ᠳᠠᠯᠠᠳ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/10/28
    ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠮᠠᠨ ᠤ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠭᠦᠢ ᠤᠴᠢᠷ ᠢ ᠳᠣᠣᠷᠠᠬᠢ ᠮᠡᠲᠦ ᠵᠠᠷᠯᠠᠶ᠎ᠠ᠄     ᠨᠢᠭᠡ᠂ 10 ᠰᠠᠷ᠎ᠠ ᠶᠢᠨ 8 ᠤ ᠡᠳᠦᠷ ᠠᠴᠠ ᠨᠠᠰᠢ ᠡᠵᠡᠨ᠎ᠡ ᠬᠤᠰᠢᠭᠤᠨ ᠤ ᠲᠠᠯᠠᠶᠢᠬᠦᠪ ᠪᠠᠯᠭᠠᠰᠤᠨ ᠳᠤ ᠵᠤᠭᠠᠴᠠᠭᠰᠠᠨ ᠲᠡᠦᠬᠡ ᠲᠠᠢ ᠬᠥᠮᠦᠰ᠂ 10 ᠰᠠᠷ᠎ᠠ ᠶᠢᠨ 9 ᠤ ᠡᠳᠦᠷ ᠠᠴᠠ ᠨᠠᠰᠢ ᠪᠡᠭᠡᠵᠢᠩ ᠤᠨ ᠴᠠᠩᠫᠢᠩ ᠲᠣᠭᠤᠷᠢᠭ ᠤᠨ ᠴᠢ ᠵᠢᠶᠠ ᠪᠠᠯᠭᠠᠰᠤᠨ ᠤ ᠬᠤᠩ ᠹᠦ᠋ ᠶᠤᠸᠠᠨ ᠨᠡᠶᠢᠭᠡᠮ ᠲᠣᠭᠤᠷᠢᠭ ᠲᠤ ᠵᠤᠭᠠᠴᠠᠭᠰᠠᠨ ᠲᠡᠦᠬᠡ ᠲᠠᠢ ᠬᠥᠮᠦᠰ᠂ 14 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ +5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠴᠢᠩᠭ᠎ᠠ ᠬᠡᠷᠡᠭᠵᠢᠭᠦᠯᠵᠦ᠂ ᠡᠭᠦᠨ ᠠᠴᠠ ᠡᠮᠦᠨ᠎ᠡ ᠭᠡᠷ ᠲᠤ ᠪᠠᠨ ᠲᠤᠰᠠᠭᠠᠷᠯᠠᠬᠤ ᠶᠢ ᠭᠦᠢᠴᠡᠳᠬᠡᠵᠦ ᠪᠠᠶᠢᠭᠰᠠᠨ ᠬᠥᠮᠦᠰ ᠢ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠳᠠᠷᠦ᠋ᠢᠬᠠᠨ ᠰᠢᠯᠵᠢᠭᠦᠯᠦᠨ᠎ᠡ᠃ ᠳᠤᠮᠳᠠ ᠳᠦᠭᠰᠢᠭᠦᠷᠢᠳᠡᠢ ᠭᠠᠵᠠᠷ ᠣᠷᠣᠨ ᠠᠴᠠ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠲᠤ 14 ᠡᠳᠦᠷ ᠤᠨ ᠭᠡᠷ ᠲᠤ ᠪᠠᠨ ᠳᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ︵ᠬᠡᠷ ᠪᠦᠯᠢ ᠶᠢᠨ ᠲᠤᠰᠠᠭᠠᠷᠯᠠᠯ ᠤᠨ ᠨᠥᠬᠦᠴᠡᠯ ᠥᠬᠡᠶ ᠶᠢ ᠲᠥᠪᠯᠡᠷᠡᠩᠭᠦᠶ ᠳᠤᠰᠠᠭᠠᠷᠯᠠᠬᠤ︶ ᠬᠢᠬᠦ ᠶᠢ ᠬᠡᠷᠡᠭᠵᠢᠭᠦᠯᠦᠨ᠎ᠡ︔ 10 ᠰᠠᠷ᠎ᠠ ᠶᠢᠨ 1 ᠤ ᠡᠳᠦᠷ ︵ᠪᠠᠭᠲᠠᠨ᠎ᠠ︶ ᠠᠴᠠ ᠨᠠᠰᠢ᠂ ᠡᠷᠢᠶᠡᠨ ᠬᠤᠲᠠ᠂ ᠠᠯᠠᠱᠠ ᠶᠢᠨ ᠡᠵᠡᠨ᠎ᠡ ᠬᠤᠰᠢᠭᠤ ᠪᠠ ᠠᠯᠠᠱᠠ ᠠᠶᠢᠮᠠᠭ ᠤᠨ ᠵᠡᠭᠦᠨ ᠬᠤᠰᠢᠭᠤᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠡᠳ ᠨᠢᠭᠡᠨᠲᠡ 14 ᠡᠳᠦᠷ ᠪᠣᠯᠤᠭᠰᠠᠨ ᠪᠥᠭᠡᠳ ᠬᠤᠶᠠᠷ ᠤᠳᠠᠭᠠᠨ ᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷ ᠲᠠᠢ ᠬᠥᠮᠦᠰ ᠢ ᠳᠠᠭᠢᠵᠤ ᠲᠤᠰᠠᠭᠠᠷᠯᠠᠨ ᠠᠵᠢᠭᠯᠠᠬᠤ ᠥᠬᠡᠶ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠳᠡᠢ᠃     ᠬᠤᠶᠠᠷ᠂ ᠲᠣᠰ ᠡᠳᠦᠷ ᠠᠴᠠ ᠡᠬᠢᠯᠡᠨ᠂ ᠬᠥᠬᠡᠬᠤᠲᠠ᠂ ᠯᠠᠨᠵᠧᠤ ᠬᠤᠲᠠ ᠵᠡᠷᠭᠡ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠢᠯᠡᠷᠡᠭᠦᠯᠦᠭᠰᠡᠨ ᠳᠤᠮᠳᠠ ᠦᠨᠳᠦᠷ ᠲᠦᠭᠰᠢᠭᠦᠷᠢ ᠶᠢᠨ ᠪᠤᠰᠤ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ᠂ 48 ᠴᠠᠭ ᠤᠨ ᠳᠤᠳᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ᠂ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠦ ᠳᠡᠶᠢᠯᠬᠦ ᠦᠭᠡᠢ ᠪᠤᠯ᠂ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠬᠢᠯᠭᠡᠵᠦ᠂ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ᠂ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃     ᠭᠤᠷᠪᠠ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠬᠥᠮᠦᠰ ᠢ ᠪᠠᠶᠢᠴᠠᠭᠠᠨ ᠵᠢᠭᠰᠠᠭᠠᠵᠦ ᠬᠠᠮᠢᠶᠠᠷᠤᠨ ᠡᠵᠡᠮᠳᠡᠬᠦ ᠠᠵᠢᠯ ᠢ ᠳᠠᠷᠦ᠋ᠢᠬᠠᠨ ᠵᠣᠬᠢᠶᠠᠨ ᠪᠠᠶᠢᠭᠤᠯᠤᠨ ᠥᠷᠨᠢᠭᠦᠯᠵᠦ᠂ 10 ᠰᠠᠷ᠎ᠠ ᠶᠢᠨ 16 ᠤ ᠡᠳᠦᠷ ︵ᠪᠠᠭᠲᠠᠨ᠎ᠠ︶ ᠠᠴᠠ ᠨᠠᠰᠢ ᠪᠠᠶᠢᠴᠠᠭᠠᠨ ᠭᠠᠷᠭᠠᠭᠰᠠᠨ ᠬᠥᠬᠡᠬᠤᠲᠠ ᠠᠴᠠ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠲᠤ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢᠨ ᠬᠠᠮᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢᠶᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃     ᠳᠥᠷᠪᠡ᠂ ᠳ᠋ᠧ ᠱᠧᠩ ᠲᠠᠢ᠂ G210 ᠬᠠᠲᠤᠨ ᠭᠤᠤᠯ ᠤᠨ ᠶᠡᠭᠡ ᠬᠥᠭᠦᠷᠭᠡ ᠶᠢᠨ ᠰᠦᠢᠳᠭᠡᠯ ᠬᠤᠷᠢᠶᠠᠬᠤ ᠥᠷᠲᠡᠭᠡ᠂ G65 ᠪᠤᠤ ᠮᠤᠤ ᠥᠨᠳᠥᠷ ᠬᠤᠷᠳᠤᠴᠠᠲᠤ ᠵᠠᠰᠠᠮᠠᠯ ᠵᠠᠮ ᠤᠨ ᠰᠢᠨ ᠮᠢᠨ ᠪᠦᠦ ᠶᠢᠨ ᠰᠦᠢᠳᠬᠡᠯ ᠬᠤᠷᠢᠶᠠᠬᠤ ᠥᠷᠲᠡᠭᠡ ᠵᠡᠷᠭᠡ 3 ᠪᠠᠶᠢᠴᠠᠭᠠᠯᠲᠠ ᠶᠢᠨ ᠴᠡᠭ ᠢ ᠡᠬᠢᠯᠡᠭᠦᠯᠵᠦ᠂ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠵᠢᠴᠢ ᠬᠥᠬᠡᠬᠤᠲᠠ ᠠᠴᠠ ᠬᠤᠰᠢᠭᠤᠨ ᠳᠤ ᠢᠷᠡᠭᠰᠡᠨ ᠬᠥᠮᠦᠰ ᠲᠤ ᠵᠢᠭᠰᠠᠭᠠᠨ ᠪᠠᠶᠢᠴᠠᠭᠠᠯᠲᠠ ᠬᠢᠨ᠎ᠡ᠂ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠳᠤ ᠵᠤᠭᠠᠴᠠᠭᠰᠠᠨ ᠲᠡᠤᠬᠡ ᠲᠠᠢ ᠬᠥᠮᠦᠰ ᠪᠠ ᠬᠥᠬᠡᠬᠤᠲᠠ ᠠᠴᠠ ᠬᠤᠰᠢᠭᠤᠨ ᠳᠤ ᠢᠷᠡᠭᠰᠡᠨ ᠬᠥᠮᠦᠰ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠮᠡᠳᠡᠭᠦᠯᠦᠯᠲᠡ ᠪᠠᠨ ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ ᠪᠠᠶᠢᠴᠠᠭᠠᠨ ᠰᠢᠯᠭᠠᠬᠤ ᠳᠤ ᠬᠠᠮᠵᠢᠯᠴᠠᠨ᠂ ᠬᠢᠵᠢᠭ ᠤᠨ ᠪᠠᠶᠢᠳᠠᠯ ᠢ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠦᠭᠰᠡᠨ ᠠᠴᠠ ᠪᠤᠯᠵᠦ ᠳᠠᠷᠬᠠᠨ ᠳᠡᠯᠭᠡᠷᠡᠬᠦ ᠵᠡᠷᠭᠡ ᠬᠦᠨᠳᠦ ᠨᠣᠴᠢᠲᠠᠶ ᠦᠷ᠎ᠡ ᠳ᠋ᠦᠩ ᠢ ᠪᠤᠢ ᠪᠤᠯᠭᠠᠪᠠᠯ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃     ᠲᠠᠪᠤ᠂ ᠣᠶᠢᠷ᠎ᠠ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠪᠤᠶᠤ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠲᠤ ᠠᠯᠪᠠᠨ ᠲᠣᠮᠢᠯᠠᠯᠲᠠ ᠪᠠᠷ ᠶᠠᠪᠤᠬᠤ᠂ ᠲᠤᠭᠤᠷᠢᠨ ᠪᠠᠶᠢᠴᠠᠭᠠᠨ ᠰᠣᠯᠢᠯᠴᠠᠭ᠎ᠠ ᠬᠢᠵᠦ ᠪᠣᠯᠬᠤ ᠥᠬᠡᠶ᠃ ᠵᠠᠷᠴᠢᠮ ᠳᠡᠭᠡᠷ᠎ᠡ ᠪᠠᠨ ᠲᠣᠮᠣ ᠬᠡᠯᠪᠡᠷᠢ ᠶᠢᠨ ᠶᠠᠷᠢᠯᠴᠠᠭᠠᠨ ᠤ ᠲᠠᠪᠴᠠᠩ᠂ ᠦᠵᠡᠭᠦᠯᠦᠯᠭᠡ᠂ ᠠᠬᠤᠢ ᠲᠠᠯᠠᠪᠠᠢ ᠶᠢᠨ ᠬᠤᠷᠠᠯᠳᠤᠭᠠᠨ᠂ ᠪᠣᠯᠪᠠᠰᠤᠷᠠᠭᠤᠯᠤᠯ᠂ ᠲᠣᠭᠯᠠᠯᠲᠠ᠂ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠴᠤᠭᠯᠠᠷᠠᠯ ᠤᠨ ᠠᠵᠢᠯᠯᠠᠭ᠎ᠠ ᠶᠢ ᠡᠷᠭᠢᠯᠡᠬᠦ ᠥᠬᠡᠶ᠂ ᠬᠡᠷᠪᠡ ᠵᠠᠪᠠᠯ ᠡᠷᠭᠢᠯᠡᠬᠦ ᠴᠢᠬᠤᠯᠠᠲᠠᠶ ᠪᠣᠯ ᠰᠦᠯᠵᠢᠶᠡᠨ ᠳᠡᠭᠡᠷᠡᠬᠢ ᠬᠡᠯᠪᠡᠷᠢ ᠪᠠᠷ ᠡᠷᠭᠢᠯᠡᠨ᠎ᠡ᠃ ᠪᠠᠶᠢᠭᠤᠯᠭ᠎ᠠ ᠨᠢᠭᠡᠴᠡ ᠶᠢᠨ ᠬᠤᠷᠠᠯ ᠤᠨ ᠬᠡᠪᠴᠢᠶ᠎ᠡ ᠶᠢ ᠬᠢᠵᠠᠭᠠᠷᠯᠠᠵᠦ᠂ ᠬᠤᠷᠠᠯ ᠤᠨ ᠲᠠᠯᠠᠪᠠᠢ ᠶᠢᠨ ᠰᠠᠯᠬᠢ ᠨᠡᠪᠳᠡᠷᠡᠭᠦᠯᠬᠦ᠂ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠬᠤᠷᠠᠯ ᠳᠤ ᠣᠷᠣᠯᠴᠠᠭᠰᠠᠳ ᠠᠮᠠᠪᠴᠢ ᠵᠡᠭᠦᠵᠦ᠂ ᠠᠯᠤᠰᠯᠠᠵᠤ ᠰᠠᠭᠤᠬᠤ ᠬᠡᠷᠡᠭᠲᠡᠢ︔ 50 ᠬᠥᠮᠦᠨ ᠠᠴᠠ ᠳᠡᠭᠡᠭᠰᠢᠬᠢ ᠬᠤᠷᠠᠯ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ᠂ ᠡᠷᠬᠡᠪᠰᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠬᠤᠷᠢᠮ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ᠂ ᠳᠠᠶᠢᠯᠠᠯᠭ᠎ᠠ ᠶᠢᠨ ᠬᠡᠪᠴᠢᠶ᠎ᠡ ᠶᠢ ᠬᠢᠵᠠᠭᠠᠷᠯᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ 5 ᠰᠢᠷᠡᠭᠡᠨ ᠠᠴᠠ ᠳᠡᠭᠡᠭᠰᠢᠬᠢ ᠬᠠᠮᠲᠤ ᠶᠢᠨ ᠬᠤᠭᠤᠯᠠ ᠡᠷᠭᠢᠯᠡᠬᠦ ᠳᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠤ ᠬᠥᠮᠦᠰ ᠪᠠ ᠬᠢᠵᠢᠭ ᠲᠤ ᠬᠤᠯᠪᠣᠭᠳᠠᠬᠤ  ᠲᠦᠭᠰᠢᠭᠦᠷᠢᠳᠡᠢ ᠬᠥᠮᠦᠰ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ᠣᠷᠣᠵᠤ ᠳᠠᠶᠢᠯᠠᠯᠭ᠎ᠠ ᠳᠤ ᠣᠷᠣᠯᠴᠠᠬᠤ ᠶᠢ ᠡᠷᠡᠰ ᠴᠠᠭᠠᠵᠠᠯᠠᠨ᠎ᠠ᠃    ᠵᠢᠷᠭᠤᠭ᠎ᠠ᠂ ᠡᠯ᠎ᠡ ᠵᠢᠭᠤᠯᠴᠢᠯᠠᠯ ᠤᠨ ᠦᠵᠡᠮᠵᠢ ᠶᠢᠨ ᠭᠠᠵᠠᠷ ᠤᠷᠢᠳᠴᠢᠯᠠᠨ ᠪᠣᠯᠵᠣᠬᠤ᠂ ᠤᠷᠤᠰᠬᠠᠯ ᠤᠨ ᠬᠡᠮᠵᠢᠶ᠎ᠡ ᠶᠢ ᠬᠢᠵᠠᠭᠠᠷᠯᠠᠬᠤ᠂ ᠤᠷᠬᠢᠯ ᠤᠨ ᠬᠤᠭᠤᠴᠠᠭ᠎ᠠ ᠶᠢ ᠵᠦᠷᠢᠭᠦᠯᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠦᠵᠡᠮᠵᠢ ᠶᠢᠨ ᠣᠷᠣᠨ ᠳᠤ ᠤᠷᠤᠬᠤ ᠪᠣᠶ ᠪᠥᠬᠦᠶ ᠵᠤᠭᠠᠴᠠᠭᠰᠠᠳ ᠤᠨ ᠠᠶᠠᠯᠠᠯ ᠤᠨ ᠺᠤᠳ᠋᠂ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠨ ᠰᠢᠯᠭᠠᠵᠤ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠳᠡᠮᠳᠡᠭᠯᠡᠨ᠂ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠠᠴᠠ ᠬᠤᠰᠢᠭᠤᠨ ᠳᠤ ᠢᠷᠡᠭᠰᠡᠨ ᠬᠥᠮᠦᠰ ᠢ ᠭᠥᠯᠢᠶᠡᠨ ᠠᠪᠴᠤ ᠪᠣᠯᠬᠤ ᠥᠬᠡᠶ᠃ ᠣᠷᠣᠨ ᠤ ᠭᠠᠳᠠᠨᠠᠬᠢ ᠵᠤᠭᠠᠴᠠᠭᠰᠠᠳ᠂ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ︵ᠳᠤᠮᠳᠠ ᠦᠨᠳᠦᠷ ᠲᠦᠭᠰᠢᠭᠦᠷᠢ ᠶᠢᠨ ᠪᠤᠰᠤ︶ ᠤᠨ  ᠵᠤᠭᠠᠴᠠᠭᠰᠠᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃ ᠦᠵᠡᠮᠵᠢ ᠶᠢᠨ ᠣᠷᠣᠨ ᠤ ᠪᠠᠷᠠᠭ᠎ᠠ ᠬᠤᠳᠠᠯᠳᠤᠨ ᠠᠪᠬᠤ ᠭᠠᠵᠠᠷ ᠲᠠᠯᠠᠪᠤᠷ᠂ ᠢᠳᠡᠵᠦ ᠤᠤᠭᠤᠬᠤ ᠬᠤᠨᠤᠭᠯᠠᠬᠤ ᠭᠠᠵᠠᠷ ᠵᠢᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠳᠦᠷᠢᠮᠵᠢᠭᠦᠯᠦᠨ ᠠᠷᠢᠭᠤᠳᠬᠠᠬᠤ ᠬᠡᠷᠡᠭᠲᠡᠶ᠃     ᠳᠣᠯᠤᠭ᠎ᠠ᠂ ᠳᠠᠯᠠᠳ ᠤᠨ ᠪᠠᠷᠠᠭᠤᠨ ᠠᠶᠠᠨᠴᠢᠳ ᠤᠨ ᠥᠷᠲᠡᠭᠡ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠤᠨᠣᠭᠯᠠᠬᠤ ᠪᠠᠶᠢᠭᠤᠯᠤᠮᠵᠢ ᠨᠤᠭᠤᠳ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢ ᠪᠠᠶᠢᠴᠠᠭᠠᠨ ᠰᠢᠯᠭᠠᠬᠤ᠂ ᠸᠠᠺᠼᠢᠨ ᠤ ᠲᠠᠷᠢᠯᠭ᠎ᠠ ᠲᠠᠷᠢᠬᠤ ᠶᠢ ᠰᠠᠨᠠᠭᠤᠯᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠳᠡᠩᠰᠡᠯᠡᠨ ᠲᠡᠮᠳᠡᠭᠯᠡᠬᠦ ᠶᠢ ᠰᠠᠶᠢᠲᠤᠷ ᠬᠢᠵᠦ᠂ ᠠᠷᠢᠭᠤᠳᠬᠠᠬᠤ ᠪᠠ ᠰᠠᠯᠬᠢ ᠨᠡᠪᠲᠡᠷᠡᠭᠦᠯᠬᠦ ᠶᠢ ᠳᠦᠷᠢᠮᠵᠢᠭᠦᠯᠦᠨ ᠥᠷᠨᠢᠭᠦᠯᠵᠦ᠂ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠤ ᠬᠥᠮᠦᠰ ᠢ ᠣᠯᠵᠤ ᠮᠡᠳᠡᠪᠡᠯ ᠲᠡᠷᠡ ᠳᠠᠷᠤᠶ ᠳᠤᠨᠢ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠴᠢᠯᠡᠭᠡᠨ ᠤ ᠭᠠᠵᠠᠷ ᠪᠠ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠭᠰᠠᠨ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠰᠢᠯᠲᠠᠭᠠᠨ ᠨᠢ ᠲᠣᠳᠣᠷᠬᠠᠶ ᠥᠬᠡᠶ ᠬᠠᠯᠠᠭᠤᠷᠠᠭᠰᠠᠨ ᠡᠪᠡᠳᠴᠢᠲᠡᠨ ᠢ ᠣᠯᠵᠤ ᠮᠡᠳᠡᠪᠡᠯ᠂ ᠳᠠᠷᠦ᠋ᠢᠬᠠᠨ ᠲᠤᠰᠠᠭᠠᠷᠯᠠᠬᠤ ᠶᠢᠨ ᠬᠠᠮᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠳᠦᠷᠢᠮᠵᠢᠯ ᠲᠠᠢ ᠪᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ  ᠰᠢᠯᠵᠢᠭᠦᠯᠦᠨ ᠡᠮᠨᠡᠭᠦᠯᠵᠦ ᠵᠢᠭᠰᠠᠭᠠᠨ ᠪᠠᠶᠢᠴᠠᠭᠠᠬᠤ ᠬᠡᠷᠡᠭᠳᠡᠢ᠃     ᠨᠠᠢᠮᠠ᠂ ᠥᠷᠭᠡᠨ ᠤᠯᠠᠨ ᠬᠤᠳᠠ ᠶᠢᠨ ᠠᠷᠠᠳ ᠴᠢᠬᠤᠯᠠ ᠦᠭᠡᠢ ᠪᠤᠯ ᠭᠠᠳᠠᠭᠰᠢ ᠭᠠᠷᠬᠤ ᠦᠭᠡᠢ ᠪᠠᠶᠢᠵᠦ᠂ ᠢᠯᠠᠩᠭᠤᠶ᠎ᠠ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠪᠠ  ᠪᠤᠰᠤᠳ ᠳᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠡᠭᠦᠰᠦᠭᠰᠡᠨ ᠪᠤᠰᠤᠳ ᠬᠤᠳᠠ ᠳᠤ ᠣᠴᠢᠵᠤ ᠪᠣᠯᠬᠤ ᠦᠭᠡᠢ᠂ ᠬᠡᠷᠪᠡ ᠣᠴᠢᠬᠤ ᠴᠢᠬᠤᠯᠠ ᠲᠠᠢ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠤ ᠬᠤᠪᠢᠷᠠᠯᠲᠠ ᠪᠠ ᠡᠯ᠎ᠡ ᠭᠠᠵᠠᠷ ᠤᠨ ᠨᠡᠶᠢᠲᠡᠯᠡᠭᠰᠡᠨ ᠨᠢᠭᠲᠠ ᠣᠶᠢᠷᠠᠲᠤᠭᠰᠠᠳ ᠪᠤᠶᠤ ᠨᠢᠭᠲᠠ ᠣᠶᠢᠷᠠᠲᠤᠭᠰᠠᠳ ᠲᠠᠢ ᠨᠢᠭᠲᠠ ᠣᠶᠢᠷᠠᠲᠤᠭᠰᠠᠳ ᠤᠨ ᠵᠠᠷᠯᠠᠯ ᠢ ᠴᠠᠭ ᠢᠮᠠᠭᠲᠠ ᠠᠩᠬᠠᠷᠴᠤ᠂ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠳᠤ ᠵᠤᠭᠠᠴᠠᠭᠰᠠᠨ ᠲᠡᠤᠬᠡ ᠲᠠᠢ ᠬᠥᠮᠦᠰ ᠪᠤᠶᠤ ᠣᠨᠣᠰᠢᠯᠠᠭᠰᠠᠨ ︵ᠰᠡᠵᠢᠭᠯᠡᠯᠳᠡᠢ︶ ᠡᠪᠡᠳᠴᠢᠳᠡᠨ᠂ ᠨᠢᠭᠲᠠ ᠣᠶᠢᠷᠠᠲᠤᠭᠰᠠᠳ ᠲᠠᠢ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠯ᠎ᠠ ᠪᠠᠷ ᠳᠠᠪᠬᠤᠴᠠᠭᠰᠠᠨ ᠬᠥᠮᠦᠰ ᠪᠠᠶᠢᠪᠠᠯ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠴᠠᠭ ᠲᠤᠬᠠᠶ ᠳᠤᠨᠢ ᠮᠡᠳᠡᠭᠦᠯᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ᠂ ᠠᠨᠠᠭᠠᠬᠤ ᠤᠬᠠᠭᠠᠨ ᠤ ᠠᠵᠢᠭᠯᠠᠯᠲᠠ ᠵᠢᠴᠢ ᠪᠤᠰᠤᠳ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃                                                                         ᠳᠠᠯᠠᠳ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                                               ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                                        2021 ᠣᠨ ᠤ 10 ᠰᠠᠷ᠎ᠠ ᠶᠢᠨ 23 ᠤ ᠡᠳᠦᠷ                  ᠬᠤᠰᠢᠭᠤ ᠵᠢᠴᠢ ᠰᠤᠮᠤ ᠪᠠᠯᠭᠠᠰᠤ ︵ᠵᠡᠭᠡᠯᠢ ᠭᠤᠳᠤᠮᠵᠢ︶᠂ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶ ᠤᠨ                     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠵᠠᠷ ᠤᠨ ᠵᠢᠵᠢᠭᠦᠷᠯᠡᠬᠦ ᠤᠳᠠᠰᠤ       ᠳᠠᠯᠠᠳ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠣᠭᠤᠳᠬᠤ ᠭᠠᠵᠠᠷ᠄ 0477 — 2266133    ᠳᠠᠯᠠᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0477 — 2267167     ᠳᠠᠯᠠᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0477 — 3947121     ᠫᠢᠩ ᠶᠤᠸᠠᠨ ᠵᠡᠭᠡᠯᠢ ᠭᠤᠳᠤᠮᠵᠢ᠄ 0477 — 5281011     ᠵᠣᠣ ᠵᠢᠶᠦ᠋ᠨ ᠵᠡᠭᠡᠯᠢ ᠭᠤᠳᠤᠮᠵᠢ᠄ 0477 — 2259561     ᠰᠢᠨ᠎ᠡ ᠵᠡᠭᠡᠯᠢ ᠭᠤᠳᠤᠮᠵᠢ᠄ 0477 — 5221582     ᠰᠢ ᠶᠤᠸᠠᠨ ᠵᠡᠭᠡᠯᠢ ᠭᠤᠳᠤᠮᠵᠢ᠄ 0477 — 5291362     ᠪᠠᠶ ᠲᠠ ᠵᠡᠭᠡᠯᠢ ᠭᠤᠳᠤᠮᠵᠢ᠄ 0477 — 5229965     ᠠᠵᠤ ᠦᠢᠯᠡᠳᠪᠤᠷᠢ ᠶᠢᠨ ᠵᠡᠭᠡᠯᠢ ᠭᠤᠳᠤᠮᠵᠢ᠄ 0477 — 2259506     ᠽᠠᠨᠳᠠᠨᠵᠤᠤ ᠰᠤᠮᠤ᠄ 0477 — 5286006     ᠵᠣᠣ ᠵᠢᠶᠦ᠋ᠨ ᠪᠠᠯᠭᠠᠰᠤ᠄ 0477 — 5280004     ᠱᠠᠭᠵᠠᠮᠤᠨᠢ ᠪᠠᠯᠭᠠᠰᠤ᠄ 0477 — 5761880     ᠡᠩᠭᠡᠪᠡᠢ ᠪᠠᠯᠭᠠᠰᠤ᠄ 0477 — 5284007     ᠪᠠᠶ ᠨᠢ ᠵᠢᠩ ᠪᠠᠯᠭᠠᠰᠤ᠄ 0477 — 5973111     ᠸᠠᠩ ᠤᠨ ᠵᠤᠤ ᠪᠠᠯᠭᠠᠰᠤ᠄ 0477 — 5287139     ᠹᠧᠩ ᠱᠦᠶ ᠯᠢᠶᠠᠩ ᠪᠠᠯᠭᠠᠰᠤ᠄ 0477 — 5160661     ᠵᠡᠭᠡᠰᠦᠳᠡᠢ ᠪᠠᠯᠭᠠᠰᠤ᠄ 0477 — 5791011     ᠵᠥᠩ ᠾᠧ ᠰᠢ ᠪᠠᠯᠭᠠᠰᠤ᠄ 0477 — 2257399     ᠡᠩᠬᠡᠪᠸᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ᠄ 0477-2258780     ᠮᠠ ᠯᠠᠨ ᠬᠤ᠋ ᠬᠠᠮᠢᠶᠠᠷᠤᠯᠲᠠ ᠶᠢᠨ ᠵᠥᠪᠯᠡᠯ᠄ 0477 — 5960972     ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠣᠷᠣᠨ᠄ 0477 — 5180800                      ᠪᠥᠭᠡᠮ ᠬᠦᠴᠢᠯ ᠤᠨ ᠦᠯᠢᠭᠡᠷ ᠠᠪᠬᠤ ᠴᠡᠭ ᠤᠨ ᠬᠠᠶ᠋ᠢᠭ ᠵᠢᠴᠢ ᠬᠠᠷᠢᠯᠴᠠᠬᠤ ᠤᠳᠠᠰᠤ       ᠨᠢᠭᠡ᠂ ᠳᠠᠯᠠᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ     1. ᠬᠠᠶ᠋ᠢᠭ᠄ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤᠨ ᠤ ᠳ᠋ᠧ ᠱᠧᠩ ᠵᠡᠭᠡᠯᠢ ᠶᠢᠨ ᠬᠤᠶᠢᠲᠤ ᠲᠠᠯ᠎ᠠ     ᠳᠠᠯᠠᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ     2. ᠬᠠᠷᠢᠯᠴᠠᠬᠤ ᠤᠲᠠᠰᠤ᠄ 0477— 3946981     3.ᠦᠯᠢᠭᠡᠷ ᠠᠪᠬᠤ ᠴᠠᠭ᠄     ︵1︶ ᠬᠠᠯᠠᠭᠤᠷᠠᠵᠤ ᠪᠠᠶᠢᠭ᠎ᠠ ᠡᠪᠡᠳᠴᠢᠲᠡᠨ᠂ ᠳᠤᠮᠳᠠ ᠦᠨᠳᠦᠷ ᠲᠦᠭᠰᠢᠭᠦᠷᠢᠳᠡᠢ ᠭᠠᠵᠠᠷ ᠣᠷᠣᠨ ᠠᠴᠠ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ᠂ ᠤᠷᠳᠤᠰ ᠬᠤᠳᠠ ᠶᠢᠨ ᠭᠠᠳᠠᠨ᠎ᠠ ᠠᠴᠠ ᠬᠤᠰᠢᠭᠤᠨ ᠳᠤ ᠢᠷᠡᠭᠰᠡᠨ︵ᠪᠤᠴᠠᠭᠰᠠᠨ︶ ᠬᠦᠮᠦᠰ ᠬᠠᠯᠳᠠᠪᠤᠷᠢᠯᠠᠯ ᠤᠨ ᠠᠰᠠᠷ ᠤᠨ ᠡᠮᠦᠨᠡᠬᠢ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ 24 ᠴᠠᠭ ᠢᠶᠠᠷ ᠥᠯᠢᠭᠡᠷ ᠠᠪᠤᠨ᠎ᠠ︔     ︵2︶ ᠬᠤᠰᠢᠭᠤᠨ ᠤ ᠳᠣᠲᠣᠷᠠᠬᠢ ᠭᠠᠳᠠᠭᠰᠢ ᠭᠠᠷᠤᠭ᠎ᠠ ᠥᠬᠡᠶ ᠡᠮᠨᠡᠯᠭᠡ ᠳᠤ ᠰᠠᠭᠤᠵᠦ ᠪᠠᠶᠢᠭ᠎ᠠ ᠬᠦᠮᠦᠰ᠂ ᠪᠠᠷ᠎ᠠ ᠪᠣᠯᠵᠣ ᠰᠤᠪᠢᠯᠠᠵᠦ ᠪᠠᠶᠢᠭ᠎ᠠ ᠬᠥᠮᠦᠰ ᠵᠢᠴᠢ ︽ᠪᠠᠶᠢᠴᠠᠭᠠᠯᠳᠠ ᠬᠢᠬᠦ ᠰᠠᠨᠠᠭᠠᠳᠠᠢ ᠪᠤᠶᠤ ᠪᠠᠶᠢᠴᠠᠭᠠᠯᠳᠠ ᠬᠢᠪᠡᠰᠦ ᠵᠤᠬᠢᠬᠤ︾ ᠬᠥᠮᠦᠰ ᠡᠭᠦᠳᠡᠨ ᠡᠮᠨᠡᠯᠭᠡ ᠶᠢᠨ ᠠᠰᠠᠷ ᠤᠨ ᠵᠡᠭᠦᠨ ᠲᠠᠯ᠎ᠠ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ 8᠄ 00 — 20᠄ 00 ᠴᠠᠭ ᠲᠤ ᠥᠯᠢᠭᠡᠷ ᠠᠪᠤᠨ᠎ᠠ᠃     ᠬᠤᠶᠠᠷ᠂ ᠳᠠᠯᠠᠳ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ     1. ᠬᠠᠶ᠋ᠢᠭ᠄ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤᠨ ᠤ ᠫᠢᠩ ᠶᠤᠸᠠᠨ ᠶᠡᠭᠡ ᠵᠡᠭᠡᠯᠢ     ᠳᠠᠯᠠᠳ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ     2. ᠬᠠᠷᠢᠯᠴᠠᠬᠤ ᠤᠲᠠᠰᠤ᠄ 0477— 3946066     3. ᠦᠯᠢᠭᠡᠷ ᠠᠪᠬᠤ ᠴᠠᠭ᠄ ᠦᠳᠡ ᠶᠢᠨ ᠡᠮᠦᠨ᠎ᠡ ᠶᠢᠨ 8᠄ 30— 12᠄ 00                            ᠦᠳᠡ ᠶᠢᠨ ᠬᠤᠶᠢᠨ᠎ᠠ 14᠄ 30 — 17᠄ 30    
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ