ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ ᠴᠢᠩᠭᠠᠷᠠᠭᠤᠯᠵᠦ᠂ ᠬᠡᠷᠡᠭᠯᠡᠭᠴᠢᠳ ᠤᠨ ᠮᠦᠩᠭᠦᠨ | ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ ᠲᠦᠷᠢᠮ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠲᠠ᠂ ︽ᠬᠤᠪᠢ ᠬᠦᠮᠤᠨ ᠤ ᠮᠦᠩᠭᠦᠨ | ᠭᠦᠢᠯᠭᠡᠭᠡᠨ ᠤ ᠰᠤᠷᠠᠭ ᠵᠠᠩᠭᠢ ︵ᠲᠤᠭ᠎ᠠ ᠪᠠᠷᠢᠮᠲᠠ︶ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ ᠪᠠᠩᠭᠢ ᠶᠢᠨ ᠲᠦᠷᠢᠮ ᠲᠤᠭᠲᠠᠭᠠᠯ | ᠠᠵᠢᠯ ᠤᠨ ᠲᠦᠯᠦᠪᠯᠡᠭᠡ ᠳᠤ ᠤᠷᠤᠭᠤᠯᠵᠦ᠂ ︽ᠲᠤᠮᠳᠠᠳᠤ ᠤᠯᠤᠰ ᠤᠨ ᠠᠷᠠᠳ ᠤᠨ ᠪᠠᠩᠭᠢ ᠶᠢᠨ ᠮᠦ᠋ᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠬᠡᠷᠡᠭᠵᠢᠭᠦᠯᠬᠦ ᠠᠷᠭ᠎ᠠ︾ ᠶᠢ 11 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ ᠠᠷᠭ᠎ᠠ ᠨᠢ ᠤᠤᠯ ᠤᠨ ᠪᠠᠶᠢᠭᠰᠠᠨ | ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠲᠦᠷᠢᠮ ᠤᠨ ᠰᠠᠭᠤᠷᠢᠨ ᠳᠡᠭᠡᠷ᠎ᠡ᠂ ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ | ᠮᠡᠳᠡᠭᠳᠡᠬᠦ᠂ ᠬᠡᠷᠡᠭᠯᠡᠬᠦ᠂ ᠬᠠᠮᠢᠶᠠᠷᠬᠤ᠂ ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃ ᠬᠡᠷᠡᠭᠯᠡᠭᠴᠢᠳ ᠤᠨ | ᠮᠦᠩᠭᠦᠨ ᠭᠦᠢᠯᠭᠡᠭᠡᠨ ᠤ ᠰᠤᠷᠠᠭ ᠵᠠᠩᠭᠢ ᠳᠤ ᠶᠡᠷᠤᠳᠡᠭᠡᠨ ᠬᠤᠪᠢ ᠬᠦᠮᠤᠨ ᠤ ᠪᠡᠶ᠎ᠡ ᠶᠢᠨ ᠭᠠᠷᠤᠯ ᠤᠨ ᠰᠤᠷᠠᠭ ᠵᠠᠩᠭᠢ᠂ ᠡᠳ᠋ ᠬᠦᠷᠦᠩᠭᠡ ᠶᠢᠨ ᠰᠤᠷᠠᠭ ᠵᠠᠩᠭᠢ᠂ | ᠳᠠᠩᠰᠨ ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ ᠵᠠᠩᠭᠢ᠂ ᠮᠦᠩᠭᠦᠨ ᠭᠦᠢᠯᠭᠡᠭᠡᠨ ᠤ ᠰᠤᠯᠢᠯᠴᠠᠭᠠᠨ ᠤ ᠰᠤᠷᠠᠭ ᠵᠠᠩᠭᠢ ᠪᠤᠯᠤᠨ ᠬᠤᠪᠢ ᠬᠦᠮᠤᠨ ᠤ | ᠪᠤᠰᠤᠳ ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ ᠴᠢᠬᠤᠯᠠ ᠰᠤᠷᠠᠭ ᠵᠠᠩᠭᠢ ᠯᠡᠪᠡᠷᠡᠬᠦ ᠳᠤ ᠬᠦᠷᠪᠡᠯ ᠮᠦᠩᠭᠦᠨ ᠭᠦᠢᠯᠭᠡᠭᠡᠨ ᠤ ᠬᠡᠷᠡᠭᠯᠡᠭᠴᠢᠳ ᠤᠨ | ᠲᠤᠰ ᠪᠡᠶ᠎ᠡ ᠪᠤᠯᠤᠨ ᠭᠡᠷ ᠪᠦᠯᠢ᠂ ᠰᠠᠳᠤᠨ ᠲᠦᠷᠦᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠵᠦ ᠮᠡᠳᠡᠨ᠎ᠡ᠃ ᠡᠶᠢᠮᠤ ᠶᠢᠨ ᠲᠤᠯᠠᠳᠠ᠂ ᠬᠤᠪᠢ ᠬᠦᠮᠤᠨ ᠤ | ᠮᠦ᠋ᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠳᠤ ᠲᠤᠤᠷᠠᠬᠢ ᠲᠤᠯᠤᠭᠠᠨ ᠲᠠᠯ᠎ᠠ ᠶᠢ ᠭᠤᠤᠯᠳᠠᠯᠭ᠎ᠠ ᠲᠠᠢ ᠡᠵᠡᠮᠳᠡᠬᠦ ᠪᠤᠯᠪᠠ ᠦᠦ ᠭᠡᠵᠦ ᠲᠦᠪ ᠪᠠᠩᠭᠢ | ᠰᠠᠨᠠᠭᠤᠯᠵᠦ ᠪᠠᠶᠢᠨ᠎ᠠ᠄ | ᠨᠢᠭᠡ ᠳᠤ ᠪᠡᠶ᠎ᠡ ᠶᠢᠨ ᠦᠨᠡᠮᠯᠡᠯ᠂ ᠪᠠᠩᠭᠢ ᠶᠢᠨ ᠺᠠᠷᠲ᠂ ᠪᠠᠩᠭᠢ ᠶᠢᠨ ᠳᠠᠩᠰᠠ ᠵᠡᠷᠭᠡ ᠪᠠᠨ ᠰᠠᠶᠢᠳᠤᠷ ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ | ᠪᠤᠯᠬᠤ ᠦᠭᠡᠢ︔ | ᠬᠤᠶᠠᠷ ᠲᠤ ᠮᠦᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠦᠷᠦᠩᠭᠡ ᠶᠢᠨ ᠪᠠᠶᠢᠳᠠᠯ ᠵᠡᠷᠭᠡ ᠦᠨᠳᠦᠰᠦᠨ ᠰᠤᠷᠠᠭ ᠵᠠᠩᠭᠢ ᠪᠠᠨ ᠪᠤᠰᠤᠳ ᠲᠤ | ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠤ ᠭᠠᠳᠠᠨ᠎ᠠ ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ | ᠲᠤᠷ᠎ᠠ ᠪᠠᠷ ᠢᠶᠠᠨ ᠦᠯᠡᠳᠡᠭᠡᠵᠦ ᠪᠤᠯᠬᠤ ᠦᠭᠡᠢ︔ | ᠭᠤᠷᠪᠠ ᠳᠤ ᠮᠦᠩᠭᠦᠨ ᠭᠦᠢᠯᠭᠡᠭᠡᠨ ᠤ ᠶᠠᠪᠤᠳᠠᠯ ᠢ ᠠᠯᠢ ᠪᠤᠯᠬᠤ ᠶᠢᠨ ᠲᠤᠲᠤᠷ ᠦᠪᠡᠷ ᠢᠶᠠᠨ ᠭᠦᠢᠴᠡᠳᠭᠡᠬᠦ ᠬᠡᠷᠡᠭᠲᠡᠢ᠂ ᠲᠠᠨᠢᠯ ᠪᠤᠰᠤ ᠬᠦᠮᠤᠨ ᠪᠤᠶᠤ | ᠵᠠᠭᠤᠴᠢ ᠶᠢ ᠨᠠᠶᠢᠳᠠᠵᠦ ᠪᠤᠯᠬᠤ ᠦᠭᠡᠢ᠂ ᠬᠤᠪᠢ ᠬᠦᠮᠤᠨ ᠤ ᠰᠤᠷᠠᠭ ᠵᠠᠩᠭᠢ ᠬᠤᠯᠠᠭᠠᠶᠢᠯᠠᠭᠳᠠᠬᠤ ᠠᠴᠠ ᠪᠤᠯᠭᠤᠮᠵᠢᠯᠠᠬᠤ ᠬᠡᠷᠡᠭᠲᠡᠢ︔ | ᠲᠦᠷᠪᠡ ᠳᠤ ᠦᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠥᠢᠯ ᠤᠨ ᠲᠤᠬᠠᠶᠢᠯᠠᠭᠰᠠᠨ ᠠᠵᠢᠯ ᠭᠦᠢᠴᠡᠳᠭᠡᠬᠦ ᠦᠶᠡᠰ ᠬᠠᠭᠤᠯᠪᠤᠷᠢ | ᠳᠡᠭᠡᠷ᠎ᠡ ᠪᠠᠨ ᠬᠡᠷᠡᠭᠯᠡᠬᠦ ᠵᠤᠷᠢᠯᠭ᠎ᠠ ᠪᠠᠨ ᠲᠤᠲᠤᠷᠬᠠᠶᠢᠯᠠᠬᠤ ᠬᠡᠷᠡᠭᠲᠡᠢ︔ | ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠤᠭᠤᠰ ᠠᠪᠤᠭᠰᠠᠨ ᠭᠡᠷᠡᠴᠢ᠂ ᠢᠲᠡᠭᠡᠮᠵᠢ ᠶᠢᠨ ᠺᠠᠷᠲ ᠤᠨ ᠳᠠᠩᠰᠠ ᠲᠠᠭᠠᠷᠠᠭᠤᠯᠤᠭᠰᠠᠨ ᠪᠠᠷᠢᠮᠲᠠ | ᠵᠡᠷᠭᠡ ᠲᠡᠷᠡ ᠲᠠᠷᠤᠢ ᠳᠤᠨᠢ ᠦᠭᠡᠶᠢᠭᠢᠬᠦ ᠴᠢᠬᠤᠯᠠᠲᠠᠢ ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠦ ᠭᠡᠭᠡᠵᠦ | ᠪᠤᠯᠬᠤ ᠦᠭᠡᠢ︔ | ᠵᠢᠷᠭᠤᠭ᠎ᠠ ᠳᠤ ᠢᠷᠡᠯ ᠨᠢ ᠲᠤᠳᠤ ᠦᠭᠡᠢ ᠭᠠᠷ ᠤᠲᠠᠰᠤᠨ ᠤ ᠴᠢᠬᠢᠮ ᠴᠢᠮᠡᠭᠡ᠂ ᠰᠢᠤᠳᠠᠨ ᠭᠤᠪᠢᠭᠤᠯᠭ᠎ᠠ ᠪᠤᠯᠤᠨ ᠲᠤᠲᠤᠷᠬᠠᠢ ᠪᠤᠰᠤ ᠬᠤᠯᠪᠤᠭᠠᠰᠤ ᠶᠢ | ᠲᠤᠷᠠᠪᠠᠷ ᠢᠶᠠᠨ ᠲᠤᠪᠰᠢᠵᠦ ᠪᠤᠯᠬᠤ ᠦᠭᠡᠢ᠂ ᠢᠷᠡᠯ ᠨᠢ ᠲᠤᠲᠤ ᠦᠭᠡᠢ ᠮᠡᠷᠭᠡᠨ ᠴᠤᠬᠤᠷ ᠢ ᠪᠢᠲᠡᠬᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ | ᠨᠢᠭᠤᠴᠠ ᠨᠤᠮᠧᠷ ᠦᠭᠡᠢ WiFi ᠶᠢ ᠬᠢᠴᠢᠶᠡᠵᠦ ᠬᠡᠷᠡᠭᠯᠡᠬᠦ ᠬᠡᠷᠡᠭᠲᠡᠢ︔ | ᠲᠤᠯᠤᠭ᠎ᠠ ᠳᠤ ᠦᠪᠡᠷ ᠤᠨ ᠴᠢᠨᠢ ᠮᠦᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ ᠳᠠᠷᠦ᠋ᠢᠬᠠᠨ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠠᠢ ᠬᠠᠷᠢᠯᠴᠠᠵᠦ ᠡᠷᠭᠡ ᠪᠠᠨ ᠬᠠᠮᠠᠭᠠᠯᠠᠬᠤ ᠬᠡᠷᠡᠭᠲᠡᠢ᠃ | |