ᠵᠢᠮᠢᠰ ᠤᠨ ᠬᠦᠷᠢᠶᠡᠯᠡᠩ ᠳᠤ ᠪᠣᠷᠳᠤᠭᠤᠷ ᠨᠡᠮᠡᠬᠦ ᠭᠤᠷᠪᠠᠨ ᠵᠦᠢᠯ ᠤᠨ ᠠᠷᠭ᠎ᠠ
ᠨᠡᠶᠢᠲᠡᠯᠡᠭᠰᠡᠨ ᠴᠠᠭ᠄
2021/10/27
                   ᠵᠢᠮᠢᠰ ᠤᠨ ᠬᠦᠷᠢᠶᠡᠯᠡᠩ ᠤᠨ ᠬᠠᠮᠢᠶᠠᠷᠤᠯᠲᠠ ᠳᠤᠮᠳᠠ᠂ ᠣᠷᠭᠠᠨᠢᠭ ᠪᠤᠷᠳᠦᠭᠤᠷ ᠪᠣᠯᠣᠨ ᠨᠣᠭᠤᠭᠠᠨ ᠪᠤᠷᠳᠤᠭᠤᠷ ᠢ ᠨᠡᠮᠡᠬᠦ ᠮᠡᠷᠭᠡᠵᠢᠯ ᠠᠴᠠ ᠭᠠᠳᠠᠨ᠎ᠠ᠂ ᠡᠰᠢ ᠰᠦᠷᠡᠯ ᠢ ᠲᠠᠷᠢᠶᠠᠨ ᠭᠠᠵᠠᠷ ᠪᠤᠴᠠᠭᠠᠵᠤ᠂ ᠬᠥᠷᠥᠰᠥ ᠵᠥᠭᠡᠯᠡᠷᠡᠭᠦᠯᠵᠦ ᠰᠢᠷᠤᠢ ᠨᠡᠮᠡᠬᠦ᠂ ᠬᠦᠷᠦᠰᠦᠨ ᠤ ᠨᠠᠶᠢᠷᠠᠯᠭ᠎ᠠ ᠶᠢ ᠬᠡᠮᠵᠢᠨ ᠪᠤᠷᠳᠤᠭᠤᠷ ᠣᠷᠣᠭᠤᠯᠬᠤ ᠵᠡᠷᠭᠡ ᠨᠢ ᠴᠦᠮ ᠵᠢᠮᠢᠰ ᠤᠨ ᠬᠦᠷᠢᠶᠡᠯᠡᠩ ᠤᠨ ᠬᠥᠷᠥᠰᠥ ᠰᠢᠷᠣᠶ ᠶᠢᠨ ᠴᠢᠨᠠᠷ ᠢ ᠳᠡᠭᠡᠭᠰᠢᠯᠡᠭᠦᠯᠵᠦ ᠪᠣᠯᠤᠨ᠎ᠠ᠃ ᠥᠷᠦᠭᠡᠰᠦᠯ ᠢᠶᠠᠷ ᠬᠢᠮᠢ ᠶᠢᠨ ᠪᠤᠷᠳᠤᠭᠤᠷ ᠢ ᠬᠡᠳᠦ ᠬᠡᠷᠡᠭᠯᠡᠬᠦ ᠨᠢ ᠬᠥᠷᠥᠰᠥ ᠰᠢᠷᠣᠶ ᠶᠢ ᠮᠠᠭᠤᠵᠢᠷᠠᠭᠤᠯᠳᠠᠭ᠂ ᠡᠶᠢᠮᠦ ᠠᠴᠠ ᠬᠦᠷᠦᠰᠦ ᠰᠢᠷᠤᠢ ᠳᠤ ᠪᠣᠷᠳᠤᠭᠤᠷ ᠨᠡᠮᠡᠬᠦ ᠨᠢ ᠮᠠᠰᠢ ᠴᠢᠬᠤᠯᠠ ᠪᠠᠶᠢᠳᠠᠭ᠂ ᠡᠨᠡ ᠨᠢ ᠨᠢᠭᠡᠨ ᠤᠷᠳᠤ ᠬᠤᠭᠤᠴᠠᠭᠠᠨ ᠤ ᠲᠣᠭᠲᠠᠴᠠ ᠶᠤᠮ︕ ᠥᠨᠥᠳᠦᠷ᠂ ᠵᠢᠮᠢᠰ ᠤᠨ ᠬᠦᠷᠢᠶᠡᠯᠡᠩ ᠤᠨ ᠬᠥᠷᠥᠰᠥᠨ ᠳᠤ ᠪᠤᠷᠲᠤᠭᠤᠷ ᠨᠡᠮᠡᠬᠦ ᠭᠤᠷᠪᠠᠨ ᠵᠦᠢᠯ ᠤᠨ ᠠᠷᠭ᠎ᠠ ᠶᠢ ᠳᠥᠭᠦᠮ ᠲᠠᠨᠢᠯᠴᠠᠭᠤᠯᠵᠤ᠂ ᠥᠷᠭᠡᠨ ᠤᠯᠠᠨ ᠲᠠᠷᠢᠶᠠᠴᠢᠨ ᠳᠤ ᠯᠠᠪᠯᠠᠯᠲᠠ ᠪᠣᠯᠭᠠᠬᠤ ᠶᠢ ᠵᠣᠷᠢᠯ᠎ᠠ᠃    ︵1︶ ᠡᠰᠢ ᠰᠦᠷᠡᠯ ᠢ ᠲᠠᠷᠢᠶᠠᠨ ᠳᠤ ᠪᠤᠴᠠᠭᠠᠬᠤ ᠨᠢ ᠳᠠᠷᠤᠶ ᠲᠠᠷᠢᠮᠠᠯ ᠤᠨ ᠡᠰᠢ ᠰᠦᠷᠡᠯ ᠢ ᠵᠣᠬᠢᠬᠤ ᠬᠡᠮᠵᠢᠶᠡᠨ ᠳᠤ ᠬᠦᠷᠲᠡᠯ᠎ᠡ ᠨᠠᠷᠢᠯᠢᠭ ᠬᠡᠷᠴᠢᠵᠦ ᠬᠡᠮᠬᠡᠯᠡᠭᠰᠡᠨ ᠤ ᠳᠠᠷᠠᠭ᠎ᠠ᠂ ᠳᠠᠬᠢᠨ ᠲᠠᠷᠢᠶᠠᠨ ᠬᠥᠷᠥᠰᠥ ᠳᠤ ᠪᠤᠴᠠᠭᠠᠬᠤ ᠮᠡᠷᠭᠡᠵᠢᠯ ᠪᠣᠯᠤᠨ᠎ᠠ᠃ ᠲᠡᠭᠦᠨ ᠤ ᠭᠤᠣᠯ ᠵᠣᠷᠢᠯᠭ᠎ᠠ ᠨᠢ ᠮᠦᠨᠴᠦ ᠬᠥᠷᠥᠰᠥ ᠰᠢᠷᠣᠶ ᠶᠢᠨ ᠣᠷᠭᠠᠨᠢᠭ ᠪᠣᠳᠠᠰ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ ᠶᠤᠮ᠃ ᠨᠢᠭᠡ ᠮᠦ ᠲᠠᠷᠢᠶᠠᠨ ᠭᠠᠵᠠᠷ ᠲᠤ ᠪᠠᠷᠤᠭ 1000 ᠺᠢᠯᠦᠭᠷᠡᠮ ᠣᠷᠴᠢᠮ ᠡᠰᠢ ᠰᠦᠷᠡᠯ ᠪᠤᠴᠠᠭᠠᠳᠠᠭ᠂ ᠡᠰᠢ ᠰᠦᠷᠡᠯ ᠢ 5 — 10 ᠰᠠᠨᠲ᠋ᠢᠮᠧᠳ᠋ᠷ ᠤᠷᠲᠤ ᠬᠡᠷᠴᠢᠵᠦ᠂ ᠡᠭᠦᠨ ᠤ ᠬᠠᠮᠲᠦ ᠠᠽᠣᠲ ᠡᠯᠧᠮᠧᠨ᠋ᠲ ᠤᠨ ᠪᠣᠷᠳᠣᠭᠤᠷ ᠢ ᠵᠡᠷᠭᠡᠪᠡᠷ ᠬᠡᠷᠡᠭᠯᠡᠨ᠎ᠡ᠂ 100 ᠺᠢᠯᠣᠭ᠍ᠷᠠᠮ ᠡᠰᠢ ᠰᠦᠷᠡᠯ ᠳᠤ 3 — 5 ᠺᠢᠯᠣᠭ᠍ᠷᠠᠮ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠦ ᠠᠮᠮᠣᠨᠢ ᠬᠡᠷᠡᠭᠯᠡᠨ᠎ᠡ᠃ ᠵᠣᠬᠢᠬᠤ ᠬᠡᠮᠵᠢᠶᠡᠨ ᠤ ᠲᠦᠷᠭᠡᠳᠬᠡᠭᠦᠷ ᠬᠡᠷᠡᠭᠯᠡᠪᠡᠯ᠂ ᠡᠰᠢ ᠰᠦᠷᠡᠯ ᠤᠨ ᠵᠠᠳᠠᠷᠠᠯᠲᠠ ᠳᠤ ᠠᠰᠢᠭᠲᠠᠶ᠃ ᠡᠰᠢ ᠰᠦᠷᠡᠯ ᠢ ᠵᠢᠮᠢᠰ ᠤᠨ ᠮᠣᠳᠣᠨ ᠤ ᠲᠠᠳᠠᠭᠠᠯ ᠳᠣᠣᠷ᠎ᠠ ᠲᠠᠯᠪᠢᠵᠦ᠂ ᠠᠯᠢ ᠴᠢᠳᠠᠬᠤ ᠪᠠᠷ ᠡᠰᠢ ᠰᠦᠷᠡᠯ ᠢ ᠬᠦᠷᠦᠰᠦᠨ ᠤ ᠳᠣᠲᠤᠷ᠎ᠠ ᠤᠷᠪᠠᠭᠤᠯᠵᠤ ᠣᠷᠤᠭᠤᠯᠤᠨ᠎ᠠ᠃    ︵2︶ ᠬᠦᠷᠦᠰᠦᠨ ᠤ ᠨᠠᠶᠢᠷᠠᠯᠭ᠎ᠠ ᠶᠢ ᠨᠢ ᠬᠡᠮᠵᠢᠨ ᠪᠤᠷᠳᠤᠭᠤᠷ ᠣᠷᠣᠭᠤᠯᠬᠤ ᠨᠢ ᠵᠢᠮᠢᠰ ᠤᠨ ᠬᠦᠷᠢᠶᠡᠯᠡᠩ ᠤᠨ ᠬᠥᠷᠥᠰᠥ ᠰᠢᠷᠣᠶ ᠶᠢ ᠬᠡᠷᠬᠢᠨ ᠨᠡᠩ ᠥᠩ ᠰᠢᠮᠡᠯᠢᠭ ᠪᠣᠯᠭᠠᠳᠠᠭ ᠪᠤᠢ︖ ᠬᠥᠷᠥᠰᠥ ᠶᠢᠨ ᠨᠠᠶᠢᠷᠠᠯᠭ᠎ᠠ ᠶᠢ ᠬᠡᠮᠵᠢᠨ ᠪᠤᠷᠳᠤᠭᠤᠷ ᠣᠷᠣᠭᠤᠯᠬᠤ ᠪᠠᠷ ᠳᠠᠮᠵᠢᠨ ᠲᠠᠷᠢᠮᠠᠯ ᠤᠨ ᠥᠰᠥᠯᠲᠡ ᠪᠤᠶᠢᠵᠢᠯᠲᠠ ᠶᠢ ᠨᠦᠯᠦᠭᠡᠯᠡᠬᠦ ᠴᠢᠬᠤᠯᠠ ᠡᠯᠧᠮᠧᠨᠲ ᠢ ᠣᠯᠵᠤ᠂ ᠬᠠᠨᠳᠤᠯᠭᠠᠲᠤ ᠴᠢᠨᠠᠷ ᠲᠠᠢ ᠪᠠᠷ ᠪᠤᠷᠳᠤᠭᠤᠷ ᠲᠣᠬᠢᠷᠠᠭᠤᠯᠵᠦ ᠪᠣᠯᠤᠨ᠎ᠠ᠃ ᠭᠡᠪᠡᠴᠦ᠂ ᠨᠠᠶᠢᠷᠠᠯᠭᠠᠲᠤ ᠪᠤᠷᠳᠤᠭᠤᠷ ᠤᠨ ᠨᠢᠭᠡ ᠵᠦᠢᠯ ᠨᠢ ᠲᠠᠷᠢᠮᠠᠯ ᠢ ᠦᠨᠳᠦᠰᠦᠯᠡᠵᠦ ᠦᠢᠯᠡᠳᠪᠦᠷᠢᠯᠡᠵᠦ᠂ ᠨᠦᠬᠦᠭᠡ ᠨᠢᠭᠡ ᠵᠦᠢᠯ ᠨᠢ ᠬᠦᠷᠦᠰᠦᠨ ᠤ ᠪᠠᠶᠢᠳᠠᠯ ᠢ ᠦᠨᠳᠦᠰᠦᠯᠡᠵᠦ ᠦᠢᠯᠡᠳᠪᠦᠷᠢᠯᠡᠭᠰᠡᠨ ᠪᠠᠶᠢᠳᠠᠭ᠃ ᠵᠢᠱᠢᠶᠡᠯᠡᠪᠡᠯ ᠵᠠᠷᠢᠮ ᠾᠯᠣᠷ ᠡᠯᠧᠮᠧᠨᠲ ᠴᠡᠭᠡᠷᠯᠡᠬᠦ ᠲᠠᠷᠢᠮᠠᠯ ᠤᠨ ᠵᠦᠢᠯ ᠳᠤ ᠾᠯᠣᠷ ᠠᠭᠤᠯᠤᠭᠰᠠᠨ ᠨᠠᠶᠢᠷᠠᠯᠭᠠᠲᠤ ᠪᠤᠷᠳᠤᠭᠤᠷ ᠬᠡᠷᠡᠭᠯᠡᠵᠦ ᠪᠣᠯᠬᠤ ᠦᠭᠡᠢ ᠃ ᠤᠳᠤᠬᠠᠨ ᠳᠤ ᠡᠨᠡ ᠬᠤᠶᠠᠷ ᠵᠦᠢᠯ ᠢ ᠤᠶᠠᠯᠳᠤᠭᠤᠯᠬᠤ ᠨᠢ ᠬᠦᠴᠢᠷ ᠰᠡᠳᠦᠪ ᠪᠣᠯᠵᠤ᠂ ᠨᠡᠩ ᠣᠯᠠᠨ ᠲᠠᠷᠢᠶᠠᠯᠠᠩ ᠤᠨ ᠬᠢᠨ ᠤ ᠮᠡᠷᠭᠡᠵᠢᠯ ᠢ ᠳᠡᠯᠭᠡᠷᠡᠭᠦᠯᠬᠦ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠳ  ᠲᠠᠢ ᠢᠯᠡᠭᠦᠦ ᠶᠠᠷᠢᠯᠴᠠᠵᠦ ᠵᠦᠪᠳᠡᠯᠴᠡᠬᠦ ᠴᠢᠬᠤᠯᠠ ᠲᠠᠢ᠃    ︵3︶ ᠰᠢᠨ᠎ᠡ ᠰᠢᠷᠤᠢ ᠨᠡᠮᠡᠵᠦ ᠪᠣᠷᠳᠣᠭᠤᠷ ᠣᠷᠤᠭᠤᠯᠬᠤ ᠮᠡᠷᠭᠡᠵᠢᠯ ᠨᠢ ᠭᠤᠤᠯᠳᠠᠭᠤ ᠬᠦᠷᠦᠰᠦᠨ ᠤ ᠰᠢᠮ᠎ᠡ ᠬᠦᠴᠦ ᠪᠠᠷ ᠨᠡᠯᠢᠶᠡᠳ ᠠᠨᠠᠢ᠂ ᠹᠢᠽᠢᠺ ᠤᠨ ᠰᠢᠨᠵᠢ ᠪᠠᠶᠢᠳᠠᠯ ᠪᠠᠷᠤᠭᠲᠠᠶ ᠪᠣᠯᠬᠤ ᠡᠯᠡᠰᠦᠨ ᠭᠠᠵᠠᠷ᠂ ᠨᠠᠩᠭᠢ ᠰᠢᠷᠦ᠋ᠢᠲᠤ ᠭᠠᠵᠠᠷ᠂ ᠬᠥᠷᠥᠰᠥᠨ ᠳᠠᠪᠬᠤᠷᠭ᠎ᠠ ᠨᠢ ᠨᠢᠮᠭᠡᠨ ᠵᠢᠮᠢᠰ ᠤᠨ ᠬᠦᠷᠢᠶᠡᠯᠡᠩ ᠳᠤ ᠬᠡᠷᠡᠭᠯᠡᠳᠡᠭ ᠃ ᠰᠢᠨ᠎ᠡ ᠰᠢᠷᠤᠢ ᠨᠡᠮᠡᠬᠦ ᠳᠤ ᠰᠢᠨ᠎ᠡ ᠰᠢᠷᠤᠢ ᠶᠢᠨ ᠬᠡᠮᠵᠢᠶ᠎ᠡ ᠶᠢ ᠠᠩᠬᠠᠷᠬᠤ ᠬᠡᠷᠡᠭᠲᠡᠶ᠂ ᠰᠢᠨ᠎ᠡ ᠨᠡᠮᠡᠬᠦ ᠰᠢᠷᠣᠶ ᠶᠢᠨ ᠳᠠᠪᠬᠤᠷᠭ᠎ᠠ ᠨᠢ ᠶᠡᠷᠦ ᠳᠡᠭᠡᠨ 10 ᠰᠠᠨᠲ᠋ᠢᠮᠧᠳ᠋ᠷ ᠣᠷᠴᠢᠮ ᠪᠠᠶᠢᠳᠠᠭ᠃ ᠰᠢᠨ᠎ᠡ ᠰᠢᠷᠤᠢ ᠨᠡᠮᠡᠬᠦ ᠠᠴᠠ ᠭᠠᠳᠠᠨ᠎ᠠ᠂ ᠪᠠᠰᠠ ᠬᠥᠷᠥᠰᠥ ᠰᠤᠯᠠᠷᠠᠭᠤᠯᠬᠤ ᠪᠤᠶᠤ ᠭᠦᠨ ᠬᠠᠭᠠᠯᠪᠤᠷᠢᠯᠠᠬᠤ ᠠᠷᠭ᠎ᠠ ᠶᠢ ᠬᠡᠷᠡᠭᠯᠡᠵᠦ ᠪᠤᠯᠤᠨ᠎ᠠ᠂ ᠬᠥᠷᠥᠰᠥ ᠶᠢ ᠨᠢ 30 ᠰᠠᠨᠲ᠋ᠢᠮᠧᠳ᠋ᠷ ᠣᠷᠴᠢᠮ ᠭᠦᠨ ᠬᠠᠭᠠᠯᠪᠦᠷᠢᠯᠡᠵᠦ᠂ ᠰᠢᠨ᠎ᠡ ᠨᠡᠮᠡᠬᠦ ᠰᠢᠷᠤᠢ ᠶᠢ ᠨᠡᠯᠢᠶᠡᠳ ᠭᠦᠨ ᠲᠠᠷᠢᠶᠠᠯᠠᠬᠤ ᠶᠢᠨ ᠳᠠᠪᠬᠤᠷᠭ᠎ᠠ ᠳᠤ ᠬᠦᠷᠭᠡᠵᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥᠨ ᠤ ᠹᠢᠽᠢᠺ ᠤᠨ ᠰᠢᠨᠵᠢ ᠪᠠᠶᠢᠳᠠᠯ ᠢ ᠳᠡᠭᠡᠭᠰᠢᠯᠡᠭᠦᠯᠦᠨ᠎ᠡ᠃ ᠭᠡᠪᠡᠴᠦ᠂ ᠡᠨᠡ ᠨᠢ ᠵᠥᠪᠬᠡᠨ ᠬᠥᠷᠥᠰᠥᠨ ᠤ ᠹᠢᠽᠢᠺ ᠤᠨ ᠰᠢᠨᠵᠢ ᠴᠢᠨᠠᠷ ᠢ ᠦᠭᠡᠷᠡᠴᠢᠯᠡᠬᠦ  ᠠᠴᠠ ᠪᠢᠰᠢ ᠬᠥᠷᠥᠰᠥᠨ ᠤ ᠲᠤᠰ ᠪᠡᠶ᠎ᠡ ᠶᠢᠨ ᠬᠦᠴᠦ ᠰᠢᠮ᠎ᠡ ᠶᠢ ᠨᠡᠮᠡᠭᠳᠡᠭᠦᠯᠵᠦ ᠴᠢᠳᠠᠬᠤ ᠦᠭᠡᠢ᠂ ᠡᠨᠡ ᠬᠦ ᠶᠠᠪᠤᠴᠠ ᠳᠤ᠂ ᠵᠥᠪ ᠣᠨᠣᠪᠴᠢᠲᠠᠶ ᠪᠤᠷᠳᠤᠭᠤᠷ ᠣᠷᠣᠭᠤᠯᠪᠠᠯ ᠰᠠᠶ᠋ᠢ ᠵᠢᠮᠢᠰ ᠤᠨ ᠬᠦᠷᠢᠶᠡᠯᠡᠩ ᠤᠨ ᠬᠦᠷᠦᠰᠦ ᠶᠢ ᠨᠡᠩ ᠥᠩ ᠰᠢᠮᠡᠯᠢᠭ ᠪᠤᠯᠭᠠᠵᠦ ᠴᠢᠳᠠᠨ᠎ᠠ᠃   
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢ᠊