ᠤᠳᠤᠭᠢ ᠪᠠᠶᠢᠳᠠᠯ ᠲᠤᠤᠷ᠎ᠠ ᠶᠠᠮᠠᠷ ᠠᠷᠭ᠎ᠠ ᠭᠡᠮᠵᠢᠶ᠎ᠠ ᠠᠪᠴᠤ ᠪᠠᠶᠢᠭᠠᠳ ᠠᠮᠢ ᠠᠬᠤᠢ ᠶᠢᠨ ᠤᠷᠴᠢᠨ ᠲᠤᠭᠤᠷᠢᠨ ᠢ ᠢᠳᠡᠭ ᠢᠳᠡᠭ ᠢᠶᠠᠷ ᠰᠡᠷᠭᠦᠭᠡᠭᠦ ᠪᠤᠢ︖
ᠨᠡᠶᠢᠲᠡᠯᠡᠭᠰᠡᠨ ᠴᠠᠭ᠄
2021/10/27
    ᠭᠡᠷᠪᠡ ᠪᠢᠳᠡ ᠶᠡᠭᠡ ᠭᠡᠮᠵᠢᠶᠠᠨ ᠤ ᠵᠠᠷᠤᠳᠠᠯ ᠢᠶᠠᠨ 1% ᠶᠢᠨ ᠭᠠᠵᠠᠷ ᠨᠤᠳᠤᠭ ᠲᠡᠭᠡᠷ᠎ᠠ ᠲᠦᠪᠯᠡᠷᠡᠭᠦᠯᠵᠤ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠲᠡᠭᠡᠷ᠎ᠡ ᠲᠦᠪᠯᠡᠷᠡᠭᠦᠯᠵᠤ᠂ ᠲᠠᠳᠡᠨ ᠢ ᠬᠠᠪᠰᠤᠷᠤᠨ ᠠᠵᠤ ᠦᠢᠯᠡᠰ ᠤᠨ ᠬᠤᠯᠪᠤᠭᠠᠰᠤ ᠪᠠᠶᠢᠭᠤᠯᠬᠤ ᠲᠤᠬᠠᠶᠢᠯᠠᠪᠠᠯ ᠡᠪᠡᠰᠤ ᠲᠠᠷᠢᠬᠤ᠂ ᠬᠠᠳᠤᠵᠤ ᠬᠤᠷᠢᠶᠠᠬᠤ᠂ ᠬᠠᠳᠠᠭᠠᠯᠠᠬᠤ᠂ ᠲᠡᠭᠡᠭᠡᠪᠤᠷᠢᠯᠡᠭᠦ᠂ ᠬᠠᠰᠢᠶᠠᠯᠠᠨ ᠲᠡᠵᠢᠭᠡᠭᠦ᠂ ᠰᠦ ᠮᠢᠬ᠎ᠠ ᠦᠢᠯᠡᠳᠪᠤᠷᠢᠯᠡᠭᠦ᠂ ᠲᠠᠭᠢᠨ ᠲᠡᠭᠡᠭᠡᠪᠤᠷᠢᠯᠡᠭᠦ᠂ ᠬᠤᠳᠠ ᠶᠢᠨ ᠢᠷᠭᠡᠳ ᠲᠤ ᠪᠤᠷᠤᠯᠠᠭᠤᠯᠬᠤ ᠭᠡᠪ ᠪᠠᠶᠢᠳᠠᠯ ᠢ ᠪᠤᠢ ᠪᠤᠯᠭᠠᠬᠤ ᠶᠢᠨ ᠬᠠᠮᠳᠤ ᠲᠤᠰᠬᠠᠶᠢᠵᠢᠠᠠᠰᠠᠨ ᠠᠵᠢᠯ ᠤᠨ ᠬᠤᠪᠢᠶᠠᠷᠢ᠂ ᠡᠷᠴᠢᠮᠵᠢᠭᠰᠡᠨ ᠮᠠᠯ ᠠᠵᠤ ᠠᠬᠤᠢ ᠶᠢ ᠪᠤᠢ ᠪᠤᠯᠭᠠᠪᠠᠯ ᠮᠠᠯᠴᠢᠨ ᠲᠦᠮᠡᠨ ᠯᠠᠪᠳᠡᠢ ᠪᠠᠶᠠᠷᠯᠠᠨ ᠤᠠᠠᠳᠤᠬᠤ ᠪᠦᠭᠡᠳ ᠶᠡᠭᠡ ᠭᠡᠪᠴᠢᠶᠠᠨ ᠤ ᠠᠮᠢ ᠠᠬᠤᠢ ᠶᠢᠨ ᠨᠡᠭᠦᠳᠡᠯ ᠭᠢᠭᠦ ᠴᠤ ᠭᠡᠷᠡᠭ ᠦᠭᠡᠢ ᠪᠤᠯᠬᠤ ᠶᠤᠮ᠃ ᠰᠢᠨᠵᠢᠯᠡᠭᠦ ᠤᠬᠠᠭᠠᠨ ᠤ ᠲᠠᠯ᠎ᠠ ᠪᠠᠷ ᠪᠤᠯ ᠪᠠᠭ᠎ᠠ ᠭᠡᠮᠵᠢᠶᠠᠨ ᠤ ᠭᠠᠵᠠᠷ ᠨᠤᠳᠤᠭ ᠲᠡᠭᠡᠷ᠎ᠡ ᠠᠮᠢ ᠠᠬᠤᠢ ᠶᠢᠨ ᠰᠢᠰᠲ᠋ᠧᠮ ᠤᠨ ᠠᠩᠬᠠᠨ ᠤ ᠱᠠᠳᠤᠨ ᠤ ᠦᠢᠯᠡᠳᠪᠤᠷᠢᠯᠡᠯ ᠢ ᠭᠢᠭᠦ ᠨᠢ ᠲᠡᠮᠡᠢ ᠭᠦᠴᠢᠷ ᠲᠠᠢ ᠶᠠᠪᠤᠳᠠᠯ ᠪᠢᠰᠢ᠂ ᠬᠠᠷᠢᠨ ᠭᠦᠴᠢᠷ ᠲᠠᠢ ᠨᠢ ᠦᠨᠳᠤᠷ ᠨᠡᠮᠡᠯᠳᠡ ᠦᠷᠳᠡᠭ ᠪᠦᠭᠦᠢ ᠪᠦᠳᠦᠭᠡᠭᠳᠡᠭᠦᠨ ᠢ ᠭᠡᠷᠭᠢᠨ ᠡᠭᠦᠳᠭᠦ ᠶᠠᠪᠤᠳᠠᠯ ᠪᠤᠯᠤᠨ᠎ᠠ᠃ ᠡᠶᠢᠮᠤ ᠠᠴᠠ ᠲᠦᠪ ᠤᠨ ᠡᠳ᠋ ᠤᠨ ᠵᠠᠰᠠᠭ ᠤᠨ ᠠᠮᠢ ᠠᠬᠤᠢ ᠶᠢᠨ ᠵᠠᠰᠠᠯᠳᠠ ᠶᠢᠨ ᠵᠠᠷᠤᠳᠠᠯ ︵ᠵᠢᠱᠢᠶᠡᠯᠡᠪᠡᠯ ᠡᠯᠡᠰᠤ ᠵᠠᠰᠠᠬᠤ ᠵᠠᠷᠤᠳᠠᠯ᠂ ᠤᠶᠢᠵᠢᠭᠤᠯᠤᠯᠳᠠ ᠶᠢᠨ ᠵᠠᠷᠤᠳᠠᠯ᠂ ᠭᠠᠮᠰᠢᠭ ᠠᠴᠠ ᠲᠡᠳᠭᠦᠭᠦ ᠵᠠᠷᠤᠳᠠᠯ᠂ ᠠᠮᠢ ᠠᠬᠤᠢ ᠶᠢᠨ ᠨᠦᠭᠦᠪᠤᠷᠢ ᠵᠠᠷᠤᠳᠠᠯ᠂ ᠡᠯ᠎ᠡ ᠵᠦᠢᠯ ᠤᠨ ᠨᠡᠶᠢᠭᠡᠮ ᠤᠨ ᠲᠡᠳᠭᠦᠮᠵᠢ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠠᠷᠤᠳᠠᠯ ᠤᠨ ᠭᠡᠷᠡᠭᠯᠡᠯᠳᠡ ᠶᠢ ᠲᠠᠴᠢᠷᠳ᠋ᠬᠠᠰᠠᠨ ᠭᠠᠵᠠᠷ ᠤᠷᠤᠨ ᠤ ᠨᠡᠶᠢᠭᠡᠮ ᠲᠤᠭᠤᠷᠢᠭ ᠲᠠᠰᠢ ᠭᠡᠯᠪᠠᠶᠢᠯᠭᠡᠵᠤ᠂ ᠵᠢᠵᠢᠭ ᠬᠤᠳᠠ ᠪᠠᠯᠭᠠᠰᠦ ᠶᠢ ᠭᠦᠭᠵᠢᠭᠦᠯᠵᠤ᠂ ᠤᠰᠤ᠂ ᠴᠠᠭᠢᠯᠭᠠᠨ᠂ ᠴᠢᠮᠡᠭᠡ ᠨᠡᠪᠳᠡᠷᠡᠯᠭᠡ᠂ ᠵᠠᠮ ᠬᠠᠷᠢᠯᠴᠠᠭ᠎ᠠ᠂ ᠰᠤᠷᠭᠠᠨ ᠭᠦᠮᠦᠵᠢᠯ᠂ ᠠᠮᠢᠳᠤᠷᠠᠯ ᠤᠨ ᠭᠢᠷᠢ ᠲᠦᠪᠰᠢᠨ ᠢ ᠲᠡᠭᠡᠭᠰᠢᠯᠡᠭᠦᠯᠭᠦ ᠵᠡᠷᠭᠡ ᠲᠠᠯ᠎ᠠ ᠶᠢᠨ ᠪᠤᠳᠠᠳᠠᠢ ᠠᠰᠠᠭᠤᠳᠠᠯ ᠢ ᠰᠢᠢᠳᠪᠤᠷᠢᠯᠡᠵᠤ᠂ ᠲᠠᠳᠡᠨᠤᠰ ᠤᠨ ᠤᠷᠴᠢᠨ ᠲᠤᠭᠤᠷᠢᠨ ᠳᠤ ᠡᠪᠳᠡᠯᠡᠭᠡ ᠤᠴᠠᠷᠠᠭᠤᠯᠬᠤ ᠶᠢ ᠨᠢ ᠪᠠᠭᠠᠰᠬᠠᠬᠤ ᠭᠡᠷᠡᠭᠳᠡᠢ᠃ ᠤᠳᠤᠬᠠᠨ ᠳᠤ ᠦᠷᠭᠡᠨ ᠠᠭᠤᠳᠠᠮ ᠲᠠᠯ᠎ᠠ ᠨᠤᠳᠤᠭ ᠲᠤ ᠲᠠᠷᠢᠶᠠᠯᠠᠬᠤ ᠶᠢ ᠵᠤᠠᠠᠰᠤᠭᠠᠵᠤ ᠮᠤᠳᠤ ᠲᠠᠷᠢᠪᠡᠯ ᠨᠦᠭᠦᠪᠤᠷᠢ ᠲᠠᠢ ᠬᠠᠷᠢᠨ ᠡᠪᠡᠰᠤ ᠲᠡᠷᠢᠪᠡᠯ ᠦᠴᠦᠭᠡᠨ ᠪᠡᠯᠡ ᠮᠦᠡᠭᠭᠦ ᠦᠭᠭᠦ ᠲᠦᠷᠤ ᠶᠢᠨ ᠪᠤᠳᠤᠯᠭ᠎ᠠ ᠶᠢ ᠭᠡᠷᠡᠭᠵᠢᠭᠦᠯᠵᠤ ᠪᠠᠶᠢᠨ᠎ᠠ᠃ ᠡᠨᠡ ᠬᠦ ᠲᠦᠷᠤ ᠶᠢᠨ ᠪᠤᠳᠤᠯᠭ᠎ᠠ ᠶᠢ ᠲᠠᠷᠦ᠋ᠢᠬᠠᠨ ᠵᠠᠯᠠᠷᠠᠭᠤᠯᠬᠤ ᠦᠭᠡᠢ ᠶᠤᠮ ᠪᠤᠯ ᠨᠡᠩ ᠶᠡᠭᠡ ᠭᠡᠪᠴᠢᠶᠡᠨ ᠳᠤ ᠨᠤᠳᠤᠭ ᠪᠡᠯᠴᠢᠭᠡᠷ ᠤᠨ ᠲᠠᠴᠢᠷᠳᠡᠯ ᠢ ᠪᠤᠢ ᠪᠤᠯᠭᠠᠬᠤ ᠪᠤᠯᠤᠨ᠎ᠠ᠃ ᠴᠤᠬᠤᠮ ᠳᠠᠭᠠᠨ ᠠᠰᠢᠭ ᠲᠤᠰᠠ ᠶᠢᠨ ᠬᠠᠷᠢᠴᠠᠭ᠎ᠠ ᠪᠤᠯᠤᠨ ᠭᠠᠵᠠᠷ ᠨᠤᠳᠤᠭ ᠤᠨ ᠭᠡᠷᠡᠭᠯᠡᠯᠳᠡ ᠶᠢᠨ ᠴᠢᠳᠠᠪᠤᠷᠢ ᠶᠢᠨ ᠬᠤᠪᠢᠷᠠᠯᠳᠠ ᠪᠠᠷ ᠲᠠᠮᠵᠢᠭᠤᠯᠤᠨ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢ ᠠᠬᠤᠢ ᠶᠢᠨ ᠵᠠᠰᠠᠯᠳᠠ ᠳᠤ ᠰᠠᠨᠠᠭᠠᠴᠢᠯᠠᠭ᠎ᠠ ᠦᠭᠡᠢ ᠤᠷᠤᠯᠴᠠᠵᠤ ᠪᠠᠶᠢᠠᠠᠰᠠᠨ ᠠᠴᠠ ᠨᠢ ᠰᠠᠨᠠᠭᠠᠴᠢᠯᠠᠭ᠎ᠠ ᠲᠠᠢ ᠤᠷᠤᠯᠴᠠᠬᠤ ᠪᠤᠯᠭᠠᠭᠠᠳ᠂ ᠠᠮᠢ ᠠᠬᠤᠢ ᠶᠢᠨ ᠡᠪᠳᠡᠯᠡᠭᠴᠢᠳ ᠪᠠᠶᠢᠠᠠᠰᠠᠨ ᠠᠴᠠ ᠨᠢ ᠠᠮᠢ ᠠᠬᠤᠢ ᠶᠢᠨ ᠬᠠᠮᠠᠭᠠᠯᠬᠠᠴᠢ ᠪᠤᠯᠭᠠᠬᠤ ᠭᠡᠷᠡᠭᠳᠡᠢ᠃ ᠡᠨᠡ ᠪᠤᠯ ᠠᠮᠢ ᠠᠬᠤᠢ ᠶᠢᠨ ᠵᠠᠰᠠᠯᠳᠠ ᠶᠢᠨ ᠪᠦᠳᠦᠭᠦ ᠡᠰᠡᠭᠦ ᠲᠠᠢ ᠬᠤᠯᠪᠤᠠᠠᠳᠠᠬᠤ ᠵᠠᠩᠭᠢᠯᠠᠭ᠎ᠠ ᠪᠤᠯᠤᠨ᠎ᠠ᠃ ᠡᠯ᠎ᠡ ᠱᠠᠳᠤᠨ ᠤ ᠤᠳᠤᠷᠢᠳᠤᠯᠭ᠎ᠠ ᠨᠠᠷ ᠭᠦᠮᠦᠨ ᠢᠶᠠᠷ ᠦᠨᠳᠤᠰᠤ ᠪᠤᠯᠭᠠᠵᠤ᠂ ᠵᠢᠵᠢᠭ ᠬᠤᠳᠠ ᠪᠠᠯᠭᠠᠳ ᠤᠨ ᠪᠦᠳᠦᠭᠡᠨ ᠪᠠᠶᠢᠭᠤᠯᠤᠯᠳᠠ ᠶᠢᠨ ᠲᠠᠶᠢᠴᠢᠯᠡᠯᠳᠡ ᠪᠠᠷ ᠰᠠᠭᠤᠷᠢ ᠪᠤᠯᠭᠠᠠᠠᠰᠠᠨ ᠭᠠᠵᠠᠷ ᠨᠤᠳᠤᠭ ᠢᠶᠠᠷ ᠭᠠᠵᠠᠷ ᠨᠤᠳᠤᠭ ᠢ ᠵᠠᠰᠠᠬᠤ ᠠᠮᠢ ᠠᠬᠤᠢ ᠶᠢᠨ ᠵᠠᠰᠠᠯᠳᠠ ᠶᠢᠨ ᠦᠯᠢᠭᠡᠷ ᠭᠡᠪ ᠢ ᠢᠳᠡᠪᠭᠢᠳᠡᠢ ᠲᠦᠯᠭᠢᠨ ᠠᠭᠢᠭᠤᠯᠬᠤ ᠭᠡᠷᠡᠭᠳᠡᠢ᠃
ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠡᠴ᠊