ᠬᠦᠬᠡ ᠲᠠᠷᠤᠰᠢ ᠶᠢᠨ ᠡᠷᠳᠡᠨᠢ ᠰᠢᠰᠢ ᠶᠢ ᠬᠤᠷᠢᠶᠠᠵᠦ ᠡᠬᠢᠯᠡᠪᠡ
ᠨᠡᠶᠢᠲᠡᠯᠡᠭᠰᠡᠨ ᠴᠠᠭ᠄
2021/10/8
                          ᠤᠢᠢᠷ᠎ᠠ ᠳᠤ ᠦᠪᠦᠷ ᠮᠤᠩᠭᠤᠯ ᠤᠨ ᠤᠷᠳᠤᠰ ᠬᠤᠳᠠ ᠶᠢᠨ ᠲᠠᠯᠠᠳ ᠬᠤᠰᠢᠭᠤ ᠬᠦᠬᠡ ᠲᠠᠷᠤᠰᠢ ᠶᠢᠨ ᠡᠷᠳᠡᠨᠢ ᠰᠢᠰᠢ ᠪᠠᠨ ᠬᠤᠷᠢᠶᠠᠵᠦ ᠡᠬᠢᠯᠡᠪᠡ᠃ ᠲᠠᠯᠠᠳ ᠬᠤᠰᠢᠭᠤ ᠪᠤᠯ ᠤᠯᠤᠰ ᠤᠨ ᠲᠠᠸᠠᠷ ᠤᠨ ᠠᠮᠤ ᠪᠤᠳᠠᠭᠠᠨ ᠤ ᠰᠠᠭᠤᠷᠢᠨ ᠪᠠ ᠤᠳᠤ ᠦᠶ᠎ᠠ ᠶᠢᠨ ᠲᠠᠷᠢᠶᠠᠯᠠᠩ ᠤᠨ ᠵᠢᠱᠢᠶ᠎ᠠ ᠦᠵᠡᠬᠦᠯᠬᠦ ᠲᠤᠭᠤᠷᠢᠬ ᠪᠤᠯᠤᠨ᠎ᠠ᠂ ᠤᠢᠢᠷ᠎ᠠ ᠶᠢᠨ ᠵᠢᠯ ᠳᠤ ᠠᠮᠤ ᠪᠤᠳᠠᠭᠠᠨ ᠤ ᠲᠠᠷᠢᠮᠠᠯ ᠢ ᠪᠤᠷᠳᠤᠭᠠᠨ ᠲᠠᠷᠢᠮᠠᠯ ᠪᠤᠯᠭᠠᠨ ᠬᠤᠪᠢᠷᠠᠭᠤᠯᠬᠤ ᠲᠦᠷᠦᠯ ᠵᠦᠢᠯ ᠢᠶᠠᠷ ᠲᠠᠮᠵᠢᠵᠦ᠂ ᠲᠠᠷᠢᠮᠠᠯ ᠤᠨ ᠪᠦᠲᠦᠴᠡ ᠳᠡᠭᠡᠨ ᠲᠤᠬᠢᠷᠠᠭᠤᠯᠤᠯᠳᠠ ᠬᠢᠵᠦ᠂ ᠲᠠᠷᠢᠶᠠᠴᠢᠳ ᠤᠨ ᠬᠦᠬᠡ ᠲᠠᠷᠤᠰᠢ ᠶᠢᠨ ᠡᠷᠳᠡᠨᠢ ᠰᠢᠰᠢ ᠲᠠᠷᠢᠬᠤ ᠶᠢ ᠬᠦᠳᠦᠯᠦᠨ ᠵᠢᠯᠤᠭᠤᠳᠴᠤ᠂ ᠤᠷᠤᠯᠭ᠎ᠠ ᠶᠢᠨ ᠨᠡᠮᠡᠭᠳᠡᠯ ᠢ ᠨᠢ ᠠᠬᠢᠭᠤᠯᠤᠬᠰᠠᠨ ᠪᠠᠶᠢᠨ᠎ᠠ᠃ ᠵᠢᠷᠤᠬ ᠪᠤᠯ ᠲᠠᠯᠠᠳ ᠬᠤᠰᠢᠭᠤᠨ ᠤ ᠽᠠᠨᠳᠠᠨᠵᠤᠤ ᠰᠤᠮᠤᠨ ᠤ ᠲᠠᠷᠢᠶᠠᠴᠢᠳ ᠲᠤᠮᠤ ᠬᠡᠯᠪᠡᠷᠢ ᠶᠢᠨ ᠮᠠᠰᠢᠨ ᠢᠶᠠᠷ ᠬᠦᠬᠡ ᠲᠠᠷᠤᠰᠢ ᠶᠢᠨ ᠡᠷᠳᠡᠨᠢ ᠰᠢᠰᠢ ᠪᠠᠨ ᠬᠤᠷᠢᠶᠠᠵᠦ ᠪᠠᠶᠢᠭ᠎ᠠ ᠨᠢ᠃

10.8达旗青储草.png

    

 

ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ