ᠰᠢᠭᠡᠰᠦᠯᠢᠭ ᠡᠳ᠋ ᠢ ᠬᠡᠷᠬᠢᠨ ᠰᠢᠨᠵᠢᠯᠡᠬᠦ ᠤᠬᠠᠭᠠᠨᠴᠢ ᠪᠠᠷ ᠤᠷᠤᠭᠤᠯᠬᠤ ᠪᠤᠢ
ᠨᠡᠶᠢᠲᠡᠯᠡᠭᠰᠡᠨ ᠴᠠᠭ᠄
2021/10/27
                        ᠰᠢᠭᠡᠰᠦᠯᠢᠭ ᠡᠳ᠋ ︵尿素︶ ᠤᠨ ᠠᠽᠣᠲ ᠠᠭᠤᠯᠤᠭᠳᠠᠴᠠ ᠨᠢ 44%~46%᠂ ᠬᠠᠲᠠᠭᠤ ᠪᠡᠶᠡᠲᠦ ᠠᠽᠤᠲ ᠪᠤᠷᠳᠤᠭᠤᠷ ᠤᠨ ᠳᠤᠲᠤᠷ᠎ᠠ ᠠᠽᠣᠲ ᠠᠭᠤᠯᠤᠭᠳᠠᠴᠠ ᠪᠠᠷ ᠬᠠᠮᠤᠭ ᠦᠨᠳᠦᠷ ᠪᠤᠷᠳᠤᠭᠤᠷ ᠪᠣᠯᠣᠨ᠎ᠠ᠂ ᠹᠢᠽᠢᠺ ᠤᠨ ᠰᠢᠨᠵᠢ ᠴᠢᠨᠠᠷ ᠨᠢ ᠨᠡᠯᠢᠶᠡᠳ ᠲᠤᠭᠲᠠᠪᠤᠷᠢᠲᠠᠢ᠂ ᠴᠠᠭᠠᠨ᠂ ᠰᠢᠷᠠᠪᠲᠤᠷ ᠲᠠᠯᠠᠰᠲᠤ ᠪᠣᠶᠣ ᠵᠢᠵᠢᠭ ᠮᠦᠬᠦᠯᠢᠭ ᠶᠤᠮ᠃ ᠴᠢᠭᠢᠭ ᠲᠠᠲᠠᠬᠤ ᠴᠢᠨᠠᠷ ᠢᠶᠠᠷ ᠪᠠᠭ᠎ᠠ᠂ ᠤᠰᠤᠨ ᠳᠤ ᠠᠮᠠᠷᠬᠠᠨ ᠠᠭᠤᠰᠤᠨ᠎ᠠ᠃ ᠰᠢᠭᠡᠰᠦᠯᠢᠭ ᠡᠳ᠋ ᠲᠤ ᠰᠢᠮ᠎ᠡ ᠲᠡᠵᠢᠭᠡᠯ ᠡᠯᠪᠡᠭ ᠠᠭᠤᠯᠤᠭᠳᠠᠨ᠎ᠠ᠃ ᠡᠯ᠎ᠡ ᠲᠦᠷᠦᠯ ᠤᠨ ᠬᠦᠷᠦᠰᠦ ᠪᠠ ᠡᠯ᠎ᠡ ᠵᠦᠢᠯ ᠤᠨ ᠲᠡᠷᠢᠮᠠᠯ ᠳᠤ ᠬᠡᠷᠡᠭᠯᠡᠵᠦ ᠪᠤᠯᠤᠨ᠎ᠠ᠃ ᠨᠡᠮᠡᠯᠲᠡ ᠪᠤᠷᠳᠤᠭᠤᠷ ᠪᠤᠯᠭᠠᠵᠤ᠂ ᠦᠨᠳᠦᠰᠦᠨ ᠭᠠᠳᠠᠭᠤᠷ ᠨᠡᠮᠡᠵᠦ ᠤᠷᠤᠭᠤᠯᠪᠠᠯ ᠰᠠᠶᠢᠨ ᠪᠠᠶᠢᠳᠠᠭ᠃    ᠰᠢᠭᠡᠰᠦᠯᠢᠭ ᠡᠳ᠋ ᠢ ᠬᠦᠷᠦᠰᠦᠨ ᠳᠤ ᠤᠷᠤᠭᠤᠯᠤᠭᠰᠠᠨ ᠤ ᠳᠠᠷᠠᠭ᠎ᠠ ᠭᠠᠭᠴᠠ ᠬᠦ ᠨᠡᠭᠦᠷᠡᠰᠦ ᠬᠦᠴᠢᠯ ᠤᠨ ᠤᠰᠤᠳᠦ᠋ᠷᠦᠭᠴᠢᠲᠦ ᠠᠮᠮᠤᠨᠢ ᠪᠣᠯᠵᠣ ᠪᠦᠷᠢᠯᠳᠦᠭᠰᠡᠨ ᠤ ᠬᠤᠶᠢᠨ᠎ᠠ ᠰᠠᠶ᠋ᠢ ᠲᠠᠷᠢᠮᠠᠯ ᠳᠤ ᠶᠡᠭᠡ ᠬᠡᠮᠵᠢᠶ᠎ᠡ ᠪᠠᠷ ᠰᠢᠮᠡᠳᠦᠨ ᠠᠰᠢᠭᠯᠠᠭᠳᠠᠳᠠᠭ᠃ ᠲᠡᠷᠡ ᠨᠢ ᠤᠯᠠᠷᠢᠬᠤ ᠶᠠᠪᠤᠴᠠ ᠲᠠᠢ ᠪᠣᠯᠬᠤᠷ ᠪᠤᠷᠳᠤᠭᠤᠷ ᠤᠨ ᠦᠢᠯᠡᠳᠦᠯ ᠨᠢ ᠨᠡᠯᠢᠶᠡᠳ ᠤᠳᠠᠭᠠᠨ ᠪᠠᠶᠢᠳᠠᠭ᠂ ᠶᠡᠷᠦ ᠳᠡᠭᠡᠨ 4~6 ᠬᠤᠨᠤᠭ ᠣᠷᠢᠳᠴᠢᠯᠠᠨ ᠬᠡᠷᠡᠭᠯᠡᠨ᠎ᠡ᠃ ᠡᠭᠦᠨ ᠤ ᠬᠠᠮᠲᠤ ᠪᠠᠰᠠ ᠭᠦᠨ ᠤᠷᠤᠭᠤᠯᠵᠤ ᠰᠢᠷᠤᠢ ᠨᠡᠮᠡᠬᠦ ᠶᠢ ᠱᠠᠭᠠᠷᠳᠠᠨ᠎ᠠ᠂ ᠤᠷᠤᠭᠤᠯᠤᠭᠰᠠᠨ ᠤ ᠬᠤᠶᠢᠨ᠎ᠠ ᠳᠤᠤᠷ᠎ᠠ ᠨᠢ ᠤᠰᠤᠯᠠᠵᠤ ᠪᠣᠯᠬᠤ ᠦᠭᠡᠢ᠂ ᠠᠽᠣᠲ ᠡᠳ᠋ ᠨᠢ ᠭᠦᠨ ᠳᠠᠪᠬᠤᠷᠭ᠎ᠠ ᠳᠤ ᠰᠢᠮᠡᠳᠦᠨ ᠤᠷᠤᠵᠤ᠂ ᠪᠤᠷᠳᠤᠭᠤᠷ ᠤᠨ ᠦᠢᠯᠡᠳᠦᠯ ᠢ ᠪᠠᠭᠤᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃    ᠰᠢᠭᠡᠰᠦᠯᠦᠭ ᠡᠳ᠋ ᠢ ᠦᠨᠳᠦᠰᠦᠨ ᠤ ᠭᠠᠳᠠᠭᠤᠷ ᠨᠡᠮᠡᠵᠦ ᠤᠷᠤᠭᠤᠯᠬᠤ ᠳᠤ ᠰᠢᠭᠡᠰᠦᠯᠢᠭ ᠡᠳ᠋ ᠤᠨ ᠰᠢᠮ᠎ᠡ ᠲᠡᠵᠢᠭᠡᠯ ᠤᠨ ᠪᠦᠷᠢᠯᠳᠦᠭᠦᠨ ᠢ ᠰᠢᠩᠭᠡᠭᠡᠨ ᠠᠪᠬᠤ ᠨᠢ ᠮᠠᠰᠢ ᠬᠤᠷᠳᠤᠨ᠂ ᠠᠰᠢᠭᠯᠠᠯᠲᠠ ᠶᠢᠨ ᠨᠤᠷᠮ᠎ᠠ ᠨᠢ ᠴᠤ ᠦᠨᠳᠦᠷ᠂ ᠤᠨᠠᠯᠲᠠ ᠨᠡᠮᠡᠭᠳᠡᠭᠦᠯᠬᠦ ᠦᠷ᠎ᠡ ᠪᠦᠲᠦᠮᠵᠢ ᠨᠢ ᠮᠡᠳᠡᠭᠳᠡᠮ᠎ᠡ ᠪᠠᠶᠢᠳᠠᠭ᠃ ᠰᠢᠭᠡᠰᠦᠯᠢᠭ ᠡᠳ᠋ ᠢ ᠰᠦᠷᠴᠢᠨ ᠤᠷᠤᠭᠤᠯᠬᠤ ᠳᠤ ᠦᠳᠭᠡᠴᠡ ᠶᠢᠨ ᠱᠠᠭᠠᠷᠳᠠᠯᠭ᠎ᠠ ᠨᠢ ᠨᠡᠯᠢᠶᠡᠳ ᠴᠢᠩᠭ᠎ᠠ᠂ ᠶᠡᠷᠦᠩᠬᠡᠢ ᠳᠡᠭᠡᠨ ᠦᠶᠡᠲᠦ ᠲᠠᠷᠢᠮᠠᠯ ᠤᠨ ᠦᠳᠭᠡᠴᠡ ᠨᠢ 2% ᠤᠷᠴᠢᠮ᠂ ᠵᠢᠮᠢᠰ ᠤᠨ ᠮᠤᠳᠤᠨ ᠤ ᠬᠢ 0.5% ᠤᠷᠴᠢᠮ᠂ ᠢᠳᠡᠰᠢᠨ ᠨᠤᠭᠤᠭ᠎ᠠ ᠶᠢᠨ ᠬᠢ 0.5%~1.5% ᠪᠠᠶᠢᠳᠠᠭ᠃ ᠲᠠᠷᠢᠮᠠᠯ ᠤᠨ ᠦᠰᠦᠯᠲᠡ ᠶᠢᠨ ᠬᠤᠭᠤᠴᠠᠭᠠᠨ ᠳᠤ ᠪᠣᠶᠣ ᠵᠢᠮᠢᠰ ᠤᠨ ᠮᠤᠳᠤᠨ ᠳᠤ ᠬᠡᠷᠡᠭᠯᠡᠪᠡᠯ ᠰᠢᠭᠡᠰᠦᠯᠢᠭ ᠡᠳ᠋ ᠤᠨ ᠦᠳᠭᠡᠴᠡ ᠶᠢ ᠵᠣᠬᠢᠰᠲᠠᠢ ᠳᠡᠭᠡᠭᠰᠢᠯᠡᠭᠦᠯᠵᠦ ᠪᠣᠯᠣᠨ᠎ᠠ᠃    ᠰᠢᠭᠡᠰᠦᠯᠦᠭ ᠡᠳ᠋ ᠢ ᠬᠡᠷᠡᠭᠯᠡᠬᠦ ᠳᠤ ᠠᠩᠬᠠᠷᠪᠠᠯ ᠵᠤᠬᠢᠬᠤ ᠬᠡᠳᠦᠨ ᠠᠰᠠᠭᠤᠳᠠᠯ᠄    1. ᠶᠡᠷᠦ ᠳᠡᠭᠡᠨ ᠰᠢᠭᠤᠳ ᠦᠷ᠎ᠡ ᠶᠢᠨ ᠪᠤᠷᠳᠤᠯᠲᠠ ᠬᠢᠬᠦ ᠦᠭᠡᠢ᠃ ᠤᠴᠢᠷ ᠨᠢ ᠰᠢᠭᠡᠰᠦᠯᠢᠭ ᠡᠳ᠋ ᠤᠨ ᠳᠤᠲᠤᠷ᠎ᠠ ᠪᠠᠭ᠎ᠠ ᠬᠡᠮᠵᠢᠶᠡᠨ ᠤ ᠨᠡᠶᠢᠯᠡᠭ ᠬᠤᠤᠰ ᠰᠢᠭᠡᠰᠦᠨ ᠤ ᠡᠳ᠋ ᠠᠭᠤᠯᠤᠭᠳᠠᠳᠠᠭ ᠪᠣᠯᠬᠤᠷ ᠨᠠᠬᠢᠶᠠᠯᠠᠬᠤ ᠪᠠ ᠤᠷᠭᠤᠯᠲᠠ ᠳᠤ ᠴᠦᠮ ᠬᠤᠤᠷᠲᠠᠢ ᠪᠠᠶᠢᠳᠠᠭ᠃ ᠦᠷ᠎ᠡ ᠶᠢᠨ ᠪᠤᠷᠳᠤᠯᠲᠠ ᠬᠢᠬᠦ ᠴᠢᠬᠤᠯᠠᠲᠠᠢ ᠪᠣᠯ ᠦᠷ᠎ᠡ ᠪᠠ ᠰᠢᠭᠡᠰᠦᠯᠢᠭ ᠡᠳ᠋ ᠢ ᠰᠠᠯᠭᠠᠵᠤ ᠭᠠᠵᠠᠷ ᠲᠤ ᠤᠷᠤᠭᠤᠯᠤᠨ᠎ᠠ᠂ ᠰᠢᠭᠡᠰᠦᠯᠢᠭ ᠡᠳ᠋ ᠢᠶᠠᠷ ᠦᠷ᠎ᠡ ᠶᠢ ᠲᠡᠪᠲᠦᠭᠡᠬᠦ ᠪᠣᠶᠣ ᠵᠠᠮᠤᠷᠴᠤ ᠪᠣᠯᠬᠤ ᠦᠭᠡᠢ᠃    2. ᠨᠡᠶᠢᠯᠡᠭ ᠬᠤᠣᠰ ᠰᠢᠭᠡᠰᠦᠨ ᠤ ᠡᠳ᠋ ᠤᠨ ᠠᠭᠤᠯᠤᠭᠳᠠᠴᠠ ᠨᠢ 1% ᠠᠴᠠ ᠦᠨᠳᠦᠷ ᠪᠣᠯᠬᠤ ᠦᠶ᠎ᠡ ᠳᠤ ᠡᠮᠦᠨ᠎ᠡ ᠳᠤᠷᠠᠳᠤᠭᠰᠠᠨ ᠦᠷ᠎ᠡ ᠶᠢᠨ ᠪᠤᠷᠳᠤᠯᠲᠠ ᠳᠤ ᠬᠡᠷᠡᠭᠯᠡᠵᠦ ᠪᠣᠯᠬᠤ ᠦᠭᠡᠢ ᠠᠴᠠ ᠭᠠᠳᠠᠨ᠎ᠠ ᠪᠠᠰᠠ ᠦᠨᠳᠦᠰᠦᠨ ᠤ ᠨᠡᠮᠡᠯᠲᠡ ᠪᠤᠷᠳᠤᠭᠤᠷ ᠪᠤᠯᠭᠠᠵᠤ ᠪᠣᠯᠬᠤ ᠦᠭᠡᠢ᠃    3. ᠰᠢᠭᠡᠰᠦᠯᠢᠭ ᠡᠳ᠋ ᠨᠢ ᠤᠯᠠᠷᠢᠵᠤ ᠨᠡᠭᠦᠷᠡᠰᠦ ᠬᠦᠴᠢᠯ ᠤᠨ ᠦᠰᠤᠳᠦ᠋ᠷᠦᠭᠴᠢᠲᠦ ᠠᠨᠮᠮᠣᠨᠢ ᠪᠣᠯᠵᠣ ᠪᠦᠷᠢᠯᠳᠦᠭᠰᠡᠨ ᠤ ᠳᠠᠷᠠᠭ᠎ᠠ᠂ ᠴᠤᠬᠤᠶᠢᠯᠢᠭ ᠬᠦᠷᠦᠰᠦᠨ ᠳᠤ ᠠᠮᠠᠷᠬᠠᠨ ᠵᠠᠳᠠᠷᠠᠨ ᠠᠭᠤᠷᠰᠢᠵᠤ᠂ ᠠᠽᠤᠲ ᠡᠳ᠋ ᠢ ᠬᠤᠬᠢᠷᠠᠭᠤᠯᠳᠠᠭ᠂ ᠡᠶᠢᠮᠦ ᠠᠴᠠ ᠭᠦᠨ ᠤᠷᠤᠭᠤᠯᠬᠤ ᠮᠦᠷᠲᠡᠭᠡᠨ ᠰᠢᠷᠤᠢ ᠨᠡᠮᠡᠬᠦ ᠬᠡᠷᠡᠭᠲᠡᠢ᠃   
ᠢᠷᠡᠯᠲᠡ᠄ ᠳᠠᠯᠠᠢ ᠶᠢᠨ ᠨᠠᠶᠢᠷᠠᠭᠤᠯᠤᠭᠰᠠᠨ ︽ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠠᠰᠠᠭᠤᠯᠲᠠ ᠬᠠᠷᠢᠭᠤᠯᠲᠠ︾ ᠭᠡᠬᠦ ᠨᠤᠮ ᠡ᠊