ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ | ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ ᠨᠡᠷ᠎ᠡ ︵ᠨᠢᠭᠡᠴᠡ ᠶᠢᠨ ᠨᠡᠷᠡᠶᠢᠳᠦᠯ︶ ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ | ᠬᠤᠪᠢᠷᠠᠭᠤᠯᠬᠤ᠂ ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ ᠭᠡᠷᠡᠴᠢ ᠶᠢᠨ ᠨᠣᠮᠧᠷ ᠢ ᠬᠤᠪᠢᠷᠠᠭᠤᠯᠬᠤ᠃ | ᠬᠤᠶᠠᠷ᠂ ᠲᠣᠰᠢᠶᠠᠬᠤ ᠮᠠᠲ᠋ᠧᠷᠢᠶᠠᠯ | 1. ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ ᠂ ᠭᠠᠷᠳᠠᠨ ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ | ᠬᠠᠭᠤᠯᠪᠤᠷᠢ ︵A4 ᠴᠠᠭᠠᠰᠤ︶᠃ ︵ᠬᠤᠪᠢ ᠬᠥᠮᠥᠨ᠄ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ | ᠨᠣᠮᠧᠷ ᠤᠨ ᠦᠨᠡᠮᠯᠡᠯ︔ ᠲᠤᠰ ᠬᠤᠲᠠ ᠶᠢᠨ ᠪᠣᠰᠤ ᠬᠥᠮᠥᠰ ᠪᠣᠯ ︽ᠲᠦᠷ ᠰᠠᠭᠤᠬᠤ ᠭᠡᠷᠡᠴᠢ︾ ᠶᠢ ᠲᠤᠰᠢᠶᠠᠨ᠎ᠠ᠃︶ | 2. ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ ᠪᠦᠬᠦᠢ ᠭᠡᠷᠡᠴᠢ᠃ | 3. ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃ | 4. ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠂ ︽ᠮᠠᠰᠢᠨ ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ | ᠠᠵᠢᠯ ᠤᠨ ᠴᠤᠪᠤᠷᠠᠯ ᠬᠠᠭᠤᠳᠠᠰᠤ︾᠃ ︵ᠠᠯᠪᠠᠨ ᠤ ᠮᠠᠰᠢᠨ ᠲᠡᠷᠭᠡ᠄ ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄ ᠭᠠᠷ ᠤᠨ ᠢᠶᠠᠨ | ᠦᠰᠦᠭ ᠵᠢᠷᠣᠨ᠎ᠠ︶ | ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ | 1. ᠬᠤᠪᠢ ᠶᠢᠨ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ ᠨᠠᠶᠢᠳᠠᠯᠭ᠎ᠠ ᠶᠢᠨ ᠪᠢᠴᠢᠭ᠂ ᠬᠤᠶᠠᠷ ᠡᠲᠡᠭᠡᠳ ᠤᠨ ︽ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃ | 2. ᠠᠯᠪᠠᠨ ᠤ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ ᠲᠠᠨᠢᠯᠴᠠᠭᠤᠯᠭ᠎ᠠ ᠶᠢᠨ ᠪᠢᠴᠢᠭ᠂ ᠠᠯᠪᠠᠨ ᠲᠠᠮᠠᠭ᠎ᠠ ᠳᠠᠷᠤᠭᠰᠠᠨ | ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠬᠠᠭᠤᠯᠪᠤᠷᠢ᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ | ᠃ | 3. ᠬᠠᠨᠢ ᠨᠥᠬᠦᠷ ᠤᠨ ᠬᠠᠷᠢᠴᠠᠭ᠎ᠠ ᠲᠠᠢ ᠪᠣᠯ ︽ᠣᠷᠤᠭ ᠤᠨ ᠦᠨᠡᠮᠯᠡᠯ︾᠂ ᠬᠤᠶᠠᠷ ᠡᠲᠡᠭᠡᠳ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ | ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃ | 4. ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ | ᠠᠮᠠ ᠶᠢᠨ ᠳᠠᠩᠰᠠ ᠪᠠ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ | | |