ᠮᠡᠬᠡᠯᠡᠯ ᠢ ᠰᠡᠷᠭᠡᠶᠢᠯᠡᠬᠦ ᠵᠦᠭᠯᠡᠬᠦᠷ
ᠨᠡᠶᠢᠲᠡᠯᠡᠭᠰᠡᠨ ᠴᠠᠭ᠄
2021/10/8
   1. ᠵᠢᠩᠬᠢᠨᠢ ᠰᠦᠯᠵᠢᠶᠡᠨ ᠥᠷᠲᠡᠭᠡ ᠳᠤ ᠭᠠᠷᠬᠤ ᠬᠡᠷᠡᠭᠲᠡᠢ᠃ ᠵᠢᠱᠢᠶᠡᠯᠡᠪᠡᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ᠂ ᠶᠡᠭᠡ ᠳᠡᠭᠡᠳᠦ ᠰᠤᠷᠭᠠᠭᠤᠯᠢ ᠶᠢᠨ ᠬᠠᠩᠭᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠵᠢᠴᠢ ᠨᠡᠷᠡᠲᠡᠶ ᠠᠵᠢᠯᠲᠠᠨ ᠤᠷᠢᠬᠤ ᠦᠢᠯᠡᠴᠢᠯᠡᠭᠡᠨ ᠤ ᠠᠵᠤ ᠠᠬᠤᠶᠢᠯᠠᠯ ᠤᠨ ᠰᠦᠯᠵᠢᠶᠡᠨ ᠥᠷᠲᠡᠭᠡ ᠵᠡᠷᠭᠡ᠃     2. ᠥᠪᠡᠷ ᠤᠨ ᠬᠤᠪᠢ ᠶᠢᠨ ᠨᠢᠭᠤᠴᠠ ᠪᠠᠨ ᠬᠠᠮᠠᠭᠠᠯᠠᠬᠤ ᠶᠢ ᠠᠩᠬᠠᠷᠤᠭᠠᠷᠠᠢ᠃ ᠦᠪᠡᠷ ᠤᠨ ᠪᠡᠶ᠎ᠡ ᠶᠢᠨ ᠦᠨᠡᠮᠯᠡᠯ ᠤᠨ ᠨᠣᠮᠧᠷ᠂ ᠢᠲᠡᠭᠡᠮᠵᠢ ᠶᠢᠨ ᠺᠠᠷᠲ ᠤᠨ ᠨᠣᠮᠧᠷ ᠵᠡᠷᠭᠡ ᠵᠠᠷᠢᠮ ᠬᠤᠪᠢ ᠬᠥᠮᠦᠨ ᠤ ᠴᠢᠬᠤᠯᠠ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠳᠤᠷ᠎ᠠ ᠪᠠᠷ ᠢᠶᠠᠨ ᠳᠠᠮᠵᠢᠭᠤᠯᠵᠣ ᠪᠣᠯᠬᠤ ᠥᠬᠡᠶ᠃    3. ᠠᠵᠤ ᠠᠬᠤᠶᠢᠯᠠᠯ ᠤᠨ ᠢᠲᠡᠭᠡᠮᠵᠢ ᠶᠢ ᠠᠩᠬᠠᠷᠤᠭᠠᠷᠠᠢ᠃ ᠲᠣᠪᠴᠢ ᠨᠠᠮᠲᠠᠷ ᠢᠶᠠᠨ ᠳᠠᠮᠵᠢᠭᠤᠯᠬᠤ ᠠᠴᠠ ᠡᠮᠦᠨ᠎ᠡ᠂ ᠤᠷᠢᠳᠠᠪᠠᠷ ᠠᠵᠤ ᠠᠬᠤᠶᠢᠯᠠᠯ ᠤᠨ ᠢᠲᠡᠭᠡᠮᠵᠢ ᠶᠢᠨ ᠰᠦᠯᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠬᠢᠷᠢ ᠬᠡᠮ ᠢ ᠪᠠᠶᠢᠴᠠᠭᠠᠨ ᠦᠵᠡᠵᠦ᠂ ᠠᠵᠢᠯᠲᠠᠨ ᠡᠯᠰᠡᠬᠦ ᠨᠢᠭᠡᠴᠡ ᠶᠢᠨ ᠵᠢᠩᠬᠢᠨᠢ ᠪᠥᠭᠡᠳ ᠬᠠᠤᠯᠢ ᠳᠤ ᠨᠡᠶᠢᠴᠡᠭᠰᠡᠨ ᠪᠠᠶᠢᠬᠤ ᠶᠢ ᠦᠨᠡᠨ ᠬᠦ ᠪᠠᠲᠤᠯᠠᠨ᠎ᠠ᠃    4. ︽ᠬᠠᠷᠠᠯᠲᠠ︾ ᠪᠠᠨ ᠣᠨᠣᠪᠴᠢᠲᠠᠶ ᠰᠣᠩᠭᠤᠭᠰᠠᠨ ᠤ ᠳᠠᠷᠠᠭ᠎ᠠ ᠲᠣᠪᠴᠢ ᠨᠠᠮᠲᠠᠷ ᠢᠶᠠᠨ ᠳᠠᠮᠵᠢᠭᠤᠯᠣᠨ᠎ᠠ᠃ ᠥᠪᠡᠷ ᠤᠨ ᠲᠣᠪᠴᠢ ᠨᠠᠮᠲᠠᠷ ᠢᠶᠠᠨ ᠰᠣᠬᠤᠷ ᠪᠠᠯᠠᠶ ᠪᠠᠷ ᠳᠠᠮᠵᠢᠭᠤᠯᠵᠣ ᠪᠣᠯᠬᠤ ᠦᠭᠡᠶ᠂ ᠰᠣᠩᠭᠤᠯᠲᠠ ᠲᠠᠢ᠂ ᠬᠢᠨᠠᠯᠲᠠ ᠲᠠᠢ ᠪᠠᠶᠢᠵᠣ᠂ ᠰᠣᠷᠣᠭᠰᠠᠨ ᠲᠤᠰᠬᠠᠶ ᠮᠡᠷᠭᠡᠵᠢᠯ᠂ ᠠᠵᠢᠯ ᠡᠷᠢᠬᠦ ᠬᠦᠰᠡᠯ ᠱᠠᠭᠠᠷᠳᠠᠯᠭ᠎ᠠ ᠪᠠᠨ ᠦᠨᠳᠦᠰᠦᠯᠡᠨ᠂ ᠠᠵᠤ ᠠᠬᠤᠶᠢᠯᠠᠯ ᠢᠶᠠᠨ ᠣᠨᠣᠪᠴᠢᠲᠠᠶ ᠰᠣᠩᠭᠤᠭᠰᠠᠨ ᠤ ᠳᠠᠷᠠᠭ᠎ᠠ ᠰᠠᠶ᠋ᠢ ᠲᠣᠪᠴᠢ ᠨᠠᠮᠲᠠᠷ ᠢᠶᠠᠨ ᠳᠠᠮᠵᠢᠭᠤᠯᠬᠤ ᠬᠡᠷᠡᠭᠲᠡᠶ᠃    5. ᠬᠡᠷᠪᠡ ᠠᠵᠢᠯᠲᠠᠨ ᠡᠯᠰᠡᠬᠦ ᠨᠢᠭᠡᠴᠡ ᠬᠠᠮᠢᠶ᠎ᠠ ᠪᠦᠬᠦᠢ ᠣᠴᠢᠷ ᠰᠢᠯᠲᠠᠭᠠᠨ ᠢᠶᠠᠷ ᠰᠦᠢᠳᠬᠡᠯ ᠬᠤᠷᠢᠶᠠᠪᠠᠯ᠂ ᠶᠠᠮᠠᠷ ᠴᠤ ᠰᠦᠢᠳᠬᠡᠯ ᠲᠣᠰᠢᠶᠠᠵᠣ ᠪᠣᠯᠬᠤ ᠥᠬᠡᠶ ᠮᠦᠷᠲᠡᠭᠡᠨ ᠲᠣᠰ ᠨᠢᠭᠡᠴᠡ ᠶᠢ ᠰᠣᠩᠭᠤᠬᠤ ᠦᠭᠡᠢ ᠪᠣᠯ ᠵᠣᠬᠢᠨ᠎ᠠ᠃    
ᠢᠷᠡᠯᠲᠡ᠄ ᠦᠪᠦᠷ ᠮᠣᠩᠭᠤᠯ ᠤᠨ ᠳᠣᠳᠣᠭᠠᠳᠣ ᠶᠢ ᠬᠠᠮᠠᠭᠠᠯᠠᠬᠤ ᠲᠢᠩᠭᠢᠮ