ︽ᠭᠦᠸᠧ ᠾᠧ

ᠨᠢᠭᠡᠳᠦᠭᠡᠷ︾ ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠵᠡᠷᠭᠡ ᠤᠯᠤᠰ ᠤᠨ ᠴᠢᠬᠤᠯᠠ ᠵᠡᠪᠰᠡᠭ ᠢ ᠭᠤᠣᠯᠳᠠᠯᠭ᠎ᠠ ᠲᠠᠢ ᠳᠡᠯᠭᠡᠨ ᠦᠵᠡᠭᠦᠯᠵᠠᠢ᠃ ᠠᠷᠠᠳ

ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠵᠤ᠂ ᠨᠢᠭᠡ ᠴᠣᠭᠴᠠᠵᠢᠭᠰᠠᠨ ᠪᠥᠬᠦ ᠪᠡᠶ᠎ᠡ ᠶᠢᠨ ᠡᠶᠡᠷᠭᠦ ᠡᠯᠧᠺᠳ᠋ᠷᠣᠨ ᠬᠠᠷᠪᠤᠴᠠ / ᠰᠣᠷᠢᠨᠵᠢᠨ

ᠳᠡᠷᠪᠢᠯᠲᠡ ᠪᠠᠷ ᠳᠦᠷᠰᠦ ᠪᠦᠲᠦᠭᠡᠬᠦ ᠲᠣᠨᠣᠭᠯᠠᠯ᠂ ᠬᠥᠮᠦᠨ ᠬᠡᠷᠡᠭᠰᠡᠬᠦ ᠥᠬᠡᠶ ᠤᠷᠭᠤᠮᠠᠯ ᠤᠨ ᠦᠢᠯᠡᠳᠪᠦᠷᠢ ᠶᠢᠨ ᠤᠰᠤᠨ ᠲᠤᠲᠤᠷᠭ᠎ᠠ ᠶᠢᠨ ᠡᠭᠦᠯᠳᠡᠷ

ᠪᠤᠶᠢᠵᠢᠭᠤᠯᠬᠤ ᠲᠦᠷᠭᠡᠳᠭᠡᠭᠦᠷ ᠵᠢᠴᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠵᠢᠭ ᠲᠠᠢ ᠲᠡᠮᠡᠴᠡᠬᠦ︾᠂ ︽ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ︾ ᠤ ᠬᠠᠮᠤᠭ ᠤᠨ ᠰᠢᠨ᠎ᠡ ᠦᠷ᠎ᠡ ᠪᠦᠲᠦᠭᠡᠯ ᠁ ᠵᠡᠷᠭᠡ ᠶᠢ ᠭᠤᠤᠯᠳᠠᠯᠭ᠎ᠠ ᠲᠠᠢ

ᠳᠡᠯᠭᠡᠨ ᠦᠵᠡᠭᠦᠯᠵᠠᠢ᠃ ᠠᠯᠢ ᠣᠯᠠᠨ ᠪᠣᠳᠠᠲᠤ ᠪᠣᠳᠠᠰ᠂ ᠠᠯᠢ ᠣᠯᠠᠨ ᠵᠠᠭᠪᠤᠷ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠭᠠᠨ ᠮᠠᠨ ᠤ

ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠤ ᠣᠯᠣᠭᠰᠠᠨ ᠴᠢᠬᠤᠯᠠ ᠶᠡᠭᠡ ᠠᠬᠢᠴᠠ ᠪᠣᠯᠤᠨ ᠳᠣᠪᠤᠶᠢᠮ᠎ᠠ ᠠᠮᠵᠢᠯᠲᠠ

ᠪᠦᠲᠦᠮᠵᠢ ᠶᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠨᠠᠷᠢᠨ ᠬᠢᠨᠠᠮᠠᠭᠠᠶ ᠦᠵᠡᠵᠦ᠂ ᠠᠵᠢᠯᠲᠠᠨ ᠤ

ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠬᠤᠯᠪᠣᠭᠳᠠᠯ ᠪᠥᠬᠦᠶ ᠪᠠᠶᠢᠳᠠᠯ ᠢ ᠯᠠᠪᠯᠠᠨ ᠠᠰᠠᠭᠤᠪᠠ᠃

    ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂

ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂

ᠲᠥᠷᠥ ᠶᠢᠨ ᠶᠠᠪᠤᠳᠠᠯ ᠤᠨ ᠭᠡᠰᠢᠭᠦᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ

ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠦᠵᠡᠰᠬᠦᠯᠡᠩ ᠢ ᠲᠣᠭᠤᠷᠢᠨ ᠦᠵᠡᠪᠡ᠃

   

   

 

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ