ᠢᠷᠭᠡᠨ ᠤ ᠬᠠᠤᠯᠢ ᠶᠢᠨ ᠪᠢᠴᠢᠭ ᠲᠤ ᠭᠡᠷ᠎ᠡ ᠶᠢᠨ ᠬᠠᠤᠯᠢ ᠶᠢᠨ ᠰᠠᠭᠤᠷᠢᠨ ᠳᠡᠭᠡᠷ᠎ᠡ ︽ᠠᠷᠠᠯᠵᠢᠶ᠎ᠠ ᠮᠠᠶᠢᠮᠠᠶ ᠬᠢᠬᠦ ᠳᠤ ᠲᠦᠷᠢᠶᠡᠰᠣᠯᠡᠬᠦ ᠶᠢ ᠡᠪᠳᠡᠬᠦ ᠦᠬᠡᠢ︾ | ᠲᠦᠷᠢᠮ ᠪᠠ ᠲᠦᠷᠢᠶᠡᠰᠦᠯᠡᠭᠴᠢ ᠶᠢᠨ ︽ᠤᠷᠢᠳᠠᠪᠠᠷ ᠬᠤᠳᠠᠯᠳᠤᠨ ᠠᠪᠬᠤ ᠡᠷᠬᠡ︾ ᠶᠢᠨ ᠲᠦᠷᠢᠮ ᠢ ᠪᠦᠷᠢᠨᠰᠢᠬᠦᠯᠦᠭᠰᠡᠨ ᠪᠦᠭᠡᠳ ᠪᠠᠰᠠ ︽ᠤᠷᠢᠳᠠᠪᠠᠷ | ᠲᠦᠷᠢᠶᠡᠰᠦᠯᠡᠬᠦ ᠡᠷᠬᠡ︾ ᠶᠢᠨ ᠲᠦᠷᠢᠮ ᠢ ᠰᠢᠨ᠎ᠡ ᠪᠠᠷ ᠨᠡᠮᠡᠵᠤ ᠤᠷᠤᠭᠤᠯᠤᠬᠰᠠᠨ ᠨᠢ ᠲᠦᠷᠢᠶᠡᠰᠦᠯᠡᠬᠦ ᠬᠠᠷᠢᠴᠠᠭ᠎ᠠ ᠶᠢ ᠲᠣᠭᠲᠠᠪᠤᠷᠢᠵᠢᠭᠤᠯᠬᠤ᠂ | ᠲᠦᠷᠢᠶᠡᠰᠦᠯᠡᠭᠴᠢ ᠶᠢᠨ ᠠᠰᠢᠭ ᠲᠤᠰᠠ ᠶᠢ ᠬᠠᠮᠠᠭᠠᠯᠠᠬᠤ ᠳᠤ ᠠᠰᠢᠭᠳᠠᠢ ᠶᠤᠮ᠃ | ᠭᠡᠷ ᠲᠦᠷᠢᠶᠡᠰᠦᠯᠡᠬᠦ ᠬᠤᠭᠤᠴᠠᠭᠠᠨ ᠳᠤ ᠭᠡᠷ ᠪᠠᠢᠰᠢᠩ ᠢ ᠬᠤᠳᠠᠯᠳᠤᠪᠠᠯ ᠶᠠᠭᠠᠬᠢᠬᠤ ᠪᠣᠶ︖ | ᠢᠷᠭᠡᠨ ᠤ ᠬᠠᠤᠯᠢ ᠶᠢᠨ ᠪᠢᠴᠢᠭ ᠤᠨ ᠳᠣᠯᠣᠭᠠᠨ ᠵᠠᠭᠤ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠲᠦᠰᠦᠯᠡᠪᠡᠯ᠂ ᠲᠦᠷᠢᠶᠡᠰᠦᠨ ᠡᠳ᠋ ᠨᠢ | ᠲᠦᠷᠢᠶᠡᠰᠦᠯᠡᠭᠴᠢ ᠶᠢᠨ ᠲᠦᠷᠢᠶᠡᠰᠦᠯᠡᠬᠦ ᠭᠡᠷ᠎ᠡ ᠶᠢᠨ ᠬᠤᠭᠤᠴᠠᠭᠠᠨ ᠳᠣᠲᠣᠷ᠎ᠠ ᠥᠮᠴᠢᠯᠡᠯ ᠤᠨ ᠡᠷᠬᠡ ᠶᠢᠨ ᠬᠤᠪᠢᠷᠠᠯᠲᠠ ᠭᠠᠷᠤᠭᠰᠠᠨ ᠪᠠᠶᠢᠪᠠᠯ᠂ ᠲᠦᠷᠢᠶᠡᠰᠦᠯᠡᠬᠦ | ᠭᠡᠷ᠎ᠡ ᠶᠢᠨ ᠬᠦᠴᠦᠨ ᠢ ᠨᠦᠯᠣᠭᠡᠯᠡᠬᠦ ᠤᠢᠭᠡᠢ᠃ | ᠵᠢᠱᠢᠶᠡᠯᠡᠪᠡᠯ᠂ ᠯᠢ ᠣᠪᠣᠭᠳᠤ ᠪᠣᠯᠤᠨ ᠸᠠᠩ ᠣᠪᠣᠭᠳᠤ ᠭᠡᠷ ᠲᠦᠷᠢᠶᠡᠰᠦᠯᠡᠬᠦ ᠭᠡᠷ᠎ᠡ ᠳᠤ ᠭᠠᠷ ᠤᠨ ᠦᠰᠦᠭ ᠵᠢᠷᠤᠵᠤ᠂ ᠯᠢ ᠣᠪᠣᠭᠳᠤ ᠨᠢ ᠸᠠᠩ ᠣᠪᠣᠭᠳᠤ ᠶᠢᠨ | ᠨᠢᠭᠡ ᠢᠵᠢ ᠭᠡᠷ ᠢ ᠲᠦᠷᠢᠶᠡᠰᠦᠯᠡᠨ ᠠᠪᠴᠤ᠂ ᠲᠦᠷᠢᠶᠡᠰᠦᠯᠡᠬᠦ ᠬᠤᠭᠤᠴᠠᠭ᠎ᠠ ᠨᠢ ᠡᠨᠡ ᠵᠢᠯ ᠤᠨ 8 ᠰᠠᠷ᠎ᠠ ᠠᠴᠠ ᠢᠷᠡᠬᠦ ᠵᠢᠯ ᠤᠨ 8 ᠰᠠᠷ᠎ᠠ ᠪᠣᠯᠤᠨ᠎ᠠ᠃ ᠬᠡᠷᠪᠡ | 2021 ᠣᠨ ᠤ 3 ᠰᠠᠷ᠎ᠠ ᠳᠤ ᠸᠠᠩ ᠣᠪᠣᠭᠳᠤ ᠡᠨᠡ ᠭᠡᠷ ᠢ ᠵᠠᠩ ᠣᠪᠣᠭᠲᠤ ᠳᠤ ᠬᠤᠳᠠᠯᠳᠤᠵᠤ ᠥᠭᠭᠦᠭᠰᠡᠨ ᠳᠤ ᠵᠠᠩ ᠣᠪᠣᠭᠲᠤ ᠡᠨᠡ ᠭᠡᠷ ᠠᠴᠠ ᠨᠡᠭᠦᠵᠦ ᠭᠠᠷ | ᠭᠡᠵᠦ ᠯᠢ ᠣᠪᠣᠭᠲᠤ ᠶᠢ ᠱᠠᠭᠠᠷᠳᠠᠪᠠ᠃ ᠲᠡᠭᠡᠪᠡᠯ ᠯᠢ ᠣᠪᠣᠭᠲᠤ ᠦᠷᠭᠦᠯᠵᠢᠯᠡᠨ ᠠᠳᠡ ᠰᠠᠭᠤᠬᠤ ᠡᠷᠬᠡ ᠲᠠᠢ ᠭᠡᠵᠦ ᠶᠤᠰᠤ ᠲᠡᠬᠦᠯᠲᠡᠷ ᠣᠮᠤᠭ ᠲᠡᠭᠦᠯᠳᠡᠷ ᠬᠡᠯᠡᠵᠦ | ᠪᠣᠯᠤᠨ᠎ᠠ᠃ ᠤᠴᠢᠷ ᠨᠢ ᠡᠨᠡ ᠭᠡᠷ ᠤᠨ ᠥᠮᠴᠢᠯᠡᠭᠴᠢ ᠨᠢ ᠸᠠᠩ ᠣᠪᠣᠭᠳᠤ ᠠᠴᠠ ᠵᠠᠩ ᠣᠪᠣᠭᠲᠤ ᠪᠣᠯᠵᠤ ᠬᠤᠪᠢᠷᠠᠭᠰᠠᠨ ᠴᠤ ᠯᠢ ᠣᠪᠣᠭᠲᠤ ᠪᠣᠯᠤᠨ ᠸᠠᠩ | ᠣᠪᠣᠭᠳᠤ ᠶᠢᠨ ᠬᠤᠭᠤᠷᠣᠨᠳᠣᠬᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠮᠥᠨ ᠬᠦ ᠬᠦᠴᠦᠨ ᠲᠠᠢ ᠪᠠᠶᠢᠳᠠᠭ᠃ ᠡᠨᠡ ᠪᠣᠯ ᠳᠠᠷᠤᠶ ︽ᠠᠷᠠᠯᠵᠢᠶ᠎ᠠ ᠮᠠᠶᠢᠮᠠᠶ ᠬᠢᠬᠦ ᠳᠤ | ᠲᠦᠷᠢᠶᠡᠰᠣᠯᠡᠬᠦ ᠶᠢ ᠡᠪᠳᠡᠬᠦ ᠦᠭᠡᠢ︾ ᠳᠦᠷᠢᠮ ᠪᠣᠯᠤᠨ᠎ᠠ᠃ ᠲᠦᠷᠢᠶᠡᠰᠦᠯᠡᠭᠴᠢ ᠶᠢᠨ ᠲᠦᠷᠢᠶᠡᠰᠦᠯᠡᠬᠦ ᠬᠤᠭᠤᠴᠠᠭᠠᠨ ᠳᠤ ᠲᠦᠷᠢᠶᠡᠰᠦᠯᠡᠭᠰᠡᠨ ᠭᠡᠷ ᠪᠠᠶᠢᠰᠢᠩ ᠢᠶᠠᠨ | ᠰᠢᠯᠵᠢᠭᠦᠯᠦᠨ ᠬᠤᠳᠠᠯᠳᠤᠭᠰᠠᠨ ᠠᠴᠠ ᠪᠤᠯᠵᠤ ᠠᠷᠭ᠎ᠠ ᠪᠤᠰᠤ ᠨᠡᠭᠦᠵᠦ ᠶᠠᠪᠤᠬᠤ ᠪᠠᠶᠢᠳᠠᠯ ᠠᠴᠠ ᠵᠠᠶᠢᠯᠠᠰᠬᠢᠵᠦ᠂ ᠲᠦᠷᠢᠶᠡᠰᠦᠯᠡᠭᠴᠢ ᠶᠢᠨ ᠬᠠᠤᠯᠢ ᠶᠣᠰᠣᠨ ᠤ ᠡᠷᠬᠡ ᠶᠢ | ᠪᠠᠲᠤᠯᠠᠪᠠ᠃ | ᠭᠡᠷ ᠤᠨ ᠡᠵᠡᠨ ᠭᠡᠷ ᠬᠤᠳᠠᠯᠳᠣᠬᠤ ᠳᠤ ᠭᠡᠷ ᠲᠦᠷᠢᠶᠡᠰᠦᠯᠡᠭᠴᠢ ᠤᠷᠢᠳᠠᠪᠠᠷ ᠬᠤᠳᠠᠯᠳᠤᠨ ᠠᠪᠬᠤ ᠡᠷᠬᠡ ᠲᠠᠢ ᠤᠤ︖ | ᠭᠡᠷ ᠤᠨ ᠡᠵᠡᠨ ᠬᠡᠷᠪᠡ ᠲᠦᠷᠢᠶᠡᠰᠦᠯᠡᠬᠦᠯᠦᠭᠰᠡᠨ ᠭᠡᠷ ᠪᠠᠶᠢᠰᠢᠩ ᠢᠶᠠᠨ ᠬᠤᠳᠠᠯᠳᠤᠬᠤ ᠭᠡᠪᠡᠯ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠢ | ᠦᠨᠳᠦᠰᠦᠯᠡᠪᠡᠯ᠂ ᠠᠳᠠᠯᠢ ᠨᠥᠬᠦᠴᠡᠯ ᠳᠣᠤᠷ᠎ᠠ ᠭᠡᠷ ᠲᠦᠷᠢᠶᠡᠰᠦᠯᠡᠭᠴᠢ ᠨᠢ ᠤᠷᠢᠳᠠᠪᠠᠷ ᠬᠤᠳᠠᠯᠳᠤᠨ ᠠᠪᠬᠤ ᠡᠷᠬᠡ ᠲᠠᠢ᠃ ᠡ᠊ᠨᠳᠡ ᠬᠡᠯᠡᠵᠦ ᠪᠠᠶᠢᠭ᠎ᠠ ︽ᠠᠳᠠᠯᠢ | ᠨᠥᠬᠦᠴᠡᠯ︾ ᠭᠡᠳᠡᠭ ᠲᠤ ᠭᠤᠤᠯᠳᠠᠭᠤ ᠭᠡᠷ ᠪᠠᠶᠢᠰᠢᠩ ᠬᠤᠳᠠᠯᠳᠤᠨ ᠠᠪᠬᠤ ᠦᠨ᠎ᠡ ᠬᠠᠩᠰᠢ᠂ ᠵᠣᠭᠤᠰ ᠥᠭᠬᠦ ᠠᠷᠭ᠎ᠠ ᠮᠠᠶ᠋ᠢᠭ ᠨᠢ ᠬᠤᠭᠤᠴᠠᠭ᠎ᠠ ᠬᠤᠪᠢᠶᠠᠨ | ᠵᠣᠭᠤᠰ ᠥᠭᠬᠦ ᠶᠤᠮ ᠤᠤ ᠡᠰᠡᠬᠦᠯ᠎ᠡ ᠨᠢᠭᠡ ᠯᠡ ᠤᠳᠠᠭ᠎ᠠ ᠳᠤ ᠵᠣᠭᠤᠰ ᠥᠭᠬᠦ ᠶᠤᠮ ᠤᠤ ᠵᠡᠷᠭᠡ ᠪᠦᠷ ᠠᠳᠠᠯᠢᠬᠠᠨ ᠪᠠᠶᠢᠳᠠᠯ ᠳᠣᠤᠷ᠎ᠠ ᠪᠠᠭᠲᠠᠨ᠎ᠠ᠃ ᠵᠢᠱᠢᠶᠡᠯᠡᠪᠡᠯ᠂ | ᠯᠢ ᠣᠪᠣᠭᠲᠤ ᠸᠠᠩ ᠣᠪᠣᠭᠲᠤ ᠶᠢᠨ ᠭᠡᠷ ᠢ ᠲᠦᠷᠢᠶᠡᠰᠦᠯᠡᠵᠦ᠂ ᠢᠷᠡᠬᠦ ᠵᠢᠯ ᠤᠨ 1 ᠰᠠᠷ᠎ᠠ ᠳᠤ ᠬᠤᠭᠤᠴᠠᠭ᠎ᠠ ᠨᠢ ᠲᠣᠯᠣᠨᠠ᠃ ᠸᠠᠩ ᠣᠪᠣᠭᠲᠤ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ ᠡᠨᠡ ᠭᠡᠷ ᠢ ᠵᠠᠩ ᠣᠪᠣᠭᠲᠤ ᠳᠤ ᠬᠤᠳᠠᠯᠳᠤᠵᠤ ᠥᠭᠬᠦ ᠰᠠᠨᠠᠭ᠎ᠠ ᠲᠠᠢ᠃ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠂ ᠯᠢ ᠣᠪᠣᠭᠲᠤ ︽ᠠᠷᠠᠯᠵᠢᠶ᠎ᠠ ᠮᠠᠶᠢᠮᠠᠶ ᠬᠢᠬᠦ ᠳᠤ ᠲᠦᠷᠢᠶᠡᠰᠣᠯᠡᠬᠦ ᠶᠢ ᠡᠪᠳᠡᠬᠦ ᠦᠭᠡᠢ︾ ᠲᠦᠷᠢᠮ ᠢ ᠡᠰᠢ ᠲᠠᠲᠠᠵᠤ ᠦᠷᠭᠦᠯᠵᠢᠯᠡᠨ ᠭᠡᠷ ᠪᠠᠶᠢᠰᠢᠩ ᠢ ᠡᠵᠡᠯᠡᠵᠦ | ᠪᠣᠯᠬᠤ ᠦᠭᠡᠢ᠂ ᠭᠡᠪᠡᠴᠦ ᠡᠨᠡ ᠦᠶ᠎ᠡ ᠳᠤ ᠯᠢ ᠣᠪᠣᠭᠲᠤ ᠡᠨᠡ ᠭᠡᠷ ᠢ ᠲᠤᠭᠤᠭᠠᠳ ᠬᠤᠳᠠᠯᠳᠤᠨ ᠠᠪᠬᠤ ᠰᠠᠨᠠᠭ᠎ᠠ ᠲᠠᠢ ᠪᠣᠯᠵᠠᠢ᠃ ᠯᠢ ᠣᠪᠣᠭᠲᠤ ᠶᠢᠨ ᠣᠷᠣᠨ | ᠰᠠᠭᠤᠴᠠ ᠶᠢᠨ ᠲᠣᠭᠲᠠᠪᠤᠷᠢᠲᠤ ᠴᠢᠨᠠᠷ ᠢ ᠪᠠᠲᠤᠯᠠᠬᠤ ᠶᠢᠨ ᠲᠥᠯᠥᠭᠡ᠂ ᠢᠷᠭᠡᠨ ᠤ ᠬᠠᠤᠯᠢ ᠶᠢᠨ ᠪᠢᠴᠢᠭ ᠨᠢ ᠯᠢ ᠣᠪᠣᠭᠲᠤ ᠳᠤ ᠠᠳᠠᠯᠢ ᠨᠥᠬᠦᠴᠡᠯ ᠳᠣᠣᠷᠠᠬᠢ ︽ | ᠤᠷᠢᠳᠠᠪᠠᠷ ᠲᠦᠷᠢᠶᠡᠰᠦᠯᠡᠬᠦ ᠡᠷᠬᠡ︾ ᠶᠢ ᠡᠳᠡᠯᠡᠬᠦᠯᠪᠡ᠃ ᠥᠭᠡᠷ᠎ᠡ ᠪᠠᠷ ᠬᠡᠯᠡᠪᠡᠯ᠂ ᠬᠡᠷᠪᠡ ᠵᠠᠩ ᠣᠪᠣᠭᠲᠤ ᠪᠣᠯᠤᠨ ᠯᠢ ᠣᠪᠣᠭᠲᠤ ᠪᠦᠷ 150 ᠲᠦᠮᠡᠨ ᠲᠥᠭᠦᠷᠢᠭ | ᠭᠠᠷᠭᠠᠵᠤ ᠡᠨᠡ ᠭᠡᠷ ᠢ ᠬᠤᠳᠠᠯᠳᠤᠨ ᠠᠪᠬᠤ ᠮᠥᠷᠲᠡᠭᠡᠨ ᠲᠥᠯᠥᠬᠦ ᠠᠷᠭ᠎ᠠ ᠨᠢ ᠠᠳᠠᠯᠢᠬᠠᠨ ᠪᠣᠯ ᠯᠢ ᠣᠪᠣᠭᠲᠤ ᠲᠦᠷᠢᠶᠡᠰᠦᠯᠡᠭᠴᠢ ᠶᠢᠨ ᠬᠤᠪᠢ ᠪᠠᠷ ᠪᠤᠰᠤᠳ | ᠬᠥᠮᠦᠨ ᠠᠴᠠ ᠤᠷᠢᠳᠠᠪᠠᠷ ᠡᠨᠡ ᠭᠡᠷ ᠢ ᠬᠤᠳᠠᠯᠳᠤᠨ ᠠᠪᠬᠤ ᠡᠷᠬᠡ ᠲᠠᠢ᠃ ᠬᠡᠷᠪᠡ ᠵᠠᠩ ᠣᠪᠣᠭᠲᠤ 160 ᠲᠦᠮᠡᠨ ᠲᠥᠭᠦᠷᠢᠭ ᠭᠠᠷᠭᠠᠵᠤ᠂ ᠯᠢ ᠣᠪᠣᠭᠲᠤ 150 | ᠲᠦᠮᠡᠨ ᠲᠥᠭᠦᠷᠢᠭ ᠭᠠᠷᠭᠠᠵᠤ ᠡᠨᠡ ᠭᠡᠷ ᠢ ᠬᠤᠳᠠᠯᠳᠤᠨ ᠠᠪᠤᠶ᠎ᠠ ᠭᠡᠬᠦ ᠳᠤ ᠬᠦᠷᠪᠡᠯ᠂ ᠯᠢ ᠣᠪᠣᠭᠲᠤ ᠳᠠᠷᠤᠢ ᠵᠠᠩ ᠣᠪᠣᠭᠲᠤ ᠠᠴᠠ ᠡᠨᠡ ᠭᠡᠷ ᠢ ᠣᠷᠢᠳᠠᠪᠠᠷ | ᠬᠤᠳᠠᠯᠳᠤᠨ ᠠᠪᠬᠤ ᠡᠷᠬᠡ ᠦᠭᠡᠢ ᠪᠣᠯᠤᠨ᠎ᠠ᠃ | ︽ᠠᠳᠠᠯᠢ ᠨᠥᠬᠦᠴᠡᠯ ᠳᠣᠤᠷᠠᠬᠢ ᠤᠷᠢᠳᠠᠪᠠᠷ ᠬᠤᠳᠠᠯᠳᠤᠨ ᠠᠪᠬᠤ ᠡᠷᠬᠡ︾ ᠳᠤ ᠪᠠᠰᠠ ᠣᠨᠴᠠᠭᠠᠶ ᠪᠠᠶᠢᠳᠠᠯ ᠪᠠᠶᠢᠳᠠᠭ᠂ ᠲᠤᠬᠠᠶᠢᠯᠠᠪᠠᠯ ᠲᠦᠷᠢᠶᠡᠰᠦᠯᠡᠭᠴᠢ ᠨᠢ | ᠭᠡᠷ ᠪᠠᠶᠢᠰᠢᠩ ᠤᠨ ᠬᠠᠮᠲᠤ ᠪᠠᠷ ᠥᠮᠴᠢᠯᠡᠬᠦ ᠡᠷᠬᠡᠲᠦ ᠬᠥᠮᠦᠨ ᠪᠠ ᠭᠡᠷ ᠪᠠᠶᠢᠰᠢᠩ ᠤᠨ ᠡᠵᠡᠨ ᠤ ᠤᠢᠢᠷ᠎ᠠ ᠲᠦᠷᠦᠯ ᠰᠠᠳᠤᠨ ᠠᠴᠠ ᠤᠷᠢᠳᠠᠪᠠᠷ ᠬᠤᠳᠠᠯᠳᠤᠨ ᠠᠪᠬᠤ | ᠡᠷᠬᠡ ᠦᠭᠡᠢ᠃ ᠳᠡᠭᠡᠷᠡᠬᠢ ᠵᠢᠱᠢᠶ᠎ᠡ ᠶᠢ ᠦᠷᠬᠦᠯᠵᠢᠯᠡᠪᠡᠯ᠂ ᠬᠡᠷᠪᠡ ᠸᠠᠩ ᠣᠪᠣᠭᠲᠤ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠡᠨᠡ | ᠭᠡᠷ ᠢ ᠸᠠᠩ ᠣᠪᠣᠭᠲᠤ ᠶᠢᠨ ᠡᠭᠡᠴᠢ ᠳᠤ ᠬᠤᠳᠠᠯᠳᠤᠨ ᠥᠭᠬᠦ ᠰᠠᠨᠠᠭ᠎ᠠ ᠲᠠᠢ ᠪᠣᠯ ᠸᠠᠩ ᠣᠪᠣᠭᠲᠤ ᠶᠢᠨ ᠡᠭᠡᠴᠢ ᠶᠢᠨ ᠭᠠᠷᠭᠠᠭᠰᠠᠨ ᠦᠨ᠎ᠡ ᠨᠢ ᠯᠢ ᠣᠪᠣᠭᠲᠤ ᠶᠢᠨ | ᠭᠠᠷᠭᠠᠭᠰᠠᠨ ᠦᠨ᠎ᠡ ᠠᠴᠠ ᠳᠣᠣᠷ᠎ᠠ ᠪᠠᠶᠢᠭᠰᠠ ᠴᠦ ᠯᠢ ᠣᠪᠣᠭᠲᠤ ᠸᠠᠩ ᠣᠪᠣᠭᠲᠤ ᠶᠢᠨ ᠡᠭᠡᠴᠢ ᠠᠴᠠ ᠡᠨᠡ ᠭᠡᠷ ᠢ ᠤᠷᠢᠳᠠᠪᠠᠷ ᠬᠤᠳᠠᠯᠳᠤᠨ ᠠᠪᠬᠤ ᠡᠷᠬᠡ ᠶᠢ | ᠣᠯᠵᠤ ᠲᠡᠶᠢᠯᠬᠦ ᠦᠭᠡᠢ᠃ ᠡᠨᠡ ᠨᠢ ᠮᠥᠨ ᠴᠦ ᠢᠷᠭᠡᠨ ᠤ ᠬᠠᠤᠯᠢ ᠶᠢᠨ ᠪᠢᠴᠢᠭ ᠲᠤ ᠠᠷᠠᠳ ᠤᠯᠠᠨ ᠤ ᠬᠡᠷᠡᠭᠴᠡᠭᠡ ᠶᠢ ᠬᠦᠢᠴᠡᠳᠬᠡᠬᠦ ᠪᠣᠳᠣᠯᠬᠢᠯᠠᠭᠠᠳ ᠭᠠᠷᠭᠠᠭᠰᠠᠨ | ᠮᠠᠰᠢ ᠶᠡᠭᠡ ᠬᠥᠮᠦᠨᠴᠢ ᠴᠢᠨᠠᠷ ᠲᠠᠢ ᠬᠠᠤᠯᠢ ᠴᠠᠭᠠᠵᠠ ᠶᠢᠨ ᠵᠢᠷᠤᠭ ᠲᠥᠯᠥᠪᠯᠡᠭᠡ ᠪᠣᠯᠤᠨ᠎ᠠ᠃ | ᠲᠦᠷᠢᠶᠡᠰᠦᠯᠡᠭᠴᠢ ᠨᠢ ᠤᠷᠢᠳᠠᠪᠠᠷ ᠲᠦᠷᠢᠶᠡᠰᠦᠯᠡᠬᠦ ᠡᠷᠬᠡ ᠲᠠᠢ ᠦᠤ ᠤᠤ︖ | ᠳᠡᠭᠡᠷ᠎ᠡ ᠶᠠᠷᠢᠭᠰᠠᠨ ᠤᠷᠢᠳᠠᠪᠠᠷ ᠬᠤᠳᠠᠯᠳᠤᠨ ᠠᠪᠬᠤ ᠡᠷᠬᠡ ᠨᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠭᠡᠷ ᠤᠨ | ᠡᠵᠡᠨ ᠭᠡᠷ ᠪᠠᠶᠢᠰᠢᠩ ᠢᠶᠠᠨ ᠬᠤᠳᠠᠯᠳᠤᠬᠤ ᠭᠡᠵᠦ ᠪᠠᠶᠢᠭ᠎ᠠ ᠪᠠᠶᠢᠳᠠᠯ ᠳᠤ ᠲᠣᠬᠢᠷᠠᠨ᠎ᠠ᠃ ᠭᠡᠪᠡᠴᠦ ᠬᠡᠷᠪᠡ ᠭᠡᠷ ᠪᠠᠶᠢᠰᠢᠩ ᠲᠦᠷᠢᠶᠡᠰᠦᠯᠡᠬᠦ ᠭᠡᠷ᠎ᠡ ᠬᠤᠭᠤᠴᠠᠭ᠎ᠠ | ᠲᠤᠯᠤᠭᠰᠠᠨ ᠤ ᠳᠠᠷᠠᠭ᠎ᠠ᠂ ᠭᠡᠷ ᠤᠨ ᠡᠵᠡᠨ ᠪᠠᠰᠠ ᠡᠨᠡ ᠬᠦ ᠭᠡᠷ ᠪᠠᠶᠢᠰᠢᠩ ᠢ ᠦᠷᠭᠦᠯᠵᠢᠯᠡᠨ ᠲᠦᠷᠢᠶᠡᠰᠦᠯᠡᠬᠦᠯᠬᠦ ᠰᠠᠨᠠᠭ᠎ᠠ ᠲᠠᠢ ᠪᠠᠶᠢᠳᠠᠯ ᠳᠣᠣᠷ᠎ᠠ᠂ ᠢᠷᠭᠡᠨ ᠤ | ᠬᠠᠤᠯᠢ ᠶᠢᠨ ᠪᠢᠴᠢᠭ ᠨᠢ ᠲᠦᠷᠢᠶᠡᠰᠦᠯᠡᠭᠴᠢ ᠳᠤ ᠠᠳᠠᠯᠢᠬᠠᠨ ᠨᠥᠬᠦᠴᠡᠯ ᠳᠣᠣᠷᠠᠬᠢ ᠤᠷᠢᠳ ᠢᠶᠠᠷ ᠲᠦᠷᠢᠶᠡᠰᠦᠯᠡᠬᠦ ᠡᠷᠬᠡ ᠶᠢ ᠣᠯᠭᠤᠭᠰᠠᠨ ᠪᠠᠶᠢᠨ᠎ᠠ᠃ | ᠢᠷᠭᠡᠨ ᠤ ᠬᠠᠤᠯᠢ ᠶᠢᠨ ᠪᠢᠴᠢᠭ ᠤᠨ ᠲᠤᠯᠤᠭᠠᠨ ᠵᠠᠭᠤ ᠭᠤᠴᠢᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ᠄ ︽ᠲᠦᠷᠢᠶᠡᠰᠦᠯᠡᠬᠦᠯᠬᠦ ᠬᠤᠭᠤᠴᠠᠭ᠎ᠠ | ᠳᠦᠭᠦᠷᠴᠦ᠂ ᠭᠡᠷ ᠪᠠᠶᠢᠰᠢᠩ ᠲᠦᠷᠢᠶᠡᠰᠦᠯᠡᠭᠴᠢ ᠠᠳᠠᠯᠢ ᠨᠥᠬᠦᠴᠡᠯ ᠢᠶᠠᠷ ᠤᠷᠢᠳᠠᠪᠠᠷ ᠲᠦᠷᠢᠶᠡᠰᠦᠯᠡᠬᠦ ᠡᠷᠬᠡ ᠲᠠᠢ︾ ᠭᠡᠵᠦ ᠲᠤᠬᠲᠠᠵᠠᠢ᠃ | ᠡᠨᠡ ᠬᠦ ᠬᠠᠤᠯᠢ ᠳᠤ ᠲᠣᠭᠲᠠᠭᠠᠭᠰᠠᠨ ᠨᠢ᠂ ᠯᠢ ᠣᠪᠣᠭᠲᠤ ᠪᠣᠯᠤᠨ ᠸᠠᠩ ᠣᠪᠣᠭᠲᠤ ᠶᠢᠨ ᠬᠤᠭᠤᠷᠣᠨᠳᠣᠬᠢ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ᠂ ᠸᠠᠩ ᠣᠪᠣᠭᠲᠤ ᠰᠦᠯᠵᠢᠶᠡᠨ ᠳᠡᠭᠡᠷ᠎ᠡ ᠲᠦᠷᠢᠶᠡᠰᠣᠯᠡᠬᠦᠯᠬᠦ ᠮᠡᠳᠡᠭᠡ ᠵᠠᠩᠭᠢ ᠨᠡᠶᠢᠲᠡᠯᠡᠵᠦ᠂ ᠡᠨᠡ ᠭᠡᠷ ᠢ ᠦᠷᠭᠦᠯᠵᠢᠯᠡᠨ | ᠲᠦᠷᠢᠶᠡᠰᠣᠯᠡᠬᠦᠯᠬᠦ ᠪᠠᠶᠢᠳᠠᠯ ᠤᠨ ᠳᠣᠤᠷ᠎ᠠ᠂ ᠯᠢ ᠣᠪᠣᠭᠲᠤ ᠬᠡᠷᠪᠡ ᠸᠠᠩ ᠣᠪᠣᠭᠲᠤ ᠶᠢᠨ ᠥᠭᠭᠦᠭᠰᠡᠨ ᠰᠢᠨ᠎ᠡ ᠲᠦᠷᠢᠶᠡᠰᠣᠯᠡᠬᠦᠯᠬᠦ ᠨᠥᠬᠦᠴᠡᠯ ᠢ ᠬᠦᠯᠢᠶᠡᠨ | ᠠᠪᠣᠭᠰᠠᠨ ᠪᠠᠶᠢᠪᠠᠯ᠂ ᠯᠢ ᠣᠪᠣᠭᠲᠤ ᠪᠤᠰᠤᠳ ᠬᠥᠮᠦᠨ ᠠᠴᠠ ᠤᠷᠢᠳ ᠢᠶᠠᠷ ᠡᠨᠡ ᠭᠡᠷ ᠢ ᠠᠳᠠᠯᠢ ᠨᠥᠬᠦᠴᠡᠯ ᠢᠶᠠᠷ ᠲᠦᠷᠢᠶᠡᠰᠦᠯᠡᠬᠦ ᠡᠷᠬᠡ ᠲᠠᠢ᠃ | |