| | ᠤᠯᠤᠰ ᠤᠨ ᠲᠡᠷᠢᠭᠦᠯᠡᠭᠴᠢ ᠰᠢ ᠶᠢᠨ ᠫᠢᠩ 30 ᠤ ᠡᠳᠦᠷ ᠪᠡᠭᠡᠵᠢᠩ ᠳᠤ ᠸᠢᠳᠢᠣ᠋ ᠬᠡᠯᠪᠡᠷᠢ ᠪᠠᠷ ᠬᠤᠷᠢᠨ ᠤᠯᠤᠰ ᠤᠨ ᠪᠥᠯᠥᠭᠯᠡᠯ ᠤᠨ ᠤᠳᠤᠷᠢᠳᠬᠤ | ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ | | | | 10 ᠰᠠᠷ᠎ᠠ ᠶᠢᠨ 30 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠬᠤᠷᠢᠨ ᠤᠯᠤᠰ ᠤᠨ ᠪᠥᠯᠥᠭᠯᠡᠯ ᠤᠨ | ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠭᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ | ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠲᠠᠬᠢᠨ ᠳᠠᠪᠲᠠᠨ ᠡᠭᠦᠰᠴᠦ᠂ ᠳᠡᠯᠡᠬᠡᠢ ᠶᠢᠨ ᠠᠵᠤ | ᠠᠬᠤᠢ ᠶᠢᠨ ᠰᠡᠷᠭᠦᠯᠲᠡ ᠬᠡᠪᠡᠷᠡᠭ᠂ ᠠᠭᠤᠷ ᠠᠮᠢᠰᠬᠤᠯ ᠤᠨ ᠬᠤᠪᠢᠷᠠᠯᠲᠠ ᠶᠢᠨ ᠥᠷᠢᠰᠥᠯᠳᠦᠭᠡᠨ ᠳᠣᠪᠤᠶᠢᠮ᠎ᠠ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠤᠯᠠᠨ | ᠭᠠᠷᠴᠤ ᠪᠠᠶᠢᠨ᠎ᠠ᠃ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ | ᠬᠤᠷᠢᠨ ᠤᠯᠤᠰ ᠤᠨ ᠪᠥᠯᠥᠭᠯᠡᠯ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠤᠣᠯ ᠶᠠᠷᠢᠶᠠᠨ ᠤ ᠲᠠᠪᠴᠠᠩ ᠪᠣᠯᠣᠭᠰᠠᠨ ᠤ ᠬᠤᠪᠢ ᠳᠤ | ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠮᠦᠨ ᠲᠦᠷᠦᠯᠬᠢᠲᠡᠨ ᠤ ᠢᠷᠡᠭᠡᠳᠦᠢ᠂ ᠠᠷᠠᠳ ᠲᠦᠮᠡᠨ ᠤ ᠪᠤᠶᠠᠨ ᠵᠢᠷᠭᠠᠯ ᠤᠨ ᠲᠥᠯᠥᠭᠡ | ᠨᠡᠭᠡᠭᠡᠯᠲᠡᠲᠦ ᠪᠠᠭᠲᠠᠭᠠᠮᠵᠢᠲᠠᠢ᠂ ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ 5 ᠳᠠᠯ᠎ᠠ ᠶᠢᠨ ᠰᠠᠨᠠᠭᠤᠯᠭ᠎ᠠ ᠳᠤᠷᠠᠳᠴᠠᠢ᠃ | ᠨᠢᠭᠡᠳᠦᠭᠡᠷ ᠲᠤ᠂ ᠪᠦᠯᠬᠦᠮᠳᠡᠨ ᠬᠠᠮᠲᠤᠷᠠᠯᠴᠠᠵᠤ᠂ ᠭᠠᠷ ᠬᠤᠯᠪᠣᠯᠴᠠᠨ ᠬᠢᠵᠢᠭ ᠲᠠᠢ ᠲᠡᠮᠡᠴᠡᠶ᠎ᠡ᠃ ᠳᠡᠯᠡᠬᠡᠢ ᠨᠡᠶᠢᠭᠡᠮ ᠢᠶᠠᠷ ᠢᠶᠠᠨ ᠰᠡᠳᠭᠢᠯ ᠨᠢᠭᠡᠳᠦᠨ | ᠬᠦᠴᠦ ᠪᠠᠨ ᠬᠠᠮᠲᠤᠳᠬᠠᠵᠤ᠂ ᠰᠢᠨᠵᠢᠯᠡᠬᠦ ᠤᠬᠠᠭᠠᠨᠴᠢ ᠣᠪᠣᠷ ᠢᠶᠠᠷ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠶᠢᠨ | ᠬᠠᠮᠲᠤ ᠢᠯᠠᠨ ᠳᠠᠪᠠᠵᠤ᠂ ᠰᠡᠷᠭᠡᠶᠢᠯᠡᠨ ᠡᠵᠡᠮᠳᠡᠬᠦ᠂ ᠣᠨᠣᠰᠢᠯᠠᠨ ᠡᠮᠨᠡᠬᠦ ᠠᠷᠭ᠎ᠠ ᠪᠠᠷᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠨᠳᠦ ᠶᠡᠭᠡ ᠭᠡᠨᠡᠳᠲᠡ ᠶᠢᠨ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠪᠡᠯ ᠵᠣᠬᠢᠨ᠎ᠠ᠃ ᠬᠤᠷᠢᠨ ᠤᠯᠤᠰ ᠤᠨ ᠪᠥᠯᠥᠭᠯᠡᠯ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠬᠤ᠂ ᠡᠬᠢ ᠪᠠᠶᠠᠯᠢᠭ ᠢ ᠳᠠᠶᠢᠴᠢᠯᠠᠬᠤ᠂ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠬᠦᠳᠦᠯᠦᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠪᠠᠯ ᠵᠣᠬᠢᠨ᠎ᠠ᠃ | ᠪᠢ ᠳᠤᠷᠠᠲᠠᠶ᠎ᠠ ᠪᠥᠬᠦ ᠪᠦᠮᠪᠦᠷᠴᠡᠭ ᠤᠨ ᠸᠠᠺᠼᠢᠨ ᠤ ᠬᠠᠮᠲᠤᠷᠠᠯᠴᠠᠭᠠᠨ ᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠤᠯᠠᠮ ᠴᠢᠨᠠᠬᠰᠢᠳᠠ ᠳᠤᠷᠠᠳᠤᠨ᠎ᠠ᠄ ᠨᠢᠭᠡ ᠳᠤ᠂ | ᠸᠠᠺᠼᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠤᠳ | ᠲᠠᠢ ᠬᠠᠮᠲᠤᠷᠠᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠳᠡᠮᠵᠢᠶ᠎ᠠ᠃ ᠬᠤᠶᠠᠷ ᠲᠤ᠂ ᠡᠷᠬᠡ ᠲᠡᠭᠰᠢ᠂ ᠲᠥᠪ ᠭᠤᠣᠯᠴᠢ ᠶᠢ ᠪᠠᠷᠢᠮᠲᠠᠯᠠᠵᠤ᠂ ᠬᠥᠭᠵᠢᠵᠦ ᠪᠠᠶᠢᠭ᠎ᠠ | ᠤᠯᠤᠰ ᠤᠳ ᠲᠤ ᠸᠠᠺᠼᠢᠨ ᠬᠠᠩᠭᠠᠬᠤ ᠡᠷᠴᠢᠮ ᠢᠶᠠᠨ ᠴᠢᠩᠭᠠᠷᠠᠭᠤᠯᠵᠤ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ | 2022 ᠣᠨ ᠤ ᠪᠥᠬᠦ ᠪᠦᠮᠪᠦᠷᠴᠡᠭ ᠤᠨ ᠲᠠᠷᠢᠯᠭ᠎ᠠ ᠲᠠᠷᠢᠬᠤ ᠬᠠᠷᠠᠯᠲᠠ ᠶᠢ ᠨᠠᠶᠢᠳᠠᠪᠤᠷᠢᠵᠢᠭᠤᠯᠤᠶ᠎ᠠ᠃ ᠭᠤᠷᠪᠠ ᠳᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠶᠢᠨ ᠸᠠᠺᠼᠢᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠤᠨ ᠲᠤᠬᠠᠶ ᠡᠷᠲᠡᠬᠡᠨ ᠲᠣᠭᠲᠠᠭᠠᠯ ᠭᠠᠷᠭᠠᠬᠤ ᠶᠢ ᠳᠡᠮᠵᠢᠵᠦ᠂ | ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠤᠳ ᠲᠤ ᠮᠡᠷᠭᠡᠵᠢᠯ ᠢᠶᠠᠨ ᠰᠢᠯᠵᠢᠭᠦᠯᠦᠨ ᠥᠭᠬᠦ ᠶᠢ ᠵᠣᠷᠢᠭᠵᠢᠭᠤᠯᠤᠶ᠎ᠠ᠃ ᠳᠥᠷᠪᠡ ᠳᠤ᠂ ᠬᠢᠯᠢ | ᠠᠯᠤᠰᠯᠠᠭᠰᠠᠨ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠸᠠᠺᠼᠢᠨ ᠵᠢᠴᠢ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠠᠷᠠᠯᠵᠢᠶᠠᠨ ᠤ ᠰᠠᠭᠠᠳ | ᠥᠬᠡᠶ ᠨᠡᠪᠲᠡᠷᠡᠬᠦ ᠶᠢ ᠪᠠᠲᠤᠯᠠᠶᠡ᠃ ᠲᠠᠪᠤ ᠳᠤ᠂ ᠡᠯ᠎ᠡ ᠵᠦᠢᠯ ᠤᠨ ᠸᠠᠺᠼᠢᠨ ᠳᠤ ᠡᠷᠬᠡ ᠲᠡᠭᠰᠢ ᠪᠠᠷ ᠬᠠᠨᠳᠤᠵᠤ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ᠸᠠᠺᠼᠢᠨ ᠢ ᠪᠠᠴᠢᠮ ᠬᠡᠷᠡᠭᠯᠡᠬᠦ ᠨᠠᠷᠢᠨ ᠳᠠᠩᠰᠠ ᠪᠠᠷ ᠦᠨᠳᠦᠰᠦᠯᠡᠯ ᠪᠣᠯᠭᠠᠵᠤ ᠸᠠᠺᠼᠢᠨ ᠢ ᠬᠠᠷᠢᠯᠴᠠᠨ ᠮᠡᠳᠡᠷᠡᠬᠦ ᠶᠢ ᠠᠬᠢᠭᠤᠯᠤᠶ᠎ᠡ᠃ | ᠵᠢᠷᠭᠤᠭ᠎ᠠ ᠳᠤ᠂ ᠪᠥᠬᠦ ᠪᠦᠮᠪᠦᠷᠴᠡᠭ ᠤᠨ ᠸᠠᠺᠼᠢᠨ ᠤ ᠬᠠᠮᠲᠤᠷᠠᠯᠴᠠᠭ᠎ᠠ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠣᠯᠬᠤ ᠳᠤ ᠮᠥᠩᠭᠦᠨ | ᠭᠦᠢᠯᠭᠡᠭᠡᠨ ᠤ ᠳᠡᠮᠵᠢᠯᠭᠡ ᠬᠠᠩᠭᠠᠶᠡ᠃ | ᠣᠳᠣᠬᠠᠨ ᠳᠤ᠂ ᠳᠤᠮᠳᠠᠳᠤ ᠤᠯᠤᠰ ᠨᠢᠭᠡᠨᠲᠡ 100 ᠭᠠᠷᠤᠶ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ 16 ᠳ᠋ᠦᠩᠰᠢᠭᠤᠷ ᠭᠠᠷᠤᠶ | ᠸᠠᠺᠼᠢᠨ ᠬᠠᠩᠭᠠᠵᠤ᠂ ᠡᠨᠡ ᠵᠢᠯ ᠳᠤ ᠭᠠᠳᠠᠭᠠᠳᠤ ᠳᠤ 20 ᠳ᠋ᠦᠩᠰᠢᠭᠤᠷ ᠭᠠᠷᠤᠶ ᠸᠠᠺᠼᠢᠨ ᠬᠠᠩᠭᠠᠬᠤ ᠪᠣᠯᠤᠨ᠎ᠠ᠃ ᠳᠤᠮᠳᠠᠳᠤ ᠤᠯᠤᠰ ᠶᠠᠭ 16 ᠤᠯᠤᠰ ᠯᠤᠭ᠎ᠠ | ᠸᠠᠺᠼᠢᠨ ᠤ ᠬᠠᠮᠲᠤᠷᠠᠭᠰᠠᠨ ᠦᠢᠯᠡᠳᠪᠦᠷᠢᠯᠡᠯ ᠥᠷᠨᠢᠭᠦᠯᠵᠦ᠂ 30 ᠤᠯᠤᠰ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠸᠠᠺᠼᠢᠨ ᠤ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠭᠠᠷᠭᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ | ᠪᠠᠶᠢᠭᠠᠳ ᠸᠠᠺᠼᠢᠨ ᠤ ᠬᠥᠭᠵᠢᠵᠦ ᠪᠠᠶᠢᠭ᠎ᠠ ᠤᠯᠤᠰ ᠲᠠᠬᠢ ᠪᠣᠯᠤᠮᠵᠢᠲᠤ ᠴᠢᠨᠠᠷ ᠪᠣᠯᠤᠨ ᠡᠭᠦᠷᠭᠡᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠪᠥᠬᠦ | ᠪᠦᠮᠪᠦᠷᠴᠡᠭ ᠤᠨ ᠸᠠᠺᠼᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ | ᠬᠤᠶᠠᠳᠤᠭᠠᠷ ᠲᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠰᠡᠷᠭᠦᠯᠲᠡ ᠶᠢ ᠠᠬᠢᠭᠤᠯᠤᠶ᠎ᠠ᠃ ᠬᠤᠷᠸ᠎ᠠ ᠠᠵᠤ ᠠᠬᠤᠢ ᠶᠢᠨ ᠲᠥᠷᠥ ᠶᠢᠨ ᠪᠤᠳᠤᠯᠭ᠎ᠠ ᠶᠢᠨ | ᠵᠣᠬᠢᠴᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠤᠳᠤᠯᠭ᠎ᠠ ᠶᠢᠨ ᠦᠷᠭᠦᠯᠵᠢᠯᠡᠬᠦ᠋ᠢᠴᠡ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠪᠠᠯ | ᠵᠣᠬᠢᠨ᠎ᠠ᠃ ᠭᠤᠣᠯ ᠪᠣᠯᠬᠤ ᠠᠵᠤ ᠠᠬᠤᠢ ᠶᠢᠨ ᠴᠣᠭᠴᠠ ᠬᠠᠷᠢᠭᠤᠴᠠᠯᠭ᠎ᠠ ᠲᠠᠢ ᠬᠤᠷᠸ᠎ᠠ ᠠᠵᠤ ᠠᠬᠤᠢ ᠶᠢᠨ ᠲᠥᠷᠥ ᠶᠢᠨ ᠪᠤᠳᠤᠯᠭ᠎ᠠ ᠠᠪᠴᠤ᠂ ᠬᠥᠭᠵᠢᠵᠦ ᠪᠠᠶᠢᠭ᠎ᠠ | ᠤᠯᠤᠰ ᠤᠳ ᠲᠤ ᠨᠠᠵᠠᠭᠠᠢ ᠨᠥᠯᠥᠭᠡ ᠦᠵᠡᠭᠦᠯᠬᠦ ᠠᠴᠠ ᠵᠠᠶᠢᠯᠠᠰᠭᠢᠵᠦ᠂ ᠤᠯᠠᠨ ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠰᠢᠰᠲ᠋ᠧᠮ ᠤᠨ ᠲᠣᠭᠲᠠᠭᠤᠨ | ᠠᠵᠢᠯᠯᠠᠭᠠᠨ ᠢ ᠬᠠᠮᠠᠭᠠᠯᠠᠶ᠎ᠠ᠃ | ᠡᠭᠦᠨ ᠤ ᠵᠡᠷᠭᠡ ᠪᠠᠷ ᠠᠯᠤᠰ ᠬᠡᠲᠦ ᠶᠢ ᠪᠣᠳᠣᠯᠬᠢᠯᠠᠨ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠪᠣᠯᠤᠨ ᠳᠦᠷᠢᠮ ᠢ | ᠲᠡᠭᠦᠯᠳᠡᠷᠵᠢᠭᠦᠯᠵᠦ᠂ ᠤᠯᠠᠨ ᠤᠯᠤᠰ ᠤᠨ ᠠᠵᠤ ᠠᠬᠤᠢ ᠶᠢᠨ ᠪᠠᠶᠢᠷᠢᠰᠢᠯ ᠤᠨ ᠬᠤᠪᠢᠷᠠᠯᠲᠠ ᠶᠢ ᠦᠨᠡᠨ ᠬᠦ ᠲᠤᠰᠬᠠᠵᠤ᠂ ᠬᠥᠭᠵᠢᠵᠦ ᠪᠠᠶᠢᠭ᠎ᠠ ᠤᠯᠤᠰ ᠤᠳ ᠤᠨ | ᠦᠭᠡ ᠬᠡᠯᠡᠬᠦ ᠡᠷᠬᠡ ᠶᠢ ᠳᠡᠭᠡᠭᠰᠢᠯᠡᠭᠦᠯᠪᠡᠯ ᠵᠣᠬᠢᠨ᠎ᠠ᠃ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠠᠴᠠ ᠣᠨᠴᠠᠭᠠᠶ ᠵᠣᠭᠤᠰ | ᠭᠠᠷᠭᠠᠨ ᠠᠪᠬᠤ ᠡᠷᠬᠡ ᠨᠡᠮᠡᠵᠦ ᠣᠯᠭᠤᠬᠤ ᠶᠢ ᠳᠤᠮᠳᠠᠳᠤ ᠤᠯᠤᠰ ᠪᠠᠶᠠᠷᠯᠠᠨ ᠤᠭᠲᠤᠵᠤ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ | ᠣᠷᠣᠯᠭ᠎ᠠ ᠲᠤᠤᠷ᠎ᠠ ᠤᠯᠤᠰ ᠲᠤ ᠳᠤᠷᠠᠲᠠᠶ᠎ᠠ ᠰᠢᠯᠵᠢᠭᠦᠯᠦᠨ ᠵᠢᠭᠡᠯᠡᠭᠦᠯᠵᠦ ᠥᠭᠭᠦᠨ᠎ᠡ᠃ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠵᠤ᠂ | ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠡᠷᠬᠡ ᠠᠰᠢᠭ ᠪᠣᠯᠤᠨ ᠬᠥᠭᠵᠢᠯᠲᠡ ᠶᠢᠨ ᠣᠷᠣᠨ | ᠵᠠᠢ ᠶᠢ ᠪᠠᠲᠤᠯᠠᠪᠠᠯ ᠵᠣᠬᠢᠨ᠎ᠠ᠃ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠳᠠᠷᠤᠢ ᠲᠦᠷᠭᠡᠨ ᠰᠡᠷᠭᠦᠭᠡᠵᠦ᠂ ᠠᠵᠤ ᠦᠢᠯᠡᠰ ᠤᠨ | ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠲᠠᠯ ᠢ ᠬᠠᠮᠠᠭᠠᠯᠠᠪᠠᠯ ᠵᠤᠬᠢᠨ᠎ᠠ᠃ ᠳᠤᠮᠳᠠᠳᠤ ᠤᠯᠤᠰ ᠠᠵᠤ ᠦᠢᠯᠡᠰ ᠤᠨ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠠ ᠶᠢᠨ ᠤᠶᠠᠨ ᠬᠠᠳᠠᠨ ᠴᠢᠨᠠᠷ ᠪᠣᠯᠤᠨ ᠲᠣᠭᠲᠠᠭᠤᠨ ᠤ ᠲᠤᠬᠠᠢ ᠤᠯᠠᠨ ᠤᠯᠤᠰ ᠤᠨ ᠶᠠᠷᠢᠶᠠᠨ ᠤ ᠲᠠᠪᠴᠠᠩ ᠢ ᠡᠷᠬᠢᠯᠡᠬᠦ ᠶᠢ ᠰᠠᠨᠠᠭᠠᠴᠢᠯᠠᠵᠤ᠂ | ᠬᠤᠷᠢᠨ ᠤᠯᠤᠰ ᠤᠨ ᠪᠥᠯᠥᠭᠯᠡᠯ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠢ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠴᠢᠨᠠᠷ | ᠰᠠᠶᠢᠲᠠᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠨᠠᠩ ᠣᠯᠠᠨ ᠡᠯᠪᠡᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ | ᠭᠤᠷᠪᠠᠳᠤᠭᠠᠷ ᠲᠤ᠂ ᠲᠦᠭᠡᠮᠡᠯ ᠬᠠᠷᠠᠭᠠᠯᠵᠠᠯ ᠠᠭᠤᠳᠠᠮ ᠪᠠᠭᠲᠠᠭᠠᠮᠵᠢᠲᠠᠢ ᠪᠠᠶᠢᠵᠥ᠂ ᠬᠠᠮᠲᠤ ᠪᠠᠷ ᠬᠥᠭᠵᠢᠶ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠤ᠂ ᠪᠦᠬᠦ ᠪᠦᠮᠪᠦᠷᠴᠡᠭ ᠤᠨ ᠬᠥᠭᠵᠢᠯᠲᠡ ᠶᠢᠨ ᠲᠥᠪ ᠭᠤᠣᠯᠴᠢ ᠴᠢᠨᠠᠷ᠂ ᠪᠦᠳᠦᠮᠵᠢᠳᠤ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠵᠦ᠂ ᠶᠠᠮᠠᠷᠪᠠ | ᠤᠯᠤᠰ ᠢ ᠴᠦ ᠡᠩᠨᠡᠭᠡ ᠠᠴᠠ ᠬᠤᠴᠣᠷᠭᠠᠬᠤ ᠦᠭᠡᠢ ᠪᠠᠷ ᠴᠢᠷᠮᠠᠶᠢᠪᠠᠯ ᠵᠣᠬᠢᠨ᠎ᠠ᠃ ᠬᠤᠷᠢᠨ ᠤᠯᠤᠰ ᠤᠨ ᠪᠥᠯᠥᠭᠯᠡᠯ ᠬᠥᠭᠵᠢᠯᠲᠡ ᠶᠢ ᠬᠤᠷᠸ᠎ᠠ ᠲᠥᠷᠥ ᠶᠢᠨ | ᠪᠤᠳᠤᠯᠭ᠎ᠠ ᠶᠢᠨ ᠵᠣᠬᠢᠴᠠᠭᠤᠯᠭ᠎ᠠ ᠶᠢᠨ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠹᠷᠢᠺᠠ ᠲᠢᠪ ᠪᠣᠯᠤᠨ ᠬᠠᠮᠤᠭ ᠤᠨ ᠬᠥᠭᠵᠢᠭᠡᠳᠦᠢ ᠤᠯᠤᠰ ᠤᠨ ᠠᠵᠤ | ᠦᠢᠯᠡᠳᠪᠦᠷᠢᠵᠢᠯᠲᠡ ᠶᠢ ᠪᠡᠶᠡᠯᠡᠭᠦᠯᠬᠦ ᠶᠢ ᠳᠡᠮᠵᠢᠬᠦ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠪᠠᠯ ᠵᠣᠬᠢᠨ᠎ᠠ᠃ ᠬᠥᠭᠵᠢᠭᠰᠡᠨ ᠠᠵᠤ ᠠᠬᠤᠢ ᠶᠢᠨ ᠴᠣᠭᠴᠠ ᠠᠯᠪᠠᠨ ᠤ | ᠲᠠᠯ᠎ᠠ ᠶᠢᠨ ᠬᠥᠭᠵᠢᠯᠲᠡ ᠶᠢᠨ ᠲᠤᠰᠠᠯᠠᠮᠵᠢ ᠦᠵᠡᠭᠦᠯᠬᠦ ᠠᠮᠠᠯᠠᠯᠲᠠ ᠪᠠᠨ ᠭᠦᠢᠴᠡᠳᠭᠡᠵᠦ᠂ ᠬᠥᠭᠵᠢᠵᠦ ᠪᠠᠶᠢᠭ᠎ᠠ ᠤᠯᠤᠰ ᠲᠤ ᠨᠡᠩ ᠤᠯᠠᠨ ᠡᠬᠢ ᠪᠠᠶᠠᠯᠢᠭ ᠬᠠᠩᠭᠠᠪᠠᠯ | ᠵᠤᠬᠢᠨ᠎ᠠ᠃ ᠮᠢᠨᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠰᠠᠨᠠᠭᠠᠴᠢᠯᠠᠭᠰᠠᠨ ᠪᠦᠬᠦ ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠬᠤᠷᠢᠨ | ᠤᠯᠤᠰ ᠤᠨ ᠪᠥᠯᠥᠭᠯᠡᠯ ᠤᠨ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠵᠣᠷᠢᠯᠲᠠ ᠪᠠ ᠭᠤᠣᠯᠳᠠᠯᠭᠠᠳᠦ ᠴᠢᠭᠯᠡᠯ ᠲᠠᠢ ᠳᠡᠭᠡᠳᠦ ᠬᠡᠮᠵᠢᠶ᠎ᠠ ᠪᠠᠷ ᠨᠡᠶᠢᠴᠡᠵᠦ | ᠨᠡᠶᠢᠴᠡᠭᠡ ᠶᠤᠮ᠃ ᠡᠯ᠎ᠡ ᠤᠯᠤᠰ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠥᠷᠪᠡᠳᠦᠭᠡᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠥᠳᠡᠯᠭᠡᠬᠦ ᠬᠦᠴᠦᠨ ᠢ ᠠᠭᠤᠳᠠᠯᠤᠶ᠎ᠠ᠃ ᠬᠤᠷᠢᠨ ᠤᠯᠤᠰ ᠤᠨ ᠪᠥᠯᠥᠭᠯᠡᠯ | ᠬᠦᠴᠦ ᠪᠠᠨ ᠬᠠᠮᠲᠤᠳᠬᠠᠵᠤ ᠰᠢᠨ᠎ᠡ ᠶᠢ ᠡᠭᠦᠳᠬᠦ ᠨᠡᠮᠡᠭᠳᠡᠯ ᠤᠨ ᠲᠠᠯᠳᠠ ᠬᠦᠴᠦᠨ ᠢ ᠢᠯᠡᠷᠡᠭᠦᠯᠵᠦ᠂ ᠭᠦᠢᠴᠡᠳ ᠣᠷᠣᠯᠴᠠᠬᠤ᠂ ᠥᠷᠭᠡᠨ ᠳᠡᠯᠭᠡᠷ ᠬᠠᠮᠲᠤ ᠶᠢᠨ | ᠲᠠᠨᠢᠯᠲᠠ ᠲᠠᠢ ᠪᠤᠯᠬᠤ ᠰᠠᠭᠤᠷᠢᠨ ᠳᠡᠭᠡᠷ᠎ᠡ ᠲᠦᠷᠢᠮ ᠲᠣᠭᠲᠠᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠳᠤ ᠰᠠᠶᠢᠨ ᠰᠠᠶᠢᠬᠠᠨ ᠠᠮᠢ | ᠠᠬᠤᠢ ᠶᠢ ᠪᠤᠢ ᠪᠣᠯᠭᠠᠶ᠎ᠠ᠃ ᠵᠣᠷᠢᠭᠤᠳᠠ ᠵᠢᠵᠢᠭ ᠪᠦᠯᠬᠦᠮ ᠪᠠᠶᠢᠭᠤᠯᠬᠤ᠂ ᠴᠢᠨᠠᠭᠰᠢᠯᠠᠪᠠᠯ ᠦᠵᠡᠯ ᠤᠬᠠᠮᠰᠠᠷ ᠤᠨ ᠬᠡᠯᠪᠡᠷᠢ ᠪᠠᠷ ᠵᠠᠭᠠᠭ ᠱᠤᠭᠤᠮ ᠲᠣᠭᠲᠠᠭᠠᠬᠤ ᠨᠢ | ᠵᠥᠪᠬᠡᠨ ᠵᠠᠪᠰᠠᠷᠳᠠᠯ ᠭᠠᠷᠭᠠᠵᠤ᠂ ᠬᠠᠷᠰᠢ ᠰᠠᠭᠠᠳ ᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠤᠣᠷ ᠬᠥᠨᠥᠭᠡᠯ | ᠲᠠᠢ ᠠᠴᠠ ᠪᠢᠰᠢ ᠠᠰᠢᠭ ᠦᠭᠡᠢ ᠶᠤᠮ᠃ | ᠲᠣᠭᠠᠴᠢᠯᠠᠭᠰᠠᠨ ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠰᠢᠨ᠎ᠡ ᠬᠡᠯᠪᠡᠷᠢ ᠶᠢᠨ ᠲᠣᠭᠠᠴᠢᠯᠠᠭᠰᠠᠨ ᠰᠠᠭᠤᠷᠢ ᠲᠦᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ︽ᠲᠣᠭᠠᠴᠢᠯᠠᠯᠲᠠ ᠶᠢᠨ ᠵᠠᠪᠰᠡᠷ ᠵᠠᠭᠠᠭ︾ ᠢ ᠠᠷᠢᠯᠭᠠᠶ᠎ᠠ᠃ ᠳᠤᠮᠳᠠᠳᠤ ᠤᠯᠤᠰ ᠨᠢᠭᠡᠨᠲᠡ ︽ᠪᠦᠬᠦ | ᠪᠥᠮᠪᠥᠷᠴᠡᠭ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠠᠨᠠᠭᠠᠴᠢᠯᠠᠭ᠎ᠠ︾ ᠶᠢ ᠳᠤᠷᠠᠳᠪᠠ᠂ ᠪᠢᠳᠡ ᠡᠯ᠎ᠡ ᠲᠠᠯ᠎ᠠ ᠶᠢᠨ ᠬᠢᠨ ᠤ ᠬᠦᠰᠡᠯ ᠰᠠᠨᠠᠭ᠎ᠠ ᠶᠢ ᠲᠤᠰᠬᠠᠬᠤ | ᠂ ᠡᠯ᠎ᠡ ᠲᠠᠯ᠎ᠠ ᠶᠢᠨ ᠬᠢᠨ ᠤ ᠠᠰᠢᠭ ᠲᠤᠰᠠ ᠶᠢ ᠬᠦᠨᠳᠦᠳᠭᠡᠬᠦ ᠲᠣᠭᠠᠴᠢᠯᠠᠭᠰᠠᠨ ᠵᠠᠰᠠᠯᠲᠠ ᠶᠢᠨ ᠤᠯᠠᠨ ᠤᠯᠤᠰ ᠤᠨ ᠲᠦᠷᠢᠮ ᠢ ᠬᠠᠮᠲᠤ ᠪᠠᠷ ᠰᠤᠳᠤᠯᠤᠨ | ᠲᠣᠭᠲᠠᠭᠠᠵᠤ᠂ ᠨᠡᠭᠡᠭᠡᠯᠲᠡᠲᠡᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠬᠥᠭᠵᠢᠯᠲᠡ ᠶᠢᠨ ᠣᠷᠴᠢᠨ ᠨᠥᠬᠦᠴᠡᠯ ᠢ | ᠢᠳᠡᠪᠬᠢᠲᠡᠢ ᠪᠤᠢ ᠪᠣᠯᠭᠠᠵᠤ ᠪᠣᠯᠤᠨ᠎ᠠ᠃ ᠳᠤᠮᠳᠠᠳᠤ ᠤᠯᠤᠰ ᠲᠣᠭᠠᠴᠢᠯᠠᠭᠰᠠᠨ ᠠᠵᠤ ᠠᠬᠤᠶ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽ᠲᠣᠭᠠᠴᠢᠯᠠᠭᠰᠠᠨ ᠠᠵᠤ ᠠᠬᠤᠶ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠭᠤᠶᠤᠴᠢᠯᠠᠯ ᠭᠠᠷᠭᠠᠬᠤ ᠪᠠᠷ ᠨᠢᠭᠡᠨᠲᠡ | ᠲᠣᠭᠲᠠᠵᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠦᠴᠦ ᠪᠠᠨ ᠬᠠᠮᠲᠤᠳᠬᠠᠨ ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠪᠥᠭᠡᠳ ᠡᠮᠬᠢ ᠵᠢᠷᠤᠮ ᠲᠠᠢ | ᠬᠥᠭᠵᠢᠯᠲᠡ ᠶᠢ ᠠᠬᠢᠭᠤᠯᠤᠨ᠎ᠠ᠃ | ᠲᠠᠪᠤᠳᠤᠭᠠᠷ ᠲᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ᠂ ᠪᠣᠬᠢᠷᠲᠤᠯ ᠦᠭᠡᠢ ᠬᠦᠭᠵᠢᠯᠳᠡ ᠶᠢ ᠥᠨᠢᠳᠡ ᠡᠷᠬᠢᠮᠯᠠᠶᠡ᠃ ᠬᠤᠷᠢᠨ ᠤᠯᠤᠰ ᠤᠨ | ᠪᠥᠯᠥᠭᠯᠡᠯ ᠠᠳᠠᠯᠢ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ | ᠫᠠᠷᠢᠰ ᠤᠨ ᠬᠡᠯᠡᠯᠴᠡᠭᠡᠷ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ | ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠪᠣᠯᠤᠨ ︽ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠠᠮᠵᠢᠯᠲᠠ | ᠣᠯᠬᠤ ᠶᠢ ᠳᠡᠮᠵᠢᠪᠡᠯ ᠵᠣᠬᠢᠨ᠎ᠠ᠃ ᠬᠥᠭᠵᠢᠭᠰᠡᠨ ᠤᠯᠤᠰ ᠤᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠰᠠᠭᠤᠳᠠᠯ ᠤᠨ ᠲᠠᠯ᠎ᠠ ᠪᠠᠷ | ᠦᠯᠢᠭᠡᠷ ᠳᠠᠭᠤᠷᠢᠶᠠᠯ ᠦᠵᠡᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠣᠨᠴᠠᠭᠠᠢ ᠬᠦᠴᠢᠷᠳᠡᠯ ᠪᠠ ᠠᠩᠬᠠᠷᠤᠯ ᠢ ᠭᠦᠢᠴᠡᠳ ᠬᠠᠷᠠᠭᠠᠯᠵᠠᠨ᠂ ᠠᠭᠤᠷ | ᠠᠮᠢᠰᠬᠤᠯ ᠤᠨ ᠪᠡᠯᠡ ᠮᠦᠩᠭᠦ ᠴᠤᠭᠯᠠᠭᠤᠯᠬᠤ ᠠᠮᠠᠯᠠᠯᠲᠠ ᠪᠠᠨ ᠨᠠᠶᠢᠳᠠᠪᠤᠷᠢᠵᠢᠭᠤᠯᠬᠤ ᠶᠢᠨ ᠬᠠᠮᠲᠤ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ | ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠶ᠎ᠠ᠃ | ᠳᠤᠮᠳᠠᠳᠤ ᠤᠯᠤᠰ ᠢᠮᠠᠭᠲᠠ ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ | ᠠᠵᠤ ᠠᠬᠤᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ | ᠠᠵᠢᠯᠯᠠᠭ᠎ᠠ ᠶᠢᠨ ᠡᠷᠴᠢᠮ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ᠃ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ 2060 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ | ᠴᠢᠷᠮᠠᠶᠢᠨ᠎ᠠ᠃ ᠪᠢᠳᠡ ᠠᠮᠠᠯᠠᠯᠲᠠ ᠪᠠᠨ ᠪᠡᠶᠡᠯᠡᠭᠦᠯᠵᠦ᠂ ᠡᠯ᠎ᠡ ᠤᠯᠤᠰ ᠲᠠᠢ ᠭᠠᠷ ᠬᠤᠯᠪᠣᠯᠴᠠᠨ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠳᠤ᠂ ᠦᠷᠭᠦᠯᠵᠢᠯᠡᠬᠦ | ᠬᠥᠭᠵᠢᠯᠲᠡ ᠶᠢᠨ ᠵᠠᠮ ᠢᠶᠠᠷ ᠵᠠᠮᠨᠠᠨ᠎ᠠ᠃ | ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠦᠬᠡᠨ ᠳᠤ᠄ ︽ᠦᠨᠡᠨᠴᠢ ᠢᠲᠡᠭᠡᠮᠵᠢᠲᠡᠶ ᠬᠥᠮᠦᠨ ᠳᠡᠯᠡᠬᠡᠢ ᠳ᠋ᠠᠬᠢᠨ ᠤ ᠬᠦᠷᠢᠶᠡᠯᠡᠯ ᠢ ᠤᠯᠤᠮᠤᠢ︾ ᠬᠡᠵᠥ | ᠪᠠᠶᠢᠳᠠᠭ᠃ ᠳᠠᠷᠤᠶ ᠦᠨᠡᠨᠴᠢ ᠢᠲᠡᠭᠡᠮᠵᠢ ᠪᠣᠯ ᠳᠡᠯᠡᠬᠡᠶ ᠳ᠋ᠠᠬᠢᠨ ᠲᠠᠢ ᠨᠠᠶᠢᠵᠠᠯᠠᠬᠤ ᠶᠢᠨ ᠦᠨᠳᠦᠰᠦ ᠮᠥᠨ᠃ ᠳᠤᠮᠳᠠᠳᠤ ᠤᠯᠤᠰ ᠭᠠᠳᠠᠭᠰᠢ ᠨᠡᠭᠡᠭᠡᠯᠲᠡ ᠬᠢᠬᠦ | ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠨ᠂ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠪᠠ ᠳᠣᠲᠣᠭᠠᠳᠤ ᠬᠡᠷᠡᠭᠴᠡᠭᠡ ᠶᠢᠨ ᠳᠠᠯᠳᠠ | ᠬᠦᠴᠦᠨ ᠢ ᠪᠠᠳᠠᠷᠠᠭᠤᠯᠵᠤ᠂ ᠵᠢᠮ᠎ᠠ ᠶᠤᠰᠤ᠂ ᠲᠦᠷᠢᠮ ᠲᠤᠭᠳᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠬᠦᠴᠦᠯᠡᠨ | ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠴᠤᠭᠴᠠᠯᠠᠵᠤ᠂ ᠳᠤᠮᠳᠠᠳᠤ ᠭᠠᠳᠠᠭᠠᠳᠤ ᠶᠢᠨ ᠠᠵᠤ | ᠠᠬᠤᠶᠢᠯᠠᠯ ᠳᠤ ᠡᠷᠭᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠩᠭᠠᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠡᠯ᠎ᠡ ᠤᠯᠤᠰ ᠲᠤ | ᠨᠡᠩ ᠤᠯᠠᠨ ᠰᠢᠨ᠎ᠡ ᠠᠵᠠ ᠲᠣᠬᠢᠶᠠᠯ ᠣᠯᠭᠤᠵᠤ᠂ ᠳᠡᠯᠡᠬᠡᠢ ᠶᠢᠨ ᠠᠵᠤ ᠠᠬᠤᠢ ᠳᠤ ᠨᠡᠩ ᠤᠯᠠᠨ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠶᠢ ᠪᠢ ᠢᠲᠡᠭᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠡᠴᠦᠰ ᠲᠤ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠳᠤ ᠳᠡᠯᠡᠬᠡᠢ ᠶᠢᠨ ᠡᠯ᠎ᠡ ᠤᠯᠤᠰ ᠤᠨ | ᠴᠥᠬᠦᠷᠡᠰᠢ ᠦᠭᠡᠢ ᠴᠢᠷᠮᠠᠶᠢᠯᠭ᠎ᠠ ᠱᠠᠭᠠᠷᠳᠠᠭᠳᠠᠨ᠎ᠠ᠃ ᠬᠤᠯᠠ ᠬᠡᠮᠡᠨ ᠪᠦᠦ ᠴᠦᠬᠦ ᠶᠠᠪᠤᠪᠠᠰᠤ ᠬᠦᠷᠦᠮᠦᠢ᠃ ᠪᠢᠳᠡ ᠪᠦᠯᠬᠦᠮᠳᠡᠵᠡᠭᠡᠵᠦ᠂ ᠬᠢᠵᠢᠭ ᠤᠨ ᠪᠠᠶᠢᠳᠠᠯ ᠤᠨ | ᠬᠦᠳᠡᠩ ᠮᠠᠨᠠᠨ ᠢ ᠡᠷᠲᠡᠬᠡᠨ ᠰᠠᠷᠨᠢᠭᠤᠯᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠣᠯᠴᠠᠨ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ᠃ | ᠲᠦᠷᠦᠭᠦᠴᠦᠳ ᠤᠨ ᠬᠤᠷᠠᠯ ᠢ ᠬᠤᠷᠢᠨ ᠤᠯᠤᠰ ᠤᠨ ᠪᠥᠯᠥᠭᠯᠡᠯ ᠤᠨ ᠲᠡᠷᠢᠭᠦᠯᠡᠭᠴᠢ ᠤᠯᠤᠰ ᠢᠲ᠋ᠠᠯᠢ ᠶᠢᠨ ᠶᠡᠷᠦᠩᠬᠡᠶ ᠰᠠᠶᠢᠳ ᠳ᠋ᠧᠯᠠᠵᠢ ᠡᠷᠭᠢᠯᠡᠪᠡ᠃ ᠬᠤᠷᠢᠨ | ᠤᠯᠤᠰ ᠤᠨ ᠪᠥᠯᠥᠭᠯᠡᠯ ᠤᠨ ᠪᠦᠷᠢᠯᠳᠦᠬᠦᠨ ᠤᠳᠤᠷᠢᠳᠬᠤ ᠬᠥᠮᠦᠰ᠂ ᠵᠣᠴᠢᠨ ᠤᠯᠤᠰ ᠤᠨ ᠤᠳᠤᠷᠢᠳᠬᠤ ᠬᠥᠮᠦᠰ ᠵᠢᠴᠢ ᠬᠤᠯᠪᠣᠭᠳᠠᠯ ᠪᠦᠬᠦᠢ ᠤᠯᠠᠨ ᠤᠯᠤᠰ ᠤᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠬᠤ ᠬᠡᠯᠪᠡᠷᠢ ᠪᠠᠷ ᠬᠤᠷᠠᠯ ᠳᠤ | ᠣᠷᠣᠯᠴᠠᠪᠠ᠃ | ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠲᠡᠷᠢᠭᠦᠯᠡᠭᠴᠢ ᠰᠢ ᠶᠢᠨ ᠫᠢᠩ ᠤᠨ ᠣᠨᠴᠠ | ᠲᠥᠯᠥᠭᠡᠯᠡᠭᠴᠢ ᠶᠢᠨ ᠬᠤᠪᠢ ᠪᠠᠷ ᠢᠲ᠋ᠠᠯᠢ ᠶᠢᠨ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠪᠠ᠃ | | |