ᠨᠢᠭᠡ᠂ ᠲᠣᠭᠲᠠᠭᠠᠭᠰᠠᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ ᠶᠢᠨ ᠬᠢᠨ ᠭᠠᠯ ᠢ | ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠴᠢᠳᠠᠪᠤᠷᠢ ᠶᠢ ᠢᠯᠡᠳᠲᠡ | ᠳᠡᠭᠡᠭᠰᠢᠯᠡᠭᠦᠯᠦᠨ᠂ ᠭᠠᠯ ᠤᠨ ᠭᠠᠮᠰᠢᠭ ᠤᠨ ᠶᠡᠷᠦᠩᠬᠡᠶ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ ᠪᠥᠬᠦ ᠣᠷᠣᠨ ᠤ ᠨᠡᠶᠢᠭᠡᠮ ᠤᠨ ᠠᠮᠤᠷ ᠲᠣᠭᠲᠠᠭᠤᠨ ᠡᠶ᠎ᠡ | ᠵᠣᠬᠢᠴᠠᠯ ᠢ ᠪᠠᠲᠤᠯᠠᠬᠤ᠂ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠨᠢᠭᠡᠳᠦᠭᠡᠷ ᠵᠠᠭᠤᠨ | ᠵᠢᠯ ᠤᠨ ᠬᠠᠷᠠᠯᠲᠠ ᠶᠢ ᠪᠡᠶᠡᠯᠡᠭᠦᠯᠦᠭᠰᠡᠨ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠨ ᠤ ᠲᠠᠪᠤᠨ ᠵᠢᠯ ᠮᠥᠷᠲᠡᠭᠡᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ | ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠤᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠶ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠢ ᠣᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠲᠤᠬᠠᠶ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠬᠢᠭᠡᠳ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ᠂ ᠡᠯ᠎ᠡ ᠲᠥᠷᠥᠯ ᠤᠨ ᠭᠠᠮᠰᠢᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂ ᠡᠭᠡ ᠤᠯᠤᠰ ᠤᠨ ᠤᠮᠠᠷᠠᠲᠤ | ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ | ᠲᠥᠯᠥᠪᠵᠢᠭᠦᠯᠭᠡ ᠨᠢ ᠪᠦᠲᠦᠴᠡ ᠶᠢᠨ ᠲᠠᠯ᠎ᠠ ᠪᠠᠷ ᠴᠠᠭ ᠤᠨ ᠪᠠᠶᠢᠳᠠᠯ ᠤᠨ ᠵᠠᠳᠠᠯᠤᠯᠲᠠ᠂ ᠶᠡᠷᠦᠩᠬᠡᠶ ᠰᠡᠳᠬᠢᠮᠵᠢ᠂ ᠭᠤᠤᠯ ᠡᠭᠦᠷᠭᠡ᠂ ᠴᠢᠬᠤᠯᠠ ᠶᠡᠭᠡ | ᠢᠨᠵᠧᠨᠧᠷᠢᠩ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠳᠠᠭᠠᠯᠳᠤᠭᠤᠯᠤᠯ ᠬᠡᠰᠡᠭ ᠢᠶᠠᠷ ᠪᠦᠷᠢᠯᠳᠦᠪᠡ᠃ | ᠨᠢᠭᠡᠳᠦᠭᠡᠷ ᠪᠦᠯᠦᠭ ᠨᠢ ᠴᠠᠭ ᠤᠨ ᠪᠠᠶᠢᠳᠠᠯ ᠤᠨ ᠵᠠᠳᠠᠯᠤᠯᠲᠠ ᠪᠠᠶᠢᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠮᠠᠨ ᠤ ᠣᠷᠣᠨ ᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠤᠨ ᠣᠯᠤᠭᠰᠠᠨ ᠭᠤᠤᠯ ᠦᠷ᠎ᠡ ᠪᠦᠲᠦᠮᠵᠢ ᠶᠢ ᠡᠷᠭᠢᠴᠡᠭᠦᠯᠵᠦ᠂ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠠᠵᠢᠯ ᠳᠤ ᠲᠤᠯᠭᠠᠷᠠᠭᠰᠠᠨ ᠥᠷᠢᠰᠥᠯᠳᠦᠭᠡᠨ ᠪᠠ ᠠᠵᠠ | ᠲᠣᠬᠢᠶᠠᠯ ᠢ ᠵᠠᠳᠠᠯᠪᠠ᠃ | ᠬᠤᠶᠠᠳᠤᠭᠠᠷ ᠪᠦᠯᠦᠭ ᠨᠢ ᠶᠡᠷᠦᠩᠬᠡᠶ ᠰᠡᠳᠬᠢᠮᠵᠢ ᠪᠠᠶᠢᠵᠤ᠂ ᠮᠠᠨ ᠤ ᠣᠷᠣᠨ ᠤ ᠬᠤᠶᠢᠰᠢᠳᠠ ᠶᠢᠨ ᠲᠠᠪᠤᠨ ᠵᠢᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ | ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠤᠨ ᠭᠤᠣᠯ ᠬᠠᠷᠠᠯᠲᠠ ᠶᠢ ᠲᠣᠳᠣᠷᠬᠠᠶᠢᠯᠠᠨ ᠥᠭᠦᠯᠡᠪᠡ᠃ | ᠭᠤᠷᠪᠠᠳᠤᠭᠠᠷ ᠪᠦᠯᠦᠭ ᠨᠢ ᠭᠤᠣᠯ ᠡᠭᠦᠷᠭᠡ ᠪᠠᠶᠢᠵᠤ᠂ ᠲᠤᠯᠤᠭᠠᠨ ᠬᠡᠰᠡᠭ ᠬᠤᠪᠢᠶᠠᠪᠠ᠄ | ᠨᠢᠭᠡᠳᠦᠭᠡᠷ ᠬᠡᠰᠡᠭ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠭᠡᠰᠡᠨ ᠬᠤᠶᠠᠷ ᠬᠡᠰᠡᠭ ᠢᠶᠠᠷ ᠪᠦᠷᠢᠯᠳᠦᠪᠡ᠃ ᠭᠠᠯ ᠢ ᠰᠡᠷᠭᠡᠶᠢᠯᠡᠬᠦ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠪᠠᠶᠢᠭᠤᠯᠤᠯᠲᠠ ᠶᠢᠨ ᠡᠭᠦᠷᠭᠡ ᠶᠢ | ᠲᠣᠳᠣᠷᠬᠠᠶᠢᠯᠠᠵᠤ᠂ ᠵᠠᠰᠠᠭ ᠤᠨ ᠣᠷᠳᠣᠨ᠂ ᠠᠵᠢᠯ ᠲᠥᠷᠥᠯ ᠤᠨ ᠰᠠᠯᠠᠭ᠎ᠠ ᠮᠥᠴᠢᠷ᠂ ᠨᠡᠶᠢᠭᠡᠮ ᠨᠢᠭᠡᠴᠢ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠬᠤᠶᠠᠳᠤᠭᠠᠷ ᠬᠡᠰᠡᠭ ᠨᠢ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠢ ᠠᠭᠤᠯᠭ᠎ᠠ ᠪᠠᠶᠢᠵᠤ᠂ ᠭᠠᠯ ᠢ | ᠰᠡᠷᠭᠡᠶᠢᠯᠡᠬᠦ ᠶᠢ ᠨᠠᠷᠢᠯᠢᠭ ᠣᠨᠣᠴᠠᠲᠠᠶ ᠵᠠᠰᠠᠯᠲᠠ ᠶᠢ ᠴᠢᠩᠭᠠᠳᠬᠠᠬᠤ᠂ ᠭᠠᠯ ᠢ ᠰᠡᠷᠭᠡᠶᠢᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠬᠦ᠂ | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠭᠤᠷᠪᠠᠨ ᠲᠠᠯ᠎ᠠ ᠠᠴᠠ ᠡᠭᠦᠷᠭᠡ ᠲᠣᠭᠲᠠᠭᠠᠪᠠ᠃ ᠭᠤᠣᠯᠳᠠᠯᠭ᠎ᠠ ᠲᠠᠢ ᠬᠦᠷᠢᠶᠡᠨ ᠳᠠᠬᠢ | ᠲᠤᠰᠬᠠᠶ ᠵᠠᠰᠠᠯᠲᠠ ᠶᠢ ᠰᠠᠶᠢᠲᠤᠷ ᠠᠳᠬᠤᠵᠤ᠂ ᠭᠠᠯ ᠢ ᠰᠡᠷᠭᠡᠶᠢᠯᠡᠬᠦ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠶ᠂ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ᠂ ᠲᠥᠪ ᠭᠤᠣᠯᠴᠢ ᠪᠥᠭᠡᠳ ᠢᠯᠡ ᠲᠣᠳᠣ ᠭᠠᠯ ᠢ ᠰᠡᠷᠭᠡᠶᠢᠯᠡᠬᠦ ᠬᠢᠨᠠᠯᠲᠠ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠠᠯ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠭᠤᠷᠪᠠᠳᠤᠭᠠᠷ ᠬᠡᠰᠡᠭ ᠨᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠬᠦᠴᠦᠨ ᠤ ᠲᠣᠭᠲᠠᠯᠴᠠᠭ᠎ᠠ ᠶᠢ ᠪᠠᠶᠢᠭᠤᠯᠬᠤ ᠲᠤᠬᠠᠢ ᠠᠭᠤᠯᠭ᠎ᠠ ᠪᠠᠶᠢᠵᠤ᠂ ᠤᠯᠤᠰ ᠤᠨ | ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠵᠦᠢᠯ ᠤᠨ ᠬᠡᠯᠪᠡᠷᠢ ᠶᠢᠨ ᠭᠠᠯ ᠢ ᠰᠡᠷᠭᠡᠶᠢᠯᠡᠬᠦ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ᠂ ᠣᠶᠢᠲᠤ ᠣᠷᠣᠨ ᠬᠤᠳᠠ ᠪᠠᠯᠭᠠᠰᠤᠨ ᠤ ᠭᠠᠯ ᠢ ᠰᠡᠷᠭᠡᠶᠢᠯᠡᠬᠦ ᠡᠩᠨᠡᠭᠡ ᠶᠢ ᠥᠭᠡᠷᠡᠴᠢᠯᠡᠨ ᠪᠠᠶᠢᠭᠤᠯᠵᠤ ᠬᠦᠯᠢᠶᠡᠨ ᠠᠪᠬᠤ ᠶᠢ | ᠪᠡᠶᠡᠯᠡᠭᠦᠯᠬᠦ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ ᠪᠣᠳᠠᠲᠤ ᠪᠠᠶᠢᠯᠳᠤᠭᠠᠨ ᠪᠣᠳᠠᠲᠤ ᠰᠤᠷᠭᠠᠭᠤᠯᠢᠯᠠᠯ ᠢ ᠴᠢᠩᠭᠠᠳᠬᠠᠬᠤ᠂ ᠭᠠᠯ ᠢ ᠰᠡᠷᠭᠡᠶᠢᠯᠡᠵᠦ | ᠠᠪᠤᠷᠠᠨ ᠲᠤᠰᠠᠯᠠᠬᠤ ᠶᠢᠨ ᠲᠤᠬᠢᠷᠠᠭᠤᠯᠤᠯᠲᠠ ᠵᠢᠯᠤᠭᠤᠳᠤᠯᠭ᠎ᠠ ᠶᠢ ᠴᠢᠩᠭᠠᠳᠬᠠᠬᠤ ᠵᠡᠷᠭᠡ 6 ᠲᠠᠯ᠎ᠠ ᠶᠢᠨ ᠡᠭᠦᠷᠭᠡ ᠬᠤᠪᠢᠶᠠᠪᠠ᠃ ᠪᠥᠬᠦ ᠣᠷᠣᠨ ᠳᠤ ᠭᠠᠯ ᠢ | ᠰᠡᠷᠭᠡᠶᠢᠯᠡᠵᠦ ᠠᠪᠤᠷᠠᠨ ᠲᠤᠰᠠᠯᠠᠬᠤ 85 ᠥᠷᠲᠡᠭᠡ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠥᠬᠡᠬᠤᠲᠠ ᠳᠤ 27᠂ ᠪᠤᠭᠤᠲᠤ ᠬᠤᠲᠠ ᠳᠤ | 12᠂ ᠬᠥᠯᠥᠨ ᠪᠤᠶᠢᠷ ᠬᠤᠲᠠ ᠳᠤ 19᠂ ᠬᠢᠩᠭᠠᠨ ᠠᠶᠢᠮᠠᠭ ᠲᠤ 1᠂ ᠲᠦᠩᠯᠢᠶᠣᠤ ᠬᠤᠲᠠ ᠳᠤ 3᠂ ᠤᠯᠠᠭᠠᠨᠬᠠᠳᠠ ᠬᠤᠲᠠ ᠳᠤ 2᠂ ᠰᠢᠯᠢ ᠶᠢᠨ ᠭᠤᠤᠯ | ᠠᠶᠢᠮᠠᠭ ᠲᠤ 3᠂ ᠤᠯᠠᠭᠠᠨᠴᠠᠪ ᠬᠤᠲᠠ ᠳᠤ 3᠂ ᠣᠷᠳᠣᠰ ᠬᠤᠲᠠ ᠳᠤ 6᠂ ᠪᠠᠶᠠᠨᠨᠠᠭᠤᠷ ᠬᠤᠲᠠ ᠳᠤ 4᠂ ᠦᠬᠠᠶ ᠬᠤᠲᠠ ᠳᠤ 4᠂ ᠠᠯᠠᠱᠠ ᠠᠶᠢᠮᠠᠭ ᠲᠤ 1 | ᠪᠣᠶ︔ ᠰᠤᠷᠭᠠᠭᠤᠯᠢᠯᠠᠯ ᠤᠨ ᠰᠠᠭᠤᠷᠢᠨ ᠢ 6 ᠪᠠᠶᠢᠭᠤᠯᠵᠤ᠂ ᠰᠤᠷᠭᠠᠭᠤᠯᠢᠯᠠᠯ ᠤᠨ ᠪᠡᠯᠡᠳᠬᠡᠮᠵᠢ ᠶᠢ 300 ᠰᠢᠬᠠᠮ ᠪᠠᠶᠢᠭᠤᠯᠤᠨ᠎ᠠ︔ ᠵᠠᠰᠠᠭ ᠤᠨ ᠣᠷᠳᠣᠨ ᠤ | ᠭᠠᠯ ᠢ ᠰᠡᠷᠭᠡᠶᠢᠯᠡᠬᠦ ᠲᠤᠰᠬᠠᠶ ᠡᠩᠨᠡᠭᠡ ᠶᠢ 253 ᠪᠠᠶᠢᠭᠤᠯᠵᠤ᠂ ᠵᠠᠰᠠᠭ ᠤᠨ ᠣᠷᠳᠣᠨ ᠤ ᠭᠠᠯ ᠢ ᠰᠡᠷᠭᠡᠶᠢᠯᠡᠬᠦ ᠲᠤᠰᠬᠠᠶ ᠥᠷᠲᠡᠭᠡᠨ ᠤ ᠭᠡᠰᠢᠭᠦᠨ ᠢ 3100 ᠭᠠᠷᠤᠶ | ᠬᠥᠮᠦᠨ᠂ ᠭᠠᠯ ᠢ ᠰᠡᠷᠭᠡᠶᠢᠯᠡᠬᠦ ᠪᠢᠴᠢᠭ ᠤᠨ ᠠᠵᠢᠯᠲᠠᠨ 600 ᠭᠠᠷᠤᠶ ᠬᠥᠮᠦᠨ ᠡᠯᠰᠡᠨ᠎ᠡ︔ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ | ᠳᠣᠣᠷᠠᠬᠢ ︽ᠨᠢᠭᠡᠳᠦᠯᠲᠡᠶ ᠵᠢᠯᠣᠭᠤᠳᠴᠤ᠂ ᠱᠠᠳᠤ ᠬᠤᠪᠢᠶᠠᠨ ᠬᠠᠷᠢᠭᠤᠴᠠᠬᠤ︾ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠢᠨ ᠲᠣᠬᠢᠷᠠᠭᠤᠯᠤᠨ ᠵᠢᠯᠣᠭᠤᠳᠬᠤ | ᠲᠣᠭᠲᠠᠯᠴᠠᠭ᠎ᠠ ᠶᠢ ᠪᠠᠶᠢᠭᠤᠯᠤᠨ᠎ᠠ᠃ | ᠳᠥᠷᠪᠡᠳᠦᠭᠡᠷ ᠬᠡᠰᠡᠭ ᠨᠢ ᠲᠠᠶᠢᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠭᠤᠯᠭ᠎ᠠ ᠪᠠᠶᠢᠵᠤ᠂ ᠣᠳᠣᠬᠢᠴᠢᠯᠠᠭᠰᠠᠨ | ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢ ᠲᠤᠬᠢᠷᠠᠭᠤᠯᠬᠤ᠂ ᠲᠠᠶᠢᠨ ᠤ ᠦᠢᠯᠡᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠣᠳᠠᠰ ᠢ ᠬᠠᠳᠠᠭᠠᠯᠠᠵᠤ ᠵᠥᠭᠡᠭᠡᠪᠦᠷᠢᠯᠡᠨ ᠠᠰᠢᠭᠯᠠᠯᠲᠠ ᠳᠤ | ᠣᠷᠣᠭᠤᠯᠬᠤ ᠶᠢ ᠴᠢᠩᠭᠠᠳᠬᠠᠬᠤ᠂ ᠴᠢᠳᠠᠪᠤᠷᠢᠲᠠᠨ ᠤ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠦᠷᠪᠡᠨ ᠲᠠᠯ᠎ᠠ ᠠᠴᠠ ᠡᠭᠦᠷᠭᠡ ᠶᠢ ᠲᠣᠭᠲᠠᠭᠠᠪᠠ᠃ | ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠲᠡᠷᠭᠡ ᠶᠢ 1000 ᠰᠢᠬᠠᠮ ᠰᠢᠨ᠎ᠡ ᠪᠠᠷ ᠨᠡᠮᠡᠭᠳᠡᠭᠦᠯᠵᠦ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠯ᠎ᠡ ᠵᠦᠢᠯ ᠤᠨ | ᠪᠠᠭᠠᠵᠢ ᠬᠡᠷᠡᠭᠰᠡᠯ ᠢ 40 ᠭᠠᠷᠤᠶ ᠲᠦᠮᠡ ᠬᠤᠳᠠᠯᠳᠤᠨ ᠠᠪᠴᠤ᠂ ᠭᠠᠯ ᠢ ᠰᠡᠷᠭᠡᠶᠢᠯᠡᠬᠦ ᠤᠨᠲᠠᠷᠠᠭᠠᠭᠤᠷ ᠢ 3000 ᠭᠠᠷᠤᠶ ᠲᠣᠨ ᠲᠣᠬᠢᠷᠠᠭᠤᠯᠤᠨ᠎ᠠ︔ ᠥᠪᠡᠷᠲᠡᠭᠡᠨ | ᠵᠠᠰᠠᠬᠤ ᠣᠷᠣᠨ ᠤ ᠳᠠᠶᠢᠨ ᠤ ᠦᠢᠯᠡᠴᠢᠯᠡᠭᠡᠨ ᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠬᠥᠮᠥᠷᠭᠡ 1 ᠪᠠ ᠠᠶᠢᠮᠠᠭ ᠬᠤᠲᠠ ᠶᠢᠨ ᠳᠡᠰ ᠤᠨ ᠳᠠᠶᠢᠨ ᠤ ᠦᠢᠯᠡᠴᠢᠯᠡᠭᠡᠨ ᠤ | ᠪᠠᠲᠤᠯᠠᠭ᠎ᠠ ᠶᠢᠨ ᠰᠠᠭᠤᠷᠢᠨ ᠭᠠᠵᠠᠷ ᠢ 5 ᠪᠠᠶᠢᠭᠤᠯᠵᠤ᠂ ᠣᠷᠣᠨ ᠪᠦᠰᠡ ᠶᠢᠨ ︽1+5+12+N︾ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠡᠳ᠋ ᠪᠠᠷᠠᠭ᠎ᠠ ᠶᠢᠨ ᠨᠥᠭᠡᠴᠡᠯᠡᠨ ᠪᠠᠲᠤᠯᠠᠬᠤ ᠰᠦᠯᠵᠢᠶ᠎ᠡ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠨᠥᠭᠡᠴᠡ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠳ᠋ ᠪᠠᠷᠠᠭ᠎ᠠ ᠨᠥᠭᠡᠴᠡᠯᠡᠬᠦ ᠪᠠ ᠲᠡᠷᠭᠡ ᠬᠥᠰᠬᠡ ᠲᠣᠨᠤᠭ ᠲᠥᠬᠦᠭᠡᠷᠦᠮᠵᠢ ᠳᠣᠭᠢᠷᠠᠭᠤᠯᠬᠤ ᠪᠠᠷᠢᠮᠵᠢᠶ᠎ᠠ ᠶᠢ ᠱᠠᠲᠤ ᠲᠥᠷᠥᠯ | ᠬᠤᠪᠢᠶᠠᠨ ᠨᠠᠶᠢᠳᠠᠪᠤᠷᠢᠵᠢᠭᠤᠯᠤᠨ᠎ᠠ︔ ᠥᠨᠳᠥᠷ ᠬᠡᠪ ᠴᠢᠨᠠᠷ ᠪᠦᠬᠦᠢ ᠵᠠᠭᠤ ᠭᠠᠷᠤᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | ᠲᠠᠪᠤᠳᠤᠭᠠᠷ ᠬᠡᠰᠡᠭ ᠨᠢ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠷᠠᠭᠤᠯᠬᠤ ᠲᠤᠬᠠᠢ ᠠᠭᠤᠯᠭ᠎ᠠ ᠪᠠᠶᠢᠵᠤ᠂ ᠭᠠᠯ ᠢ | ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠ ᠬᠡᠷᠡᠭᠵᠢᠭᠦᠯᠬᠦ ᠶᠢ ᠴᠢᠩᠭᠠᠳᠬᠠᠬᠤ᠂ ᠤᠯᠠᠨ ᠨᠡᠶᠢᠲᠡ ᠶᠢᠨ ᠭᠠᠯ ᠢ ᠰᠡᠷᠭᠡᠶᠢᠯᠡᠬᠦ ᠰᠠᠭᠤᠷᠢ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠬᠤ ᠬᠤᠶᠠᠷ ᠬᠡᠰᠡᠭ ᠢᠶᠠᠷ ᠪᠦᠷᠢᠯᠳᠦᠪᠡ᠃ ᠬᠤᠲᠠ ᠬᠥᠳᠡᠭᠡ ᠶᠢᠨ ᠭᠠᠯ ᠢ ᠰᠡᠷᠭᠡᠶᠢᠯᠡᠬᠦ ᠠᠮᠤᠷ | ᠲᠦᠪᠰᠢᠨ ᠤ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠥᠷᠲᠡᠭᠡ᠂ ᠭᠠᠯ ᠢ ᠰᠡᠷᠭᠡᠶᠢᠯᠡᠬᠦ ᠲᠡᠷᠭᠡᠨ ᠤ ᠨᠡᠪᠲᠡᠷᠡᠬᠦ | ᠵᠠᠮ᠂ ᠭᠠᠯ ᠢ ᠰᠡᠷᠭᠡᠶᠢᠯᠡᠬᠦ ᠤᠰᠤᠨ ᠰᠤᠷᠪᠤᠯᠵᠢ᠂ ᠭᠠᠯ ᠢ ᠰᠡᠷᠭᠡᠶᠢᠯᠡᠬᠦ ᠴᠢᠮᠡᠭᠡ ᠬᠤᠯᠪᠣᠭ᠎ᠠ ᠪᠣᠯᠤᠨ ᠭᠠᠯ ᠢ ᠰᠡᠷᠭᠡᠶᠢᠯᠡᠬᠦ ᠰᠤᠷᠭᠠᠭᠤᠯᠢᠯᠠᠯ ᠤᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠵᠤ᠂ ᠣᠯᠠᠨ ᠨᠡᠶᠢᠲᠡ ᠶᠢᠨ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠤᠲᠠ ᠶᠢᠨ ᠭᠠᠯ ᠢ ᠰᠡᠷᠭᠡᠶᠢᠯᠡᠬᠦ ᠲᠡᠷᠭᠡᠨ ᠤ ᠨᠡᠪᠲᠡᠷᠡᠬᠦ ᠵᠠᠮ ᠤᠨ ᠲᠦᠭᠵᠢᠷᠡᠯ ᠢ | ᠰᠢᠢᠳᠪᠦᠷᠢᠯᠡᠵᠦ᠂ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠷ ᠢ 11141᠂ ᠭᠠᠯ ᠢ ᠰᠡᠷᠭᠡᠶᠢᠯᠡᠬᠦ ᠭᠤᠭᠤᠵᠢᠭᠤᠷ ᠢ 1078 ᠰᠢᠨ᠎ᠡ ᠪᠠᠷ ᠪᠠᠶᠢᠭᠤᠯᠤᠨ᠎ᠠ᠃ | ᠵᠢᠷᠭᠤᠳᠤᠭᠠᠷ ᠬᠡᠰᠡᠭ ᠨᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ | ᠠᠭᠤᠯᠭ᠎ᠠ ᠪᠠᠶᠢᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ | ᠴᠢᠳᠠᠪᠤᠷᠢ ᠶᠢ ᠴᠢᠩᠭᠠᠷᠠᠭᠤᠯᠬᠤ ᠭᠤᠷᠪᠠᠨ ᠲᠠᠯ᠎ᠠ ᠶᠢᠨ ᠡᠭᠦᠷᠭᠡ ᠶᠢ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ᠂ | ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠳᠤ ᠠᠭᠤᠰᠤᠯᠴᠠᠭᠤᠯᠤᠨ᠂ ᠭᠠᠯ ᠢ | ᠰᠡᠷᠭᠡᠶᠢᠯᠡᠬᠦ ᠮᠡᠳᠡᠭᠡ ᠵᠠᠩᠭᠢᠵᠢᠯᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠯ ᠢ ᠰᠡᠷᠭᠡᠶᠢᠯᠡᠬᠦ ᠲᠤᠭ᠎ᠠ | ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠪᠥᠲᠥᠭᠡᠨ ᠪᠠᠶᠢᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠨᠤᠭ ᠲᠥᠬᠦᠭᠡᠷᠦᠮᠵᠢ ᠶᠢ ᠪᠦᠷᠢᠨ ᠭᠦᠢᠴᠡᠳ | ᠳᠣᠭᠢᠷᠠᠭᠤᠯᠤᠨ ᠬᠦᠴᠦᠷᠬᠡᠭᠵᠢᠭᠦᠯᠦᠨ᠎ᠡ᠃ | ᠳᠣᠯᠣᠳᠤᠭᠠᠷ ᠬᠡᠰᠡᠭ ᠨᠢ ᠨᠡᠶᠢᠲᠡ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ ᠲᠤᠬᠠᠢ ᠠᠭᠤᠯᠭ᠎ᠠ ᠪᠠᠶᠢᠵᠤ᠂ ᠭᠠᠯ ᠢ | ᠰᠡᠷᠭᠡᠶᠢᠯᠡᠬᠦ ᠤᠬᠠᠭᠤᠯᠭ᠎ᠠ ᠶᠢᠨ ᠪᠠᠬᠢᠯᠡᠯᠲᠡ ᠶᠢ ᠬᠦᠴᠦᠷᠬᠡᠭᠵᠢᠭᠦᠯᠦᠨ ᠪᠠᠶᠢᠭᠤᠯᠵᠤ᠂ ᠭᠠᠯ ᠢ ᠰᠡᠷᠭᠡᠶᠢᠯᠡᠬᠦ ᠬᠥᠮᠦᠵᠢᠯ ᠰᠤᠷᠭᠠᠭᠤᠯᠢᠯᠠᠯ ᠢ ᠴᠢᠩᠭᠠᠳᠬᠠᠬᠤ᠂ ᠭᠠᠯ ᠢ | ᠰᠡᠷᠭᠡᠶᠢᠯᠡᠬᠦ ᠰᠣᠶᠣᠯ ᠤᠨ ᠬᠥᠮᠦᠵᠢᠯ ᠢ ᠠᠬᠢᠭᠤᠯᠬᠤ ᠭᠤᠷᠪᠠᠨ ᠠᠭᠤᠯᠭ᠎ᠠ ᠶᠢ ᠪᠠᠭᠲᠠᠭᠠᠨ᠎ᠠ᠃ ᠡᠯ᠎ᠡ ᠱᠠᠲᠤᠨ ᠤ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ᠂ ᠭᠠᠯ ᠢ ᠰᠡᠷᠭᠡᠶᠢᠯᠡᠬᠦ ᠰᠡᠳᠦᠪᠲᠦ ᠴᠡᠴᠡᠷᠯᠢᠭ ︵ᠰᠣᠶᠣᠯ ᠤᠨ ᠲᠠᠯᠠᠪᠠᠢ᠂ ᠵᠡᠭᠡᠯᠢ ᠲᠣᠭᠤᠷᠢᠭ︶ ᠤᠨ | ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠵᠠᠭᠤᠴᠢᠯᠠᠭᠤᠷ ᠤᠨ ᠪᠠᠬᠢᠯᠡᠯᠲᠡ ᠪᠣᠯᠤᠨ ᠬᠠᠮ ᠵᠠᠭᠤᠴᠢᠯᠠᠭᠤᠷ ᠤᠨ ᠲᠥᠪ ᠤᠨ ᠪᠥᠳᠥᠭᠡᠨ ᠪᠠᠶᠢᠭᠤᠯᠤᠯᠲᠠ ᠶᠢ | ᠴᠢᠩᠭᠠᠳᠬᠠᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠠᠷᠠᠳ ᠤᠨ ᠬᠡᠪ ᠴᠢᠨᠠᠷ ᠤᠨ ᠬᠥᠮᠦᠵᠢᠯ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠰᠢᠨᠵᠢᠯᠡᠬᠦ | ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠰᠤᠷᠭᠠᠭᠤᠯᠢᠯᠠᠯ ᠵᠡᠷᠭᠡ ᠬᠥᠮᠦᠵᠢᠯ ᠤᠨ | ᠲᠣᠭᠲᠠᠯᠴᠠᠭ᠎ᠠ ᠳᠤ ᠣᠷᠣᠭᠤᠯᠤᠨ᠎ᠠ᠃ | ᠳᠥᠷᠪᠡᠳᠦᠭᠡᠷ ᠪᠦᠯᠦᠭ ᠨᠢ ᠴᠢᠬᠤᠯᠠ ᠶᠡᠭᠡ ᠢᠨᠵᠧᠨᠧᠷᠢᠩ ᠪᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ 6 | ᠴᠢᠬᠤᠯᠠ ᠶᠡᠭᠡ ᠢᠨᠵᠧᠨᠧᠷᠢᠩ ᠢ ᠲᠣᠳᠣᠷᠬᠠᠶᠢᠯᠠᠪᠠ᠃ | ᠨᠢᠭᠡᠳᠦᠭᠡᠷ ᠵᠦᠢᠯ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠪᠠᠶᠢᠵᠤ᠂ ᠭᠠᠯ ᠢ ᠰᠡᠷᠭᠡᠶᠢᠯᠡᠬᠦ ᠠᠮᠤᠷ | ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠠᠵᠢᠯ ᠲᠥᠷᠥᠯ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠥᠷᠨᠢᠭᠦᠯᠵᠦ᠂ ᠨᠢᠭᠡᠴᠢ ᠨᠡᠶᠢᠭᠡᠮ ᠲᠣᠭᠤᠷᠢᠭ ᠤᠨ ᠭᠠᠯ ᠢ ᠰᠡᠷᠭᠡᠶᠢᠯᠡᠬᠦ ᠠᠮᠤᠷ | ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ | ᠭᠠᠯ ᠢ ᠰᠡᠷᠭᠡᠶᠢᠯᠡᠬᠦ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠶᠠᠳᠤᠭᠠᠷ ᠵᠦᠢᠯ ᠨᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠲᠤᠰᠬᠠᠶ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠢᠨᠵᠧᠨᠧᠷᠢᠩ | ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠡᠯᠡᠳᠬᠡᠯ ᠰᠠᠯᠪᠤᠷᠢ ᠠᠩᠭᠢ ᠳᠤ | ᠬᠠᠷᠢᠶᠠᠯᠠᠭᠳᠠᠬᠤ 8 ᠲᠤᠰᠬᠠᠶ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠡᠩᠨᠡᠭᠡ ᠶᠢᠨ ᠠᠪᠤᠷᠠᠨ ᠲᠤᠰᠠᠯᠠᠬᠤ | ᠴᠢᠳᠠᠪᠤᠷᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠥᠷᠨᠢᠭᠦᠯᠦᠨ᠂ ︽1+12+N︾ ᠣᠷᠣᠨ ᠪᠦᠰᠡ ᠠᠯᠤᠰᠯᠠᠭᠰᠠᠨ ᠪᠠᠶᠢᠯᠳᠤᠭᠠᠨ ᠤ ᠲᠣᠭᠲᠠᠯᠴᠠᠭ᠎ᠠ ᠶᠢ | ᠪᠦᠷᠢᠯᠳᠦᠭᠦᠯᠦᠨ᠎ᠡ᠃ | ᠭᠤᠷᠪᠠᠳᠤᠭᠠᠷ ᠵᠦᠢᠯ ᠨᠢ ᠤᠯᠤᠰ ᠤᠨ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠪᠣᠳᠠᠲᠤ ᠳᠠᠶᠢᠨ ᠪᠣᠳᠠᠲᠤ ᠰᠤᠷᠭᠠᠭᠤᠯᠢᠯᠠᠯ ᠤᠨ ᠰᠠᠭᠤᠷᠢᠨ ᠭᠠᠵᠠᠷ ᠪᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠢ ᠰᠢᠢᠳᠪᠦᠷᠢᠯᠡᠬᠦ ᠲᠤᠰᠬᠠᠢ ᠠᠪᠤᠷᠠᠨ | ᠲᠤᠰᠠᠯᠠᠬᠤ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ᠎ᠠ᠃ ᠣᠷᠳᠣᠰ ᠬᠤᠲᠠ ᠳᠤ ᠤᠯᠤᠰ ᠤᠨ ᠲᠠᠰ ᠤᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠪᠤᠷᠠᠨ ᠲᠤᠰᠠᠯᠠᠬᠤ ᠲᠤᠰᠬᠠᠶ ᠰᠤᠷᠭᠠᠭᠤᠯᠢᠯᠠᠯ ᠤᠨ ᠰᠠᠭᠤᠷᠢᠨ ᠭᠠᠵᠠᠷ ᠢ ᠪᠠᠶᠢᠭᠤᠯᠬᠤ ᠶᠢᠨ ᠬᠠᠮᠲᠤ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠳᠡᠯ ᠢ ᠰᠢᠢᠳᠪᠦᠷᠢᠯᠡᠬᠦ ᠰᠢᠪᠲᠤᠯᠤᠯᠲᠠ ᠶᠢᠨ ᠴᠢᠳᠠᠪᠤᠷᠢ ᠲᠠᠢ ᠤᠯᠤᠰ ᠤᠨ ᠲᠠᠰ ᠤᠨ ᠲᠤᠰᠬᠠᠶᠢᠵᠢᠭᠰᠠᠨ ᠡᠩᠨᠡᠭᠡ ᠶᠢ ᠪᠠᠶᠢᠭᠤᠯᠤᠨ᠎ᠠ᠃ | ᠳᠥᠷᠪᠡᠳᠦᠭᠡᠷ ᠵᠦᠢᠯ ᠨᠢ ᠬᠢᠮᠢ ᠶᠢᠨ ᠠᠵᠤ ᠦᠢᠯᠡᠳᠪᠦᠷᠢ ᠶᠢᠨ ᠭᠠᠮᠰᠢᠭ ᠠᠳᠡᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠷᠬᠠᠯᠲᠠ ᠶᠢᠨ | ᠪᠠᠶᠢᠳᠠᠯ ᠲᠠᠢ ᠤᠶᠠᠯᠳᠤᠭᠤᠯᠤᠨ᠂ ︽ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ︾᠂ ︽ᠦᠬᠠᠶ ᠶᠢᠨ ᠭᠤᠷᠪᠠᠯᠵᠢᠨ ᠣᠷᠣᠨ︾᠂ | ︽ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ︾ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠭᠠᠮᠰᠢᠭ ᠠᠳᠡᠯ ᠤᠨ ᠭᠠᠯ ᠢ | ᠰᠡᠷᠭᠡᠶᠢᠯᠡᠵᠦ ᠠᠪᠤᠷᠠᠨ ᠲᠤᠰᠠᠯᠠᠬᠤ ᠭᠤᠷᠪᠠᠨ ᠲᠣᠭᠤᠷᠢᠭ ᠢ ᠪᠠᠶᠢᠭᠤᠯᠤᠨ᠎ᠠ᠃ | ᠲᠠᠪᠤᠳᠤᠭᠠᠷ ᠵᠦᠢᠯ ᠨᠢ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ︽ | 1+1+1+2︾ ᠲᠣᠭᠲᠠᠯᠴᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠪᠠᠶᠢᠭᠤᠯᠤᠨ᠎ᠠ᠃ | ᠵᠢᠷᠭᠤᠳᠤᠭᠠᠷ ᠵᠦᠢᠯ ᠨᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠯᠤᠰ ᠤᠨ ᠳᠡᠰ ᠤᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ︽ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠶᠡᠷᠦᠩᠬᠡᠶᠢᠯᠡᠨ ᠲᠤᠷᠰᠢᠵᠤ | ᠣᠶᠢᠯᠠᠭᠠᠬᠤ᠂ ᠲᠤᠰᠬᠠᠶ ᠪᠡᠯᠡᠳᠬᠡᠮᠵᠢ᠂ ᠲᠡᠦᠬᠡ ᠰᠣᠶᠣᠯ ᠤᠨ ᠦᠵᠡᠰᠬᠦᠯᠡᠩ︾ ᠢ ᠨᠢᠭᠡ ᠴᠤᠭᠴᠠᠵᠢᠭᠤᠯᠤᠭᠰᠠᠨ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠬᠦ ᠤᠯᠤᠰ ᠤᠨ ᠳᠡᠰ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ | ᠲᠠᠪᠤᠳᠤᠭᠠᠷ ᠪᠦᠯᠦᠭ ᠲᠤ ︽ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠳᠠᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ᠂ ᠵᠠᠷᠤᠳᠠᠯ ᠤᠨ ᠪᠠᠲᠤᠯᠠᠭ᠎ᠠ ᠶᠢ | ᠴᠢᠩᠭᠠᠳᠬᠠᠬᠤ ᠪᠠ ᠬᠢᠨᠠᠨ ᠵᠢᠯᠣᠭᠤᠳᠴᠤ ᠰᠢᠯᠭᠠᠨ ᠦᠨᠡᠯᠡᠬᠦ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠠᠴᠠ ᠪᠣᠳᠠᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠳᠤᠷᠠᠳᠪᠠ᠃ | ᠳᠠᠭᠠᠯᠳᠤᠭᠤᠯᠤᠯ ᠳᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ | ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠠᠩᠭᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ ᠲᠤᠰᠬᠠᠶ ᠠᠪᠤᠷᠠᠨ ᠲᠤᠰᠠᠯᠠᠬᠤ ᠠᠩᠭᠢ ᠶᠢᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ | ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ ᠰᠤᠷᠭᠠᠭᠤᠯᠢᠯᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ ᠢ ᠰᠡᠷᠭᠡᠶᠢᠯᠡᠬᠦ | ᠠᠩᠭᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠵᠠᠰᠠᠭ ᠤᠨ ᠣᠷᠳᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ᠂ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ ᠢ ᠰᠡᠷᠭᠡᠶᠢᠯᠡᠬᠦ | ᠠᠩᠭᠢ ᠶᠢᠨ ᠭᠡᠰᠢᠭᠦᠨ ᠪᠠ ᠭᠠᠯ ᠢ ᠰᠡᠷᠭᠡᠶᠢᠯᠡᠬᠦ ᠪᠢᠴᠢᠭ ᠤᠨ ᠠᠵᠢᠯᠲᠠᠨ ᠡᠯᠰᠡᠬᠦ ᠲᠥᠯᠥᠪᠵᠢᠭᠦᠯᠭᠡ ᠶᠢᠨ ᠬᠦᠰᠦᠨᠦᠭᠲᠦ︾᠂ ︽ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠬᠦᠰᠦᠨᠦᠭᠲᠦ︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠶᠢᠨ ᠶᠠᠪᠤᠳᠠᠯ ᠤᠨ | ᠭᠠᠯ ᠤᠨᠲᠠᠷᠠᠭᠠᠭᠤᠷ ︵ᠬᠤᠲᠠ ᠶᠢᠨ ᠶᠠᠪᠤᠳᠠᠯ ᠤᠨ ᠭᠠᠯ ᠢ ᠰᠡᠷᠭᠡᠶᠢᠯᠡᠬᠦ ᠭᠤᠭᠤᠵᠢᠭᠤᠷ︶ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ | ︾᠂ ᠬᠤᠯᠪᠣᠭᠳᠠᠯ ᠪᠦᠬᠦᠢ ᠨᠡᠷ᠎ᠡ ᠲᠣᠮᠢᠶ᠎ᠠ ᠶᠢᠨ ᠵᠢᠷᠤᠮᠵᠢᠭᠤᠯᠤᠭᠰᠠᠨ ᠲᠠᠶᠢᠯᠪᠤᠷᠢ ᠵᠢᠴᠢ ᠲᠥᠯᠥᠪᠵᠢᠭᠦᠯᠭᠡ ᠶᠢᠨ ᠦᠨᠳᠦᠰᠦᠯᠡᠯ ᠢ ᠪᠠᠭᠲᠠᠭᠠᠪᠠ᠃ | | | |