| 1. ᠰᠠ ᠳᠤ ᠲᠠᠭᠠᠷᠢᠭᠳᠠᠬᠤ ᠶᠢ ᠰᠡᠷᠬᠡᠶᠢᠯᠡᠨ᠎ᠡ᠃ ᠲᠦᠮᠦᠰᠦᠨ ᠳᠤ ᠮᠠᠰᠢ ᠡᠯᠪᠡᠭ ᠸᠢᠲ᠋ᠠᠮᠢᠨ B ᠶᠢᠨ ᠪᠦᠯᠦᠭ ᠪᠤᠯᠤᠨ ᠤᠨᠴᠠ ᠰᠠᠶᠢᠨ ᠰᠢᠷᠬᠡᠭᠯᠢᠭ ᠡᠳ᠋ ᠪᠡᠶ᠎ᠡ | ᠮᠠᠬᠠᠪᠤᠳ ᠤᠨ ᠦᠳᠡᠯᠵᠦ ᠲᠤᠷᠦ᠋ᠢᠳᠠᠬᠤ ᠶᠢ ᠤᠳᠠᠭᠠᠰᠢᠷᠠᠭᠤᠯᠬᠤ ᠳᠤ ᠴᠢᠬᠤᠯᠠ ᠦᠢᠯᠡᠳᠦᠯ ᠦᠵᠡᠬᠦᠯᠳᠡᠭ᠃ ᠲᠦᠮᠦᠰᠦᠨ ᠳᠤ ᠡᠯᠪᠡᠭ ᠪᠠᠶᠢᠳᠠᠭ ᠢᠳᠡᠰᠢ ᠶᠢᠨ | ᠰᠢᠷᠬᠡᠭᠯᠢᠭ ᠪᠤᠯᠤᠨ ᠨᠢᠰᠢᠩᠬᠦ ᠶᠢᠨ ᠰᠢᠬᠢᠷ ᠰᠢᠩᠬᠡᠬᠡᠯᠳᠡ ᠶᠢᠨ ᠵᠠᠮ ᠤᠨ ᠦᠮᠡᠨ ᠢ ᠰᠡᠷᠬᠡᠶᠢᠯᠡᠨ ᠡᠮᠴᠢᠯᠡᠵᠦ᠂ ᠴᠢᠰᠦᠨ ᠳᠠᠬᠢ ᠰᠦᠰᠦᠨ ᠴᠢᠯᠠᠭᠤᠯᠢᠭ ᠠᠯᠺᠤᠤᠯ ᠤᠨ | ᠠᠭᠤᠯᠤᠭᠳᠠᠴᠠ ᠶᠢ ᠡᠷᠬᠡᠰᠢᠶᠡᠬᠦ ᠳᠤ ᠲᠤᠰᠠᠳᠠᠢ᠃ ᠡᠬᠦᠨ ᠤ ᠲᠤᠳᠤᠷᠠᠬᠢ ᠨᠢᠯᠴᠠᠭᠠᠢ ᠤᠭᠤᠷᠠᠭ ᠨᠢ ᠵᠢᠷᠤᠬᠡ ᠴᠢᠰᠦᠨ ᠰᠤᠳᠠᠯ ᠤᠨ ᠡᠪᠡᠳᠴᠢᠨ ᠬᠡᠮ ᠢ | ᠤᠷᠢᠳᠴᠢᠯᠠᠨ ᠰᠡᠷᠬᠡᠶᠢᠯᠡᠳᠡᠭ᠃ ᠲᠦᠮᠦᠰᠦ ᠪᠠᠰᠠ ᠺᠠᠯᠢ ᠶᠢᠨ ᠡᠯᠧᠮᠧᠨ᠋ᠲ ᠡᠯᠪᠡᠭ ᠠᠭᠤᠯᠤᠭᠳᠠᠳᠠᠭ ᠪᠠᠨᠠᠨᠠ᠂ ᠬᠦᠢᠯᠡᠰᠦ᠂ ᠲᠤᠭᠤᠷ ᠲᠠᠢ ᠠᠳᠠᠯᠢᠬᠠᠨ ᠰᠠ | ᠡᠪᠡᠳᠴᠢᠨ ᠲᠤᠰᠬᠤ ᠠᠶᠤᠯ ᠢ ᠪᠠᠭᠠᠰᠬᠠᠬᠤ ᠮᠦᠷᠳᠡᠬᠡᠨ ᠶᠠᠮᠠᠷᠴᠦ ᠭᠠᠵᠢᠭᠤ ᠦᠢᠯᠡᠳᠦᠯ ᠦᠬᠡᠢ᠃ ᠰᠤᠳᠤᠯᠭᠠᠳᠠᠳ᠂ ᠡᠳᠦᠷ ᠪᠤᠯᠭᠠᠨ ᠨᠢᠬᠡ ᠲᠦᠮᠦᠰᠦ ᠢᠳᠡᠪᠡᠯ | ᠰᠠ ᠳᠤ ᠲᠠᠭᠠᠷᠢᠭᠳᠠᠬᠤ ᠲᠤᠬᠢᠶᠠᠯᠳᠤᠮᠵᠢ 40% ᠪᠠᠷ ᠲᠤᠷᠤᠭᠰᠢᠯᠠᠨ᠎ᠠ ᠬᠡᠵᠦ ᠵᠢᠭᠠᠵᠦ ᠭᠠᠷᠭᠠᠭᠰᠠᠨ ᠪᠠᠶᠢᠨ᠎ᠠ᠃ | 2. ᠮᠠᠷᠢᠶ᠎ᠠ ᠰᠢᠭᠤᠷᠠᠨ᠎ᠠ᠃ ᠡᠩ ᠲᠡᠷᠢᠬᠦᠨ ᠳᠤ᠂ ᠲᠦᠮᠦᠰᠦ ᠢᠳᠡᠬᠦ ᠳᠤ ᠪᠡᠶ᠎ᠡ ᠮᠠᠬᠠᠪᠤᠳ ᠲᠤ ᠦᠬᠡᠬᠦ ᠬᠤᠷᠠᠮᠳᠤᠬᠤ ᠠᠴᠠ ᠰᠠᠨᠠᠭ᠎ᠠ ᠠᠯᠭᠠᠰᠬᠤ ᠤᠴᠢᠷ | ᠦᠬᠡᠢ᠃ ᠲᠡᠬᠦᠨ ᠳᠤ᠂ ᠵᠦᠪᠬᠡᠨ 0.1% ᠶᠢᠨ ᠯᠡ ᠦᠬᠡᠬᠦ ᠠᠭᠤᠯᠤᠭᠳᠠᠳᠠᠭ᠃ ᠲᠡᠶᠢᠮᠦ ᠠᠴᠠ᠂ ᠡᠳᠦᠷ ᠪᠤᠯᠭᠠᠨ ᠲᠦᠮᠦᠰᠦ ᠢᠯᠡᠬᠦᠬᠡᠨ ᠢᠳᠡᠪᠡᠯ ᠪᠡᠶ᠎ᠡ | ᠮᠠᠬᠠᠪᠤᠳ ᠲᠤ ᠰᠢᠩᠬᠡᠬᠦ ᠦᠬᠡᠬᠦ ᠬᠠᠰᠤᠭᠳᠠᠵᠦ᠂ ᠢᠯᠡᠬᠦᠴᠡ ᠦᠬᠡᠬᠦ ᠠᠯᠭᠤᠷ ᠰᠤᠯᠢᠯᠴᠠᠭ᠎ᠠ ᠪᠠᠷ ᠭᠠᠳᠠᠭᠰᠢᠯᠠᠬᠤ ᠪᠤᠯᠤᠨ᠎ᠠ᠃ ᠲᠠᠬᠢᠪᠠᠯ ᠲᠦᠮᠦᠰᠦ ᠢᠳᠡᠪᠡᠯ | ᠰᠢᠮ᠎ᠡ ᠲᠡᠵᠢᠬᠡᠯ ᠴᠤᠯᠭᠤᠶᠢᠳᠠᠨ ᠡᠷᠡᠬᠦᠯ ᠮᠡᠨᠳᠦ ᠬᠤᠬᠢᠷᠠᠬᠤ ᠠᠴᠠ ᠰᠠᠨᠠᠭ᠎ᠠ ᠵᠤᠪᠠᠭ᠋ᠤ ᠵᠦᠢᠯ ᠦᠬᠡᠢ᠃ ᠲᠦᠮᠦᠰᠦᠨ ᠳᠤ ᠠᠭᠤᠯᠤᠭᠳᠠᠭ᠎ᠠ ᠰᠢᠯᠢᠳᠡᠭ ᠴᠢᠨᠠᠷ ᠤᠨ | ᠤᠭᠤᠷᠠᠭ ᠤᠨ ᠰᠢᠮ᠎ᠡ ᠲᠡᠵᠢᠬᠡᠯ ᠤᠨ ᠦᠷᠳᠡᠭ ᠴᠦ ᠲᠡᠷᠡ᠂ ᠡᠷᠡᠬᠦᠯᠵᠢᠯ ᠤᠨ ᠦᠢᠯᠡᠳᠦᠯ ᠨᠢ ᠴᠦ ᠪᠤᠯᠤᠭ᠂ ᠪᠦᠷ ᠰᠢᠷ᠎ᠠ ᠪᠤᠷᠴᠠᠭ ᠠᠴᠠ ᠲᠤᠤᠷᠠᠳᠠᠬᠤ ᠦᠬᠡᠢ᠃ | ᠪᠡᠶ᠎ᠡ ᠮᠠᠬᠠᠪᠤᠳ ᠲᠤ ᠱᠠᠭᠠᠷᠳᠠᠭᠳᠠᠳᠠᠭ ᠨᠡᠬᠦᠷᠡᠰᠦ ᠤᠰᠤᠨ ᠤ ᠨᠢᠬᠡᠳᠪᠦᠷᠢ᠂ ᠡᠯ᠎ᠡ ᠵᠦᠢᠯ ᠤᠨ ᠸᠢᠲ᠋ᠠᠮᠢᠨ᠂ ᠡᠷᠤᠳᠡᠰᠦ ᠪᠤᠳᠠᠰ ᠵᠡᠷᠭᠡ ᠶᠢᠨ ᠪᠤᠰᠤᠳ ᠰᠢᠮ᠎ᠡ | ᠲᠡᠵᠢᠬᠡᠯᠳᠤ ᠪᠤᠳᠠᠰ ᠨᠢ ᠴᠦ ᠲᠤᠳᠤᠷᠭ᠎ᠠ᠂ ᠭᠤᠯᠢᠷ ᠠᠴᠠ ᠨᠡᠩ ᠪᠦᠷᠢᠨ ᠲᠡᠬᠦᠯᠳᠡᠷ ᠪᠠᠶᠢᠳᠠᠭ᠃ ᠤᠷᠴᠢᠮ ᠤᠨ ᠵᠢᠯ ᠠᠴᠠ ᠢᠲ᠋ᠠᠯᠢ᠂ ᠢᠰᠫᠠᠨᠢ᠂ ᠠᠮᠧᠷᠢᠺᠠ᠂ | ᠺᠠᠨᠠᠳᠠ᠂ ᠤᠷᠤᠰ ᠵᠡᠷᠭᠡ ᠤᠯᠤᠰ ᠤᠷᠤᠨ ᠳᠤ ᠤᠷᠢᠳ ᠬᠤᠵᠢᠳ ᠨᠢᠬᠡ ᠪᠦᠯᠦᠭ ᠦᠪᠡᠷᠮᠢᠴᠡ ᠦᠨᠦᠷ ᠠᠮᠳᠠ ᠪᠦᠬᠦᠢ ᠲᠦᠮᠦᠰᠦᠨ ᠵᠠᠰᠠᠯᠭ᠎ᠠ ᠶᠢᠨ ᠬᠤᠭᠤᠯᠠᠨ | ᠭᠡᠷ ᠡᠬᠦᠳᠡ ᠡᠷᠦᠬᠡ ᠪᠠᠨ ᠰᠡᠬᠦᠵᠦ᠂ ᠪᠡᠶ᠎ᠡ ᠴᠢᠬᠢᠷᠠᠭᠵᠢᠭᠤᠯᠤᠨ᠂ ᠮᠠᠷᠢᠶ᠎ᠠ ᠪᠠᠨ ᠰᠢᠭᠤᠷᠠᠭᠤᠯᠵᠦ᠂ ᠭᠤᠸ᠎ᠠ ᠰᠠᠶᠢᠬᠠᠨ ᠢ ᠬᠥᠭᠡᠴᠡᠯᠳᠦᠳᠡᠭ ᠬᠦᠮᠦᠰ ᠤᠨ ᠡᠳᠦᠷ | ᠲᠤᠳᠤᠮ ᠤᠨ ᠬᠦᠰᠡᠯ ᠬᠦᠬᠡᠬᠡᠴᠡᠯᠳᠦᠯ ᠢ ᠬᠠᠨᠭ᠍ᠭᠠᠨ ᠪᠠᠶᠢᠨ᠎ᠠ᠃ | 3. ᠬᠤᠳᠤᠭᠤᠳᠤ ᠶᠢ ᠰᠤᠪᠢᠯᠠᠨ᠎ᠠ᠃ ᠬᠢᠳᠡᠳ ᠡᠮᠨᠡᠯᠬᠡ ᠲᠦᠮᠦᠰᠦ ᠬᠤᠳᠤᠭᠤᠳᠤ ᠶᠢ ᠰᠤᠪᠢᠯᠠᠵᠦ᠂ ᠲᠡᠯᠢᠬᠦᠤ ᠶᠢ ᠴᠢᠬᠢᠷᠠᠭᠵᠢᠭᠤᠯᠤᠨ᠂ ᠬᠤᠳᠤᠭᠤᠳᠤᠨ ᠤ | ᠰᠢᠷᠬᠠᠯᠠᠭ᠎ᠠ ᠶᠢ ᠡᠮᠴᠢᠯᠡᠨ᠎ᠡ ᠬᠡᠵᠦ ᠦᠵᠡᠳᠡᠭ᠃ ᠵᠤᠷᠰᠢᠯ ᠤᠨ ᠴᠢᠨᠠᠷᠳᠠᠢ ᠬᠤᠷᠭᠤᠰᠤᠯᠠᠳᠠᠭ ᠡᠪᠡᠳᠴᠢᠨ ᠬᠡᠮ ᠳᠤ ᠮᠠᠰᠢ ᠲᠤᠰᠠᠳᠠᠢ ᠮᠦᠷᠳᠡᠬᠡᠨ ᠬᠤᠤᠷ ᠲᠠᠶᠢᠯᠵᠦ᠂ | ᠦᠷᠪᠢᠰᠦᠯ ᠢ ᠲᠠᠷᠤᠬᠤ ᠦᠢᠯᠡᠳᠦᠯ ᠲᠠᠢ᠃ | |