| ᠭᠠᠷ ᠤᠲᠠᠰᠤ ᠨᠢ ᠣᠳᠣᠬᠠᠨ ᠳᠤ ᠪᠠᠷᠤᠭ ᠬᠥᠮᠦᠰ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠪᠣᠯᠵᠤ᠂ ᠨᠠᠰᠤᠨ ᠳᠤ ᠥᠯᠥ ᠬᠦᠷᠦᠭᠰᠡᠳ ᠤᠨ ᠭᠠᠷ | ᠤᠲᠠᠰᠤ ᠬᠡᠷᠡᠭᠯᠡᠬᠦ ᠪᠠᠶᠢᠳᠠᠯ ᠴᠤ ᠶᠠᠪᠤᠬᠤ ᠲᠤᠲᠤᠮ ᠣᠯᠠᠰᠢᠷᠠᠵᠤ ᠪᠠᠶᠢᠨ᠎ᠠ᠃ ᠵᠠᠷᠢᠮ ᠪᠠᠶᠢᠴᠠᠭᠠᠯᠲᠠ ᠶᠢᠨ ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠣᠶᠢᠷ᠎ᠠ ᠶᠢᠨ | ᠬᠡᠳᠦᠨ ᠵᠢᠯ ᠳᠤ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠠᠩᠬ᠎ᠠ ᠤᠳᠠᠭ᠎ᠠ ᠰᠦᠯᠵᠢᠶᠡᠨ ᠲᠠᠢ ᠣᠶᠢᠷᠠᠳᠬᠤ ᠨᠠᠰᠤ ᠨᠢ ᠲᠠᠰᠤᠷᠠᠯᠲᠠ ᠥᠬᠡᠶ | ᠪᠠᠭᠤᠷᠠᠵᠤ᠂ 10 ᠨᠠᠰᠤ ᠵᠢᠴᠢ 10 ᠨᠠᠰᠤᠨ ᠠᠴᠠ ᠳᠣᠷᠣᠭᠰᠢᠬᠢ ᠬᠦᠮᠦᠰ ᠤᠨ ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠬᠥᠮᠦᠨ ᠤ ᠲᠣᠭᠠᠨ ᠤ ᠬᠠᠷᠢᠴᠠᠯ ᠨᠢ | 78% ᠳᠤ ᠬᠦᠷᠴᠦ᠂ ᠠᠩᠬ᠎ᠠ ᠤᠳᠠᠭ᠎ᠠ ᠰᠦᠯᠵᠢᠶᠡᠨ ᠳᠤ ᠣᠶᠢᠷᠠᠲᠤᠭᠰᠠᠨ ᠬᠦᠮᠦᠰ ᠤᠨ ᠨᠠᠰᠤ ᠨᠢ 6 — 10 ᠨᠠᠰᠤᠨ ᠳᠤ ᠲᠥᠪᠯᠡᠷᠡᠵᠦ ᠪᠤᠢ᠂ ᠡᠭᠦᠨ ᠳᠤ | ᠣᠯᠠᠩᠬᠢ ᠨᠢ ᠭᠠᠷ ᠤᠲᠠᠰᠤ ᠪᠠᠷ ᠳᠡᠮᠵᠢᠨ ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠶᠤᠮ᠃ | ᠪᠦᠷᠢᠳᠬᠡᠯ ᠢ ᠦᠨᠳᠦᠰᠦᠯᠡᠪᠡᠯ᠂ 2019 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠨᠠᠰᠤᠨ ᠳᠤ ᠥᠯᠥ ᠬᠥᠷᠬᠦ ᠰᠦᠯᠵᠢᠶᠡᠴᠢᠳ ᠤᠨ ᠬᠡᠪᠴᠢᠶ᠎ᠡ 1. | 75 ᠳ᠋ᠦᠩᠰᠢᠭᠤᠷ ᠲᠤ ᠬᠦᠷᠴᠦ᠂ ᠨᠠᠰᠤᠨ ᠳᠤ ᠥᠯᠥ ᠬᠦᠷᠦᠭᠰᠡᠳ ᠤᠨ ᠢᠨᠲ᠋ᠧᠷ ᠰᠦᠯᠵᠢᠶᠡᠨ ᠳᠤ ᠭᠠᠷᠬᠤ ᠲᠦᠭᠡᠮᠡᠯᠵᠢᠭᠰᠡᠨ ᠨᠣᠷᠮ᠎ᠠ ᠨᠢ 93.1% ᠳᠤ ᠬᠦᠷᠴᠦ | ᠂ ᠭᠠᠷ ᠤᠲᠠᠰᠤ ᠶᠢ ᠰᠦᠯᠵᠢᠶᠡᠨ ᠳᠤ ᠭᠠᠷᠬᠤ ᠪᠠᠭᠠᠵᠢ ᠪᠣᠯᠭᠠᠬᠰᠠᠨ ᠬᠠᠷᠢᠴᠠᠯ ᠨᠢ 93.9% ᠳᠤ ᠬᠦᠷᠴᠡᠶ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠤᠨ ᠭᠠᠷ ᠤᠲᠠᠰᠤ ᠠᠪᠴᠤ ᠶᠠᠪᠤᠬᠤ ᠪᠤᠶᠤ ᠭᠠᠷ ᠴᠠᠭ ᠵᠡᠬᠦᠵᠦ ᠶᠠᠪᠤᠬᠤ ᠨᠢ ᠨᠢᠭᠡᠨᠲᠡ ᠨᠢᠭᠡ | ᠵᠦᠢᠯ ᠤᠨ ᠦᠵᠡᠭᠳᠡᠯ ᠪᠣᠯᠵᠠᠶ᠃ ᠲᠡᠭᠡᠪᠡᠯ᠂ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠦᠪᠡᠷ ᠤᠨ ᠪᠡᠶ᠎ᠡ ᠪᠠᠷ ᠢᠶᠠᠨ ᠭᠠᠷ ᠤᠲᠠᠰᠤᠨ ᠤ ᠲᠤᠬᠠᠶᠢᠯᠠᠭᠰᠠᠨ | ᠠᠵᠢᠯ ᠤᠨ ᠭᠠᠷᠳᠠᠮ ᠬᠢᠯᠭᠡᠵᠦ ᠪᠣᠯᠤᠨ᠎ᠠ ᠦᠦ ᠦᠭᠡᠢ ᠤᠤ︖ | ᠡᠭᠦᠨ ᠤ ᠲᠤᠬᠠᠶ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠷᠢᠭᠤᠯᠲᠠ ᠥᠭᠴᠡᠶ᠄ ︽ᠢᠷᠭᠡᠨ ᠤ ᠬᠠᠤᠯᠢ ᠶᠢᠨ ᠪᠢᠴᠢᠭ︾ ᠪᠠ ︽ | ᠤᠳᠠᠰᠤ ᠬᠡᠷᠡᠭᠯᠡᠭᠴᠢ ᠶᠢᠨ ᠦᠨᠡᠨ ᠪᠡᠶ᠎ᠡ ᠤᠨ ᠭᠠᠷᠤᠯ ᠤᠨ ᠮᠡᠳᠡᠭᠡ ᠵᠠᠩᠭᠢ ᠶᠢ ᠳᠠᠩᠰᠠᠯᠠᠬᠤ ᠲᠣᠭᠲᠠᠭᠠᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠶᠠᠮᠤᠨ ᠤ ᠵᠠᠷᠯᠢᠭ 25 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠦᠬᠦᠯᠢ 16 ᠨᠠᠰᠤ ᠬᠦᠷᠦᠭᠡᠳᠦᠢ ᠵᠢᠴᠢ ᠢᠷᠭᠡᠨ ᠤ | ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠥᠬᠡᠶ ᠪᠤᠰᠤᠳ ᠬᠡᠷᠡᠭᠯᠡᠭᠴᠢ ᠳᠤ ᠴᠢᠭᠯᠡᠭᠦᠯᠦᠨ᠂ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠨᠢ | ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠡᠵᠡᠩᠨᠡᠭᠴᠢ ᠶᠢᠨ ᠡᠵᠡᠩᠨᠡᠯᠲᠡ ᠶᠢᠨ ᠲᠢᠩᠬᠢᠮ ᠳᠤ ᠬᠦᠷᠴᠦ ᠣᠷᠣᠯᠠᠨ ᠭᠠᠷᠳᠠᠮ ᠬᠢᠯᠭᠡᠬᠦ ᠬᠡᠷᠡᠭᠳᠡᠢ᠂ ᠴᠠᠬᠢᠯᠭᠠᠨ | ᠬᠤᠯᠪᠣᠭᠠᠨ ᠤ ᠲᠤᠬᠠᠶᠢᠯᠠᠭᠰᠠᠨ ᠠᠵᠢᠯ ᠡᠵᠡᠩᠨᠡᠭᠴᠢ ᠨᠢ ᠬᠡᠷᠡᠭᠯᠡᠭᠴᠢ ᠪᠠ ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢᠨ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ | ᠦᠨᠡᠨ ᠮᠥᠨ ᠢᠶᠠᠷ ᠨᠢ ᠳᠠᠩᠰᠠᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢᠨ ᠬᠡᠷᠡᠯ ᠵᠢᠷᠤᠭ ᠢ ᠦᠯᠡᠳᠡᠭᠡᠨ | ᠬᠠᠳᠠᠭᠠᠯᠠᠬᠤ ᠬᠡᠷᠡᠭᠲᠡᠶ ᠬᠡᠪᠡ᠃ | ᠣᠶᠢᠯᠠᠭᠠᠭᠰᠠᠨ ᠢᠶᠠᠷ᠂ ᠭᠠᠷ ᠤᠲᠠᠰᠤᠨ ᠤ ᠺᠠᠷᠲ ᠬᠢᠯᠭᠡᠬᠦ ᠳᠤ ᠨᠠᠰᠤᠨ ᠤ ᠬᠢᠵᠠᠭᠠᠷ ᠭᠡᠵᠦ ᠪᠠᠶᠢᠬᠤ ᠥᠬᠡᠶ᠃ ᠠᠵᠢᠯᠯᠠᠭ᠎ᠠ ᠶᠢᠨ ᠴᠢᠳᠠᠪᠤᠷᠢ ᠥᠬᠡᠶ ᠨᠠᠰᠤᠨ ᠳᠤ | ᠥᠯᠥ ᠭᠦᠷᠦᠭᠰᠡᠳ ᠰᠦᠯᠵᠢᠶᠡᠨ ᠳᠤ ᠭᠠᠷᠬᠤ ᠰᠢᠨ᠎ᠡ ᠭᠠᠷ ᠤᠲᠠᠰᠤᠨ ᠤ ᠺᠠᠷᠲ ᠬᠢᠯᠭᠡᠬᠦ ᠳᠤ ᠵᠣᠬᠢᠬᠤ ᠬᠢᠵᠠᠭᠠᠷᠯᠠᠯ ᠲᠠᠢ ᠪᠠᠶᠢᠬᠤ ᠠᠴᠠ ᠭᠠᠳᠠᠨ᠎ᠠ᠂ ᠪᠤᠰᠤᠳ | ᠬᠥᠮᠦᠰ ᠤᠨ ᠺᠠᠷᠲ ᠬᠢᠯᠬᠡᠬᠦ ᠳᠤ ᠬᠢᠵᠠᠭᠠᠷᠯᠠᠯ ᠬᠡᠵᠦ ᠪᠠᠶᠢᠬᠤ ᠥᠬᠡᠶ᠂ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠴᠤ ᠬᠡᠰᠡᠨ ᠰᠦᠯᠵᠢᠶᠡᠨ ᠳᠤ ᠭᠠᠷᠬᠤ | ᠰᠢᠨ᠎ᠡ ᠭᠠᠷ ᠤᠲᠠᠰᠤᠨ ᠤ ᠺᠠᠷᠲ ᠬᠢᠯᠭᠡᠵᠦ ᠪᠣᠯᠤᠨ᠎ᠠ᠃ | ᠲᠤᠰᠬᠠᠶ ᠮᠡᠷᠭᠡᠵᠢᠯᠲᠡᠨ ᠬᠡᠯᠡᠬᠦ ᠳᠡᠭᠡᠨ᠄ ᠣᠲᠣ ᠣᠯᠠᠩᠬᠢ ᠰᠣᠷᠣᠭᠴᠢ ᠴᠥᠮ ᠬᠢᠨᠠᠨ ᠬᠠᠮᠠᠭᠠᠯᠠᠭᠴᠢ ᠪᠠᠷ ᠢᠶᠠᠨ ᠭᠠᠷ ᠤᠲᠠᠰᠤᠨ ᠤ ᠺᠠᠷᠲ ᠬᠢᠯᠭᠡᠵᠦ ᠪᠠᠶᠢᠨ᠎ᠠ᠂ | ᠭᠡᠪᠡᠴᠦ ᠪᠤᠰᠤᠳ ᠬᠥᠮᠦᠨ ᠤ ᠭᠠᠷ ᠤᠲᠠᠰᠤᠨ ᠤ ᠺᠠᠷᠲ ᠢᠶᠠᠨ ᠪᠦᠬᠦᠯᠢ 16 ᠨᠠᠰᠤ ᠬᠦᠷᠦᠭᠡᠳᠦᠢ ᠬᠡᠦᠬᠡᠳ ᠲᠤ ᠥᠭᠴᠦ ᠬᠡᠷᠡᠭᠯᠡᠭᠦᠯᠬᠦ ᠶᠢ ᠰᠡᠷᠡᠮᠵᠢᠯᠡᠬᠦ ᠬᠡᠷᠡᠭᠲᠡᠶ | ᠭᠡᠵᠡᠶ᠃ ᠥᠪᠡᠷ ᠤᠨ ᠭᠠᠷ ᠤᠲᠠᠰᠤᠨ ᠤ ᠺᠠᠷᠲ ᠢᠶᠠᠨ ᠰᠠᠶᠢᠲᠤᠷ ᠬᠠᠮᠢᠶᠠᠷᠴᠤ᠂ ᠪᠤᠰᠤᠳ ᠲᠤ ᠪᠤᠶᠤ ᠥᠪᠡᠷ ᠤᠨ ᠪᠡᠶ᠎ᠡ ᠳᠡᠭᠡᠨ ᠮᠠᠭᠤ ᠨᠥᠯᠥᠭᠡ ᠪᠣᠯᠬᠤ ᠠᠴᠠ | ᠰᠡᠷᠭᠡᠶᠢᠯᠡᠬᠦ ᠬᠡᠷᠡᠭᠲᠡᠶ ᠭᠡᠵᠦ ᠬᠡᠷᠡᠭᠯᠡᠭᠴᠢᠳ ᠲᠤ ᠲᠠᠬᠢᠨ ᠰᠠᠨᠠᠭᠤᠯᠤᠬᠰᠠᠨ ᠪᠠᠶᠢᠨ᠎ᠠ᠃ | |