ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠱᠠᠲᠤ ᠦᠶᠡᠴᠢ ᠴᠢᠨᠠᠷᠲᠠᠶ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠵᠡᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/10/29
      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠱᠠᠲᠤ ᠦᠶᠡᠴᠢ ᠴᠢᠨᠠᠷᠲᠠᠶ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠲᠤᠬᠠᠢ ᠪᠠᠶᠢᠷᠢᠯᠠᠭᠤᠯᠪᠠ᠃      ᠬᠢᠯᠢ ᠶᠢᠨ ᠭᠠᠳᠠᠨᠠᠬᠢ ᠪᠠᠯᠠ ᠣᠷᠣᠭᠤᠯᠤᠭᠴᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠪᠠᠯᠠ ᠣᠷᠣᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠲᠤᠳᠬᠠᠵᠤ᠂ ᠭᠠᠳᠠᠭᠠᠳᠤ ᠳᠤ ᠨᠡᠭᠡᠭᠡᠯᠲᠡ ᠬᠢᠬᠦ ᠪᠠ ᠭᠠᠳᠠᠭᠠᠳᠤ ᠶᠢᠨ ᠪᠡᠯᠡ ᠶᠢ ᠲᠠᠲᠠᠬᠤ ᠶᠢ ᠠᠬᠢᠭᠤᠯᠬᠤ ᠪᠠᠷ ᠲᠣᠭᠲᠠᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 10 ᠳ᠋ᠤᠭᠠᠷ ᠰᠠᠷ᠎ᠠ ᠶᠢᠨ 27 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠱᠠᠲᠤ ᠦᠶᠡᠴᠢ ᠴᠢᠨᠠᠷᠲᠠᠶ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠲᠤᠬᠠᠢ ᠪᠠᠶᠢᠷᠢᠯᠠᠭᠤᠯᠪᠠ︔ ᠬᠢᠯᠢ ᠶᠢᠨ ᠭᠠᠳᠠᠨᠠᠬᠢ ᠪᠠᠯᠠ ᠣᠷᠣᠭᠤᠯᠤᠭᠴᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠪᠠᠯᠠ ᠣᠷᠣᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠲᠤᠳᠬᠠᠵᠤ᠂ ᠭᠠᠳᠠᠭᠠᠳᠤ ᠳᠤ ᠨᠡᠭᠡᠭᠡᠯᠲᠡ ᠬᠢᠬᠦ ᠪᠠ ᠭᠠᠳᠠᠭᠠᠳᠤ ᠶᠢᠨ ᠪᠡᠯᠡ ᠶᠢ ᠲᠠᠲᠠᠬᠤ ᠶᠢ ᠠᠬᠢᠭᠤᠯᠬᠤ ᠪᠠᠷ ᠲᠣᠭᠲᠠᠪᠠ᠃      ᠬᠤᠷᠠᠯ ᠠᠴᠠ ᠵᠢᠭᠠᠬᠤ ᠳᠤ ᠪᠠᠨ᠂ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠮᠥᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠲᠡᠷᠡ ᠨᠢ ᠠᠵᠤ ᠠᠬᠤᠢ ᠶᠢ ᠬᠥᠭᠵᠢᠭᠦᠯᠬᠦ᠂ ᠠᠵᠢᠯ ᠣᠯᠭᠤᠯᠲᠠ ᠶᠢ ᠥᠷᠭᠡᠳᠬᠡᠬᠦ᠂ ᠵᠠᠬ᠎ᠠ ᠳᠡᠯᠭᠡᠭᠦᠷ ᠢ ᠬᠥᠭᠵᠢᠭᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ︽ᠵᠢᠷᠭᠤᠭ᠎ᠠ ᠶᠢ ᠪᠠᠲᠤᠯᠠᠬᠤ︾ ᠠᠵᠢᠯ᠂ ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠥᠨᠳᠥᠷ ᠪᠠᠶᠢᠷᠢᠨ ᠳᠤ ᠣᠷᠣᠰᠢᠵᠤ᠂ ᠦᠢᠯᠡᠳᠪᠦᠷᠢᠯᠡᠯ ᠤᠨ ᠥᠪᠡᠷ ᠤᠨ ᠦᠷᠳᠡᠭ ᠶᠡᠭᠡ ᠪᠠᠷ ᠳᠡᠭᠡᠭᠰᠢᠯᠡᠭᠰᠡᠨ ᠵᠡᠷᠭᠡ ᠨᠢ ᠠᠵᠤ ᠠᠬᠤᠶᠢᠯᠠᠯ᠂ ᠢᠯᠠᠩᠭᠤᠶ᠎ᠠ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠦᠵᠡᠭᠦᠯᠵᠦ ᠪᠠᠶᠢᠭ᠎ᠠ ᠨᠥᠯᠥᠭᠡ ᠳᠤ ᠴᠢᠭᠯᠡᠭᠦᠯᠦᠨ᠂ ᠵᠠᠬ᠎ᠠ ᠳᠡᠯᠭᠡᠭᠦᠷᠴᠢᠯᠡᠯᠲᠡ᠂ ᠲᠦᠭᠡᠮᠡᠯ ᠬᠠᠷᠠᠭᠠᠯᠵᠠᠯᠲᠤ ᠠᠷᠭ᠎ᠠ ᠮᠠᠶ᠋ᠢᠭ ᠢᠶᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠭᠰᠠᠨ ᠨᠢ᠂ ᠡᠨᠡ ᠵᠢᠯ ᠤᠨ ᠳᠥᠷᠪᠡᠳᠦᠭᠡᠷ ᠤᠯᠠᠷᠢᠯ ᠤᠨ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠ ᠤᠯᠤᠰ ᠤᠨ ᠳᠣᠲᠣᠭᠠᠳᠤ ᠶᠢᠨ ᠥᠷᠲᠡᠭ ᠨᠡᠮᠡᠭᠳᠡᠯ ᠤᠨ ᠭᠠᠶᠢᠯᠢ᠂ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠭᠠᠶᠢᠯᠢ ᠵᠢᠴᠢ ᠲᠡᠭᠦᠨ ᠳᠤ ᠳᠠᠭᠠᠯᠳᠤᠭᠤᠯᠤᠨ ᠲᠠᠲᠠᠪᠤᠷᠢᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠭᠠᠶᠢᠯᠢ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠶᠢᠨ ᠲᠤᠰᠠᠭᠠᠷ ᠪᠡᠯᠡᠲᠦ ᠪᠠ ᠬᠤᠷᠰᠢᠭᠰᠠᠨ ᠠᠵᠤ ᠠᠬᠤᠶᠢᠯᠠᠯ ᠤᠨ ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ︵ᠲᠡᠭᠦᠨ ᠤ ᠣᠷᠣᠯᠠᠨ ᠰᠠᠭᠤᠯᠭᠠᠵᠤ ᠣᠷᠣᠯᠠᠨ ᠲᠤᠰᠢᠶᠠᠬᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠪᠠᠭᠲᠠᠬᠤ ᠦᠭᠡᠶ︶ ᠳᠤ ᠱᠠᠲᠤ ᠦᠶᠡᠴᠢ ᠴᠢᠨᠠᠷᠲᠠᠶ ᠪᠠᠷ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ ᠡᠭᠦᠨ ᠳᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠣᠷᠣᠭᠰᠢ ᠪᠠᠶᠢᠭ᠎ᠠ ᠦᠢᠯᠡᠳᠬᠡᠯ ᠤᠨ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠪᠠᠭᠲᠠᠭᠠᠨ᠎ᠠ︶ ᠳᠤ᠂ ᠲᠡᠭᠦᠨ ᠤ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠪᠦᠬᠦᠨ ᠢ ᠬᠤᠶᠢᠰᠢᠯᠠᠭᠤᠯᠤᠨ ᠲᠤᠰᠢᠶᠠᠯᠭᠠᠨ᠎ᠠ︔ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ 4 ᠳ᠋ᠦᠩᠰᠢᠭᠤᠷ ᠲᠥᠭᠦᠷᠢᠭ ᠤᠨ ᠦᠢᠯᠡᠳᠬᠡᠯ ᠤᠨ ᠦᠢᠯᠡᠰ ᠤᠨ ᠳᠤᠮᠳᠠ ᠬᠡᠯᠪᠡᠷᠢ ᠶᠢᠨ ᠠᠵᠤ ᠠᠬᠤᠶᠢᠯᠠᠯ ᠳᠤ᠂ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ 50% ᠪᠠᠷ ᠬᠤᠶᠢᠰᠢᠯᠠᠭᠤᠯᠤᠨ ᠲᠤᠰᠢᠶᠠᠯᠭᠠᠵᠤ᠂ ᠣᠨᠴᠠᠭᠠᠢ ᠬᠦᠴᠢᠷᠳᠡᠯᠲᠡᠶ ᠠᠵᠤ ᠠᠬᠤᠶᠢᠯᠠᠯ ᠨᠢ ᠭᠠᠶᠢᠯᠢ ᠪᠠᠨ ᠪᠦᠬᠦᠨ ᠢ ᠬᠤᠶᠢᠰᠢᠯᠠᠭᠤᠯᠤᠨ ᠲᠤᠰᠢᠶᠠᠬᠤ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠤᠨ᠎ᠠ᠃ ᠭᠠᠶᠢᠯᠢ ᠬᠤᠶᠢᠰᠢᠯᠠᠭᠤᠯᠤᠯᠲᠠ ᠶᠢ ᠡᠨᠡ ᠵᠢᠯ ᠤᠨ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠢᠷᠡᠬᠦ ᠵᠢᠯ ᠤᠨ 1 ᠳ᠋ᠦ᠋ᠭᠡᠷ ᠰᠠᠷ᠎ᠠ ᠳᠤ ᠭᠤᠶᠤᠴᠢᠯᠠᠨ ᠮᠡᠳᠡᠭᠦᠯᠬᠦ ᠬᠤᠭᠤᠴᠠᠭ᠎ᠠ ᠳᠠᠭᠤᠰᠬᠤ ᠪᠣᠯᠲᠠᠯ᠎ᠠ ᠬᠡᠷᠡᠭᠵᠢᠭᠦᠯᠦᠨ᠎ᠡ᠂ ᠵᠢᠱᠢᠯᠲᠡ ᠪᠠᠷ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠶᠢ 2000 ᠳ᠋ᠦᠩᠰᠢᠭᠤᠷ ᠲᠥᠭᠦᠷᠢᠭ ᠣᠷᠴᠢᠮ ᠬᠤᠶᠢᠰᠢᠯᠠᠭᠤᠯᠬᠤ ᠪᠣᠯᠤᠨ᠎ᠠ᠃ ᠡᠭᠦᠨ ᠠᠴᠠ ᠭᠠᠳᠠᠨ᠎ᠠ᠂ ᠨᠡᠭᠦᠷᠡᠰᠦ ᠴᠠᠬᠢᠯᠭᠠᠨ᠂ ᠢᠯᠴᠢ ᠬᠠᠩᠭᠠᠬᠤ ᠠᠵᠤ ᠠᠬᠤᠶᠢᠯᠠᠯ ᠤᠨ ᠡᠵᠡᠩᠨᠡᠯᠲᠡ ᠶᠢᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠲᠡᠭᠦᠨ ᠤ ᠡᠨᠡ ᠵᠢᠯ ᠤᠨ ᠳᠥᠷᠪᠡᠳᠦᠭᠡᠷ ᠤᠯᠠᠷᠢᠯ ᠳᠤ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠢᠱᠢᠯᠲᠡ ᠪᠠᠷ ᠬᠤᠶᠢᠰᠢᠯᠠᠭᠤᠯᠬᠤ ᠭᠠᠶᠢᠯᠢ ᠶᠢᠨ ᠶᠡᠷᠦᠩᠬᠡᠶ ᠲᠤᠭ᠎ᠠ 170 ᠳ᠋ᠦᠩᠰᠢᠭᠤᠷ ᠲᠥᠭᠦᠷᠢᠭ ᠣᠷᠴᠢᠮ ᠳᠤ ᠬᠦᠷᠦᠨ᠎ᠡ᠃ ᠳᠡᠭᠡᠷᠡᠬᠢ ᠳᠤᠷᠠᠳᠤᠭᠰᠠᠨ ᠭᠠᠶᠢᠯᠢ ᠶᠢ ᠬᠤᠶᠢᠰᠢᠯᠠᠭᠤᠯᠬᠤ ᠠᠷᠭ᠎ᠠ ᠬᠡᠮᠵᠢᠶ᠎ᠡ ᠶᠢᠨ ᠬᠤᠶᠢᠰᠢᠯᠠᠭᠤᠯᠤᠨ ᠲᠤᠰᠢᠶᠠᠬᠤ ᠴᠠᠭ ᠨᠢ ᠬᠠᠮᠤᠭ ᠤᠨ ᠤᠷᠳᠤ ᠳᠠᠭᠠᠨ 3 ᠰᠠᠷ᠎ᠠ ᠪᠣᠯᠤᠨ᠎ᠠ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠠᠶᠢᠯᠢ ᠬᠤᠶᠢᠰᠢᠯᠠᠭᠤᠯᠬᠤ ᠵᠦᠢᠯᠡᠰ ᠤᠨ ᠭᠠᠷᠳᠠᠮ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠭᠦᠢᠴᠡᠳᠬᠡᠬᠦ ᠠᠬᠢᠴᠠ ᠶᠢ ᠲᠦᠷᠭᠡᠳᠬᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠶ ᠪᠠᠷ ᠰᠢᠭᠤᠳ ᠬᠦᠷᠴᠦ ᠲᠦᠷᠭᠡᠨ ᠬᠦᠷᠲᠡᠬᠦ ᠶᠢ ᠦᠨᠡᠨ ᠬᠦ ᠪᠠᠲᠤᠯᠠᠵᠤ᠂ ᠨᠥᠬᠦᠴᠡᠯ ᠳᠤ ᠨᠡᠶᠢᠴᠡᠬᠦ ᠥᠬᠡᠶ ᠠᠵᠤ ᠠᠬᠤᠶᠢᠯᠠᠯ ᠤᠨ ᠭᠠᠶᠢᠯᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠮᠡᠬᠡᠯᠡᠨ ᠬᠦᠷᠲᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠡᠳ᠋ ᠤᠨ ᠵᠠᠰᠠᠭ ᠨᠢ ᠬᠤᠲᠠ ᠰᠢᠶᠠᠨ ᠤ ᠡᠳ᠋ ᠤᠨ ᠵᠠᠰᠠᠭ ᠲᠤ ᠰᠢᠯᠵᠢᠭᠦᠯᠦᠨ ᠥᠭᠬᠦ ᠲᠣᠬᠢᠷᠠᠭᠤᠯᠤᠯᠲᠠ ᠶᠢ ᠰᠠᠶᠢᠲᠤᠷ ᠬᠢᠵᠦ᠂ ᠭᠠᠶᠢᠯᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠨᠳᠦᠰᠦᠨ ᠱᠠᠲᠤᠨ ᠤ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠳᠤ ᠨᠥᠯᠥᠭᠡ ᠦᠵᠡᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠵᠡᠷᠭᠡᠴᠡᠭᠡ ᠪᠠᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠲᠠᠷᠠᠭᠠᠴᠢ ᠶᠢᠨ ᠠᠯᠬᠤᠮ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠪᠴᠢᠶᠡᠲᠦ ᠴᠢᠨᠠᠷᠲᠠᠶ ᠭᠠᠶᠢᠯᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠱᠠᠯᠠᠪᠳᠠᠨ ᠰᠤᠳᠤᠯᠵᠤ᠂ ᠬᠤᠷᠸ᠎ᠠ ᠲᠠᠯ᠎ᠠ ᠶᠢᠨ ᠤᠷᠢᠳᠴᠢᠯᠠᠭᠰᠠᠨ ᠲᠣᠬᠢᠷᠠᠭᠤᠯᠤᠯᠲᠠ ᠪᠠ ᠪᠢᠴᠢᠯ ᠲᠤᠬᠢᠷᠠᠭᠤᠯᠤᠯᠳᠡ ᠬᠢᠬᠦ ᠶᠢ ᠴᠠᠭ ᠲᠤᠬᠠᠢ ᠳᠤ ᠨᠢ ᠲᠣᠬᠢᠷᠠᠭᠤᠯᠤᠨ ᠬᠠᠨᠳᠤᠯᠭᠠᠲᠤ ᠴᠢᠨᠠᠷᠲᠠᠶ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠶ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠪᠡᠯᠡ ᠶᠢ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠢᠶᠠᠷ ᠳᠠᠮᠵᠢᠨ ᠨᠡᠩ ᠤᠯᠠᠨ ᠭᠠᠳᠠᠭᠠᠳᠤ ᠪᠡᠯᠡ ᠶᠢᠨ ᠤᠯᠤᠰ ᠤᠨ ᠳᠣᠲᠣᠭᠠᠳᠤ ᠶᠢᠨ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠭᠰᠠᠨ ᠨᠢ᠂ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠪᠡᠯᠡ ᠣᠷᠣᠭᠤᠯᠤᠭᠠᠳ ᠣᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢᠨ ᠣᠷᠣᠯᠭ᠎ᠠ ᠶᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠣᠯᠤᠨ ᠦᠷᠳᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠬᠢᠵᠠᠭᠠᠷᠲᠤ ᠬᠤᠭᠤᠴᠠᠭ᠎ᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠲᠠᠯ᠎ᠠ ᠤᠷᠲᠤᠳᠬᠠᠵᠤ᠂ ᠲᠤᠬᠠᠶᠢᠯᠠᠪᠠᠯ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ ᠤᠷᠲᠤᠳᠬᠠᠨ᠎ᠠ ᠭᠡᠵᠦ ᠲᠣᠭᠲᠠᠭᠠᠪᠠ᠃ ᠬᠤᠷᠠᠯ ᠠᠴᠠ ᠱᠠᠭᠠᠷᠳᠠᠬᠤ ᠳᠤ ᠪᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠠᠩᠰᠠᠯᠠᠭᠤᠯᠬᠤ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠳᠦ ᠵᠠᠪᠰᠢᠬᠤ᠂ ᠵᠠᠬ᠎ᠠ ᠳᠡᠯᠭᠡᠭᠦᠷ ᠢ ᠡᠷᠬᠡᠰᠢᠶᠡᠨ ᠡᠵᠡᠮᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ