​ᠤᠳᠬᠤᠨᠰᠸ᠎ᠠ ᠭᠡᠰᠢᠭᠦᠨ᠄ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢᠨ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠴᠢᠬᠤᠯᠠᠲᠠᠢ
ᠨᠡᠶᠢᠲᠡᠯᠡᠭᠰᠡᠨ ᠴᠠᠭ᠄
2021/10/27
    ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤᠳᠬᠤᠨᠰᠸ᠎ᠠ ᠪᠤᠯ ᠦᠤᠰᠢᠨ ᠬᠤᠰᠢᠭᠤᠨ ᠤ ᠰᠦᠯᠳᠡ ᠰᠤᠮᠤᠨ ᠤ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠪᠴᠢᠶᠠᠨ ᠤ ᠳᠠᠷᠤᠭ᠎ᠠ ᠮᠦᠨ᠃ ᠦᠨᠳᠦᠰᠦᠨ ᠱᠠᠲᠤᠨ ᠤ ᠺᠠᠳ᠋ᠷ ᠪᠤᠯᠤᠭᠰᠠᠨ ᠤ ᠬᠤᠪᠢ ᠳᠤ ᠲᠡᠷᠡ ᠠᠷᠠᠳ ᠤᠯᠠᠨ ᠤ ᠪᠠᠨ ᠠᠵᠢᠯ ᠠᠮᠢᠳᠤᠷᠠᠯ ᠤᠨ ᠲᠠᠯ᠎ᠠ ᠳᠤ ᠶᠡᠬᠡᠬᠡᠨ ᠠᠩᠬᠠᠷᠤᠯ ᠲᠠᠯᠪᠢᠳᠠᠭ ᠪᠠᠶᠢᠯ᠎ᠠ᠃ 

10.27 访谈.jpg

 

   ᠲᠡᠭᠦᠨ ᠤ ᠦᠵᠡᠬᠦ ᠪᠠᠷ᠂ ᠪᠤᠳᠠᠰ ᠤᠨ ᠪᠤᠰᠤ ᠰᠤᠶᠤᠯ ᠤᠨ ᠦᠪ ᠨᠢ ᠪᠤᠰᠤᠳ ᠰᠤᠶᠤᠯ ᠤᠨ ᠬᠡᠯᠪᠡᠷᠢ ᠠᠴᠠ ᠢᠯᠭᠠᠭᠳᠠᠬᠤ ᠤᠨᠴᠠᠯᠢᠭ ᠲᠠᠢ᠂ ᠤᠯᠠᠨ ᠤ

ᠮᠡᠳᠡᠭᠡᠵᠢ ᠪᠠᠷ᠂ ᠪᠤᠳᠠᠰ ᠤᠨ ᠪᠤᠰᠤ ᠰᠤᠶᠤᠯ ᠤᠨ ᠦᠪ ᠲᠤ ᠤᠯᠠᠮᠵᠢᠯᠠᠯᠲᠤ ᠵᠠᠩ ᠤᠢᠢᠯᠡ᠂ ᠪᠠᠶᠠᠷ ᠳᠤᠷᠠᠰᠬᠠᠯ ᠤᠨ ᠡᠳᠦᠷ᠂ ᠭᠠᠷ ᠤᠷᠠᠯᠠᠯ ᠤᠨ ᠮᠡᠷᠭᠡᠵᠢᠯ᠂

ᠦᠯᠢᠭᠡᠷ ᠳᠠᠭᠤᠤ᠂ ᠲᠤᠭᠯᠠᠬᠤ ᠤᠷᠠᠯᠢᠭ ᠭᠡᠬᠦ ᠮᠡᠲᠤ ᠤᠯᠠᠨ ᠵᠦᠢᠯ ᠪᠠᠭᠲᠠᠵᠤ ᠪᠤᠢ᠂ ᠤᠳᠤᠬᠢᠴᠢᠯᠠᠯᠲᠠ ᠶᠢᠨ ᠠᠬᠢᠴᠠ ᠶᠢ ᠲᠠᠭᠠᠯᠳᠤᠨ ᠪᠤᠳᠠᠰ ᠤᠨ ᠪᠤᠰᠤ

ᠰᠤᠶᠤᠯ ᠨᠢ ᠠᠭᠠᠵᠢᠮ ᠢᠶᠠᠷ ᠤᠷᠤᠰᠢᠨ ᠲᠤᠭᠲᠠᠨᠢᠬᠤ ᠬᠦᠷᠦᠰᠦ ᠰᠢᠷᠦᠢ ᠪᠠᠨ ᠠᠯᠳᠠᠵᠤ᠂ ︽ᠬᠠᠮᠠᠭᠠᠯᠠᠬᠤ ᠳᠤ ᠬᠦᠴᠢᠷᠲᠠᠢ᠂ ᠤᠯᠠᠮᠵᠢᠯᠠᠨ ᠵᠠᠯᠭᠠᠮᠵᠢᠯᠠᠬᠤ ᠳᠤ

ᠬᠦᠴᠢᠷᠲᠠᠢ︾ ᠪᠠᠶᠢᠬᠤ ᠪᠠᠶᠢᠳᠠᠯ ᠳᠤ ᠲᠤᠯᠭᠠᠷᠠᠵᠤ ᠪᠠᠶᠢᠨ᠎ᠠ᠃ ᠪᠤᠳᠠᠰ ᠤᠨ ᠪᠤᠰᠤ ᠰᠤᠶᠤᠯ ᠤᠨ ᠦᠪ ᠤᠨ ᠤᠨᠴᠠᠭᠠᠢ ᠴᠢᠨᠠᠷ ᠠᠴᠠ ᠪᠤᠯᠵᠤ᠂ ᠬᠠᠮᠠᠭᠠᠯᠠᠬᠤ ᠪᠠ

ᠤᠯᠠᠮᠵᠢᠯᠠᠨ ᠵᠠᠯᠭᠠᠮᠵᠢᠯᠠᠬᠤ ᠠᠵᠢᠯ ᠢ ᠵᠦᠪᠬᠡᠨ ᠳᠦᠭᠦᠮᠬᠡᠨ ᠦᠵᠡᠭᠦᠯᠭᠡ ᠪᠠᠷ ᠯᠠ ᠪᠡᠶᠡᠯᠡᠭᠦᠯᠵᠤ ᠳᠡᠶᠢᠯᠬᠦ ᠦᠭᠡᠢ᠂ ᠬᠠᠷᠢᠨ ᠨᠡᠩ ᠨᠠᠷᠢᠨ ᠨᠢᠮᠪᠠᠢ ᠲᠦᠯᠦᠪᠯᠡᠭᠡ

ᠪᠠᠶᠢᠬᠤ ᠭᠡᠷᠡᠭᠲᠡᠢ ᠪᠠᠶᠢᠨ᠎ᠠ᠃

    ᠡᠨᠡ ᠬᠦ ᠪᠠᠶᠢᠳᠠᠯ ᠳᠤ ᠴᠢᠭᠯᠡᠭᠦᠯᠤᠨ ᠤᠳᠬᠤᠨᠰᠸ᠎ᠠ ᠳᠤᠤᠷᠠᠬᠢ ᠬᠤᠶᠠᠷ ᠵᠦᠢᠯ ᠤᠨ ᠰᠠᠨᠠᠯ ᠢ ᠳᠡᠪᠰᠢᠭᠦᠯᠦᠭᠰᠡᠨ ᠪᠠᠶᠢᠨ᠎ᠠ᠃ ᠡ᠊ᠡᠭ ᠲᠡᠷᠢᠭᠦᠨ ᠳᠤ ᠤᠯᠠᠮᠵᠢᠯᠠᠨ

ᠵᠠᠯᠭᠠᠮᠵᠢᠯᠠᠭᠴᠢ ᠶᠢ ᠬᠦᠮᠦᠵᠢᠭᠦᠯᠬᠦ ᠪᠦᠷᠢᠨ ᠲᠡᠭᠦᠯᠳᠡᠷ ᠲᠤᠭᠲᠠᠴᠠ ᠶᠢ ᠪᠠᠶᠢᠭᠤᠯᠬᠤ ᠬᠡᠷᠡᠭᠲᠡᠢ᠂ ᠢᠪᠴᠤᠤ ᠤᠯᠠᠮᠵᠢᠯᠠᠯ ᠤᠨ ᠬᠡᠯᠪᠡᠷᠢ ᠶᠢ ᠡᠪᠳᠡᠵᠤ᠂ ᠪᠦᠬᠦ

ᠨᠡᠶᠢᠭᠡᠮ ᠳᠤ ᠬᠠᠨᠳᠤᠭᠤᠯᠤᠨ᠂ ᠰᠤᠨᠢᠷᠬᠠᠯ ᠲᠠᠢ᠂ ᠰᠤᠷᠤᠯᠴᠠᠬᠤ ᠬᠦᠰᠡᠯ ᠲᠠᠢ ᠬᠦᠮᠦᠰ ᠲᠤ ᠤᠢᠢᠯᠠᠭᠠᠵᠤ ᠰᠤᠷᠤᠯᠴᠠᠬᠤ ᠵᠠᠪᠰᠢᠶᠠᠨ ᠢ ᠤᠯᠭᠤᠨ᠎ᠠ᠃ ᠳᠠᠷᠠᠭᠠᠯᠠᠪᠠᠯ᠂

ᠪᠤᠳᠠᠰ ᠤᠨ ᠪᠤᠰᠤ ᠰᠤᠶᠤᠯ ᠤᠨ ᠦᠪ ᠤᠨ ᠰᠢᠨ᠎ᠡ ᠶᠢ ᠡᠭᠦᠳᠬᠦ ᠲᠤᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠂ ᠦᠷᠭᠦᠯᠵᠢᠯᠡᠨ ᠰᠢᠨ᠋ ᠎ᠡ ᠶᠢ ᠡᠭᠦᠳᠪᠡᠯ ᠰᠠᠶ᠋ᠢ ᠤᠯᠠᠨ

ᠲᠥᠮᠡᠨ ᠲᠠᠢ ᠤᠢᠢᠷᠠᠳᠴᠤ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ ᠴᠢᠳᠠᠨ᠎ᠠ᠃

    ᠲᠡᠷᠡ ᠪᠠᠰᠠ ᠦᠨᠳᠦᠰᠦᠨ ᠱᠠᠲᠤᠨ ᠤ ᠬᠠᠤᠯᠢᠵᠢᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠠᠷᠠᠳ ᠤᠯᠠᠨ ᠤ ᠬᠠᠤᠯᠢ

ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠲᠤᠬᠠᠢ ᠰᠠᠨᠠᠯ ᠲᠤᠷᠠᠳᠤᠯᠭ᠎ᠠ ᠪᠠᠨ ᠲᠡᠪᠰᠢᠬᠦᠯᠦᠭᠰᠡᠨ ᠪᠠᠶᠢᠨ᠎ᠠ᠃

  

 

ᠢᠷᠡᠯᠲᠡ᠄ ᠤᠷᠳᠤᠰ ᠮᠤᠩᠭᠤᠯ ᠰᠦᠯᠵᠢᠶ᠎ᠠ