ᠳᠠᠯᠠᠳ ᠬᠤᠰᠢᠭᠤᠨ ᠤ ᠵᠡᠬᠡᠰᠤᠲᠠᠶ ᠪᠠᠯᠭᠠᠰᠤ ᠮᠤᠩᠭᠤᠯ ᠠᠮᠤ ᠲᠠᠷᠢᠵᠤ ᠣᠷᠣᠯᠭ᠎ᠠ ᠪᠠᠨ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2021/11/10
                ᠨᠠᠮᠤᠷ ᠤᠨ ᠰᠡᠭᠦᠯᠴᠢ ᠪᠠᠷ᠂ ᠰᠣᠷᠪᠤᠯᠵᠢᠯᠠᠭᠴᠢ ᠲᠠᠯᠠᠳ ᠬᠤᠰᠢᠭᠤᠨ ᠤ ᠵᠡᠬᠡᠰᠤᠲᠠᠢ ᠪᠠᠯᠭᠠᠰᠤᠨ ᠤ ᠳ᠋ᠠ ᠬᠤᠩ ᠺᠦᠢ ᠲᠤᠰᠬᠤᠨ ᠳᠤ ᠬᠦᠷᠬᠦ ᠳᠤ᠂ ᠲᠤᠰᠬᠤᠨ ᠤ ᠲᠠᠷᠢᠶᠠᠴᠢᠳ ᠶᠠᠭ ᠰᠠᠶᠢᠬᠠᠨ ᠥᠳᠣᠷᠮ᠎ᠠ ᠲᠡᠬᠡᠷ᠎ᠠ ᠣᠨᠠᠬᠰᠠᠨ ᠮᠠᠯᠠᠭᠠᠢ ᠪᠠᠨ ᠠᠪᠬᠤ ᠵᠠᠪ ᠥᠬᠡᠢ ᠶᠠᠭᠠᠷᠠᠯᠳᠣᠵᠣ ᠪᠠᠶᠢᠯ᠎ᠠ᠃ ᠲᠤᠬᠠᠢ ᠶᠢᠨ ᠲᠠᠯᠠᠪᠤᠷ ᠲᠤ ᠪᠠᠶᠢᠭᠰᠠᠨ ᠳᠣᠰ ᠲᠤᠰᠬᠤᠨ ᠤ ᠨᠠᠮ ᠤᠨ ᠡᠭᠦᠷ ᠤᠨ ᠱᠦᠵᠢ ᠯᠢᠦ ᠶᠦᠩ ᠸᠧᠢ᠂ ᠨᠢᠭᠤᠷ ᠳᠦᠭᠦᠷᠡᠩ ᠬᠦᠯᠦᠰᠦ ᠪᠠᠨ ᠠᠷᠴᠢᠭᠠᠳ᠄ ︽ᠡᠨᠡ ᠵᠢᠯ ᠮᠠᠨ ᠤ ᠲᠣᠰᠬᠤᠨ ᠤ ᠮᠣᠩᠭᠤᠯ ᠠᠮᠤ ᠡᠯᠪᠡᠭ ᠬᠤᠷᠢᠶᠠᠯᠲᠠ ᠤᠯᠪᠠ᠂ ᠣᠳᠤᠬᠠᠨ ᠳᠤ 4000 ᠭᠠᠷᠤᠶ ᠵᠢᠩ ᠪᠣᠷᠣᠯᠠᠭᠤᠯᠤᠭᠠᠳ ᠪᠤᠢ︾ ᠬᠡᠵᠣ ᠪᠠᠶᠠᠷᠳᠡᠢ ᠲᠠᠨᠢᠯᠴᠠᠭᠤᠯᠣᠨ᠎ᠠ᠃ ᠳ᠋ᠠ ᠬᠤᠩ ᠺᠦᠶ ᠲᠤᠰᠬᠤᠨ ᠪᠣᠯ ᠶᠠᠬ ᠮᠦᠷᠦᠯᠵᠡᠨ ᠤᠷᠤᠰᠬᠤ ᠬᠠᠲᠤᠨ ᠭᠤᠤᠯ ᠤᠨ ᠣᠷᠳᠣᠰ ᠲᠠᠬᠢ ᠲᠤᠬᠤᠢ ᠶᠢᠨ ᠬᠡᠷᠡᠭ ᠤᠨ ᠡᠪᠦᠷ ᠲᠤ ᠪᠠᠶᠢᠷᠢᠯᠠᠵᠤ᠂ ᠤᠮᠠᠷᠠᠲᠤ ᠦᠷᠭᠡᠷᠢᠭ 40 ᠭᠷᠠᠳᠦ᠋ᠰ ᠤᠨ ᠰᠢᠵᠢᠷ ᠠᠯᠲᠠᠨ ᠨᠠᠷᠢᠮᠤ ᠶᠢᠨ ᠲᠥᠷᠥᠯ ᠤᠨ ᠭᠠᠷᠤᠯᠳᠠ ᠶᠢᠨ ᠣᠷᠤᠨ ᠳᠤ ᠪᠠᠶᠢᠳᠠᠭ᠃ ᠠᠳᠡᠬᠢ ᠶᠢᠨ ᠲᠠᠷᠢᠶᠠᠴᠢᠳ ᠶᠠᠬ ᠡᠨᠡ ᠬᠦ ᠭᠠᠵᠠᠷ ᠵᠦᠢ ᠶᠢᠨ ᠲᠠᠪᠠᠭᠤᠯᠢᠬ ᠨᠥᠬᠦᠴᠡᠯ ᠢᠶᠠᠨ ᠠᠰᠢᠭᠯᠠᠵᠤ ᠂ ᠮᠣᠩᠭᠤᠯ ᠠᠮᠤ ᠶᠢ ᠰᠣᠩᠭᠤᠨ ᠳᠠᠷᠢᠵᠤ᠂ ᠤᠯᠠᠮᠵᠢᠯᠠᠯᠲᠤ ᠲᠠᠷᠢᠶᠠᠯᠠᠭ᠎ᠠ᠂ ᠬᠢᠮᠢ ᠶᠢᠨ ᠪᠣᠷᠲᠣᠭᠤᠷ ᠣᠷᠣᠭᠤᠯᠬᠤ ᠥᠬᠡᠶ᠂ ᠲᠠᠷᠢᠶᠠᠨ ᠡᠮ ᠣᠷᠣᠭᠤᠯᠬᠤ ᠥᠬᠡᠶ᠂ ᠬᠦᠮᠦᠨ ᠤ ᠬᠦᠴᠦ ᠪᠠᠷ ᠭᠤᠷᠪᠠ ᠤᠳᠠᠭ᠎ᠠ ᠠᠴᠠ ᠳᠡᠭᠡᠭᠰᠢ ᠡᠪᠡᠰᠦ ᠢ ᠨᠢ ᠠᠷᠴᠢᠳᠠᠬ ᠠᠴᠠ ᠠᠮᠤ ᠪᠤᠳᠠᠭᠠᠨ ᠤ ᠦᠩᠭᠡ ᠨᠢ ᠠᠯᠲᠠᠨ ᠰᠢᠷᠭᠠᠯ᠂ ᠮᠦᠬᠦᠯᠢᠭ ᠨᠢ ᠵᠢᠵᠢᠭ ᠮᠥᠷᠲᠡᠭᠡᠨ ᠳᠦᠭᠦᠷᠡᠩ ᠪᠠᠶᠢᠳᠠᠭ ᠪᠢᠯᠡ᠃ ᠲᠡᠬᠡᠬᠡᠳ ᠬᠥᠮᠥᠰ ᠠᠳᠡᠬᠢ ᠶᠢᠨ ᠮᠣᠩᠭᠤᠯ ᠠᠮᠤ ᠶᠢ ︽ᠰᠢᠵᠢᠷ ᠠᠯᠲᠠᠨ ᠠᠮᠤ︾ ᠬᠡᠳᠡᠭ᠃ 

11.10.1.jpg

  

    ᠰᠣᠷᠪᠣᠯᠵᠢᠯᠠᠬᠴᠢ ᠮᠣᠩᠭᠤᠯ ᠠᠮᠣ ᠪᠤᠯᠪᠠᠰᠤᠷᠠᠭᠤᠯᠬᠤ ᠦᠢᠯᠡᠳᠪᠦᠷᠢ ᠳᠤᠨᠢ ᠣᠷᠣᠪᠠᠯ᠂ ᠮᠠᠰᠢᠨ ᠤ ᠲᠠᠭᠤᠨ

ᠬᠥᠷᠴᠢᠬᠢᠨᠡᠵᠣ᠂ ᠣᠯᠠᠨ ᠬᠥᠮᠣᠰ ᠶᠠᠭᠠᠷᠠᠯᠳᠣᠵᠣ ᠪᠠᠶᠢᠯ᠎ᠠ᠃ ︽ᠡᠳᠡᠭᠡᠷ ᠠᠮᠤ ᠪᠤᠳᠠᠭ᠎ᠠ ᠶᠢ ᠴᠥᠮ ᠡᠨᠡ ᠵᠢᠯ

ᠰᠢᠨ᠎ᠡ ᠪᠠᠷ ᠬᠤᠷᠢᠶᠠᠭᠰᠠᠨ ᠶᠤᠮ᠃ ᠡᠨᠡ ᠵᠢᠯ ᠤᠨ ᠬᠤᠷᠢᠶᠠᠯᠲᠠ ᠨᠡᠯᠢᠶᠡᠳ ᠵᠦᠭᠡᠷ᠂ ᠵᠠᠬ᠎ᠠ ᠳᠡᠯᠭᠡᠭᠦᠷ ᠤᠨ ᠦᠨ᠎ᠡ

ᠨᠢᠳᠤᠨᠤᠨ ᠤ ᠬᠢ ᠲᠠᠢ ᠠᠳᠠᠯᠢ᠂ ᠵᠢᠩ ᠪᠦᠷᠢ ᠳᠡᠭᠡᠨ ᠪᠠᠰᠠ 5 ᠲᠥᠭᠦᠷᠢᠭ᠃ ᠡᠨᠡ ᠵᠢᠯ᠂ ᠮᠠᠨ ᠤ ᠲᠤᠰᠬᠤᠨ

ᠨᠡᠶᠢᠲᠡ 1000 ᠮᠥ ᠮᠣᠩᠭᠤᠯ ᠠᠮᠤ ᠲᠠᠷᠢᠪᠠ᠂ ᠬᠡᠷᠪᠡ ᠡᠨᠡ ᠬᠠᠩᠰᠢ ᠪᠠᠷ ᠪᠣᠯ ᠮᠥ ᠪᠦᠷᠢ ᠶᠢᠨ ᠤᠨᠠᠯᠲᠠ ᠶᠢ200

ᠵᠢᠩ ᠢᠶᠠᠷ ᠪᠤᠳᠤᠵᠣ᠂ ᠵᠢᠩ ᠪᠦᠷᠢ ᠶᠢᠨ ᠴᠡᠪᠡᠷ ᠠᠰᠢᠭ ᠣᠯᠵᠠᠪᠤᠷᠢ ᠶᠢ ᠨᠠᠭᠠᠳᠤ ᠵᠠᠬ᠎ᠠ ᠳᠠᠭᠠᠨ 3 ᠲᠦᠭᠦᠷᠢᠭ ᠢᠶᠠᠷ

ᠪᠤᠳᠤᠪᠠᠯ᠂ ᠪᠥᠬᠦ ᠲᠤᠰᠬᠤᠨ ᠤ 1000 ᠮᠥ ᠮᠣᠩᠭᠤᠯ ᠠᠮᠤ ᠶᠢᠨ ᠴᠡᠪᠡᠷ ᠠᠰᠢᠭ ᠤᠯᠵᠠᠪᠤᠷᠢ ᠨᠠᠭᠠᠳᠤ

ᠵᠠᠬ᠎ᠠ ᠳᠠᠭᠠᠨ 60 ᠲᠦᠮᠡᠨ ᠲᠦᠭᠦᠷᠢᠭ ᠲᠤ ᠬᠦᠷᠣᠨ᠎ᠠ︾ ᠬᠡᠵᠣ ᠯᠢᠥ ᠶᠥᠩ ᠸᠧᠢ ᠲᠠᠩᠰᠠᠨ ᠪᠣᠳᠣᠵᠣ ᠰᠠᠭᠤᠨ᠎ᠠ᠃

    ᠤᠢᠢᠷ᠎ᠠ ᠶᠢᠨ ᠵᠢᠯ ᠠᠴᠠ ᠨᠠᠭᠠᠰᠢ᠂ ᠵᠠᠬᠡᠰᠤᠳᠠᠢ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠤᠨ ᠤ

ᠬᠦᠴᠦᠲᠡᠢ ᠳᠡᠮᠵᠢᠯᠭᠡ ᠪᠠᠷ᠂ ᠳᠠᠭᠠᠭᠠᠴᠢᠯᠠᠨ ᠬᠠᠷᠢᠯᠴᠠᠵᠣ ᠪᠠᠶᠢᠭ᠎ᠠ ᠨᠢᠭᠡᠴᠢ ᠶᠢᠨ ᠬᠠᠪᠰᠤᠷᠤᠯᠭ᠎ᠠ ᠳᠡᠮᠵᠢᠯᠭᠡ ᠪᠠᠷ᠂

ᠳ᠋ᠠ ᠬᠤᠩ ᠺᠦᠢ ᠲᠤᠰᠬᠤᠨ ︽ᠨᠢᠭᠡ ᠲᠤᠰᠬᠤᠨ ᠨᠢᠭᠡ ᠲᠦᠷᠦᠯ ᠲᠡᠮᠳᠡᠭ ᠲᠠᠢ ᠪᠠᠶᠢᠬᠤ︾

ᠬᠦᠭᠵᠢᠯᠲᠡ ᠵᠢᠨ‌‍ᠰᠡᠳᠭᠢᠴᠡ ᠪᠠᠷ ︽ᠲᠠᠪᠠᠭ᠎ᠠ ᠶᠢᠨ ᠬᠤᠭᠤᠯᠠᠢ︾ ᠶᠢᠨ ᠮᠣᠩᠭᠤᠯ ᠠᠮᠤ ᠶᠢᠨ ᠲᠦᠷᠦᠯ ᠳᠡᠮᠳᠡᠭ ᠢ

ᠳᠠᠩᠰᠠᠯᠠᠭᠤᠯᠤᠨ᠂ ᠳᠣᠰ ᠳᠥᠷᠥᠯ ᠲᠡᠮᠳᠡᠭ ᠢᠶᠠᠷ ᠲᠤᠰᠬᠤᠨ ᠤ ᠬᠠᠮᠲᠦ ᠶᠢᠨ ᠠᠵᠤ ᠠᠬᠤᠢ ᠶᠢ ᠪᠤᠵᠠᠭᠠᠶᠢᠷᠠᠭᠤᠯᠬᠤ

ᠰᠢᠪᠲᠤᠯᠤᠯᠲᠠ ᠶᠢᠨ ᠴᠡᠭ ᠪᠣᠯᠭᠠᠵᠤ᠂ ᠬᠥᠳᠡᠭᠡ ᠲᠤᠰᠬᠤᠨ ᠤ ᠡᠷᠬᠢᠨ ᠲᠤᠭᠤᠷᠢᠨ ᠤ ᠲᠠᠷᠢᠶᠠᠴᠢᠨ ᠡᠷᠦᠭᠡ ᠶᠢ

ᠳᠠᠶᠢᠴᠢᠯᠠᠨ ᠨᠡᠶᠢᠲᠡ 1000 ᠮᠦ ᠠᠮᠤ ᠲᠠᠷᠢᠬᠤ ᠶᠢᠨ ᠬᠠᠮᠲᠤ ᠣᠷᠭᠠᠨᠢᠭ ᠪᠤᠷᠳᠤᠭᠤᠷ ᠣᠷᠣᠭᠤᠯᠬᠤ᠂ ᠬᠦᠮᠦᠨ ᠤ

ᠬᠦᠴᠦ ᠪᠠᠷ ᠡᠪᠡᠰᠦ ᠠᠷᠴᠢᠬᠤ ᠵᠠᠭᠪᠤᠷ ᠢ ᠭᠡᠷᠡᠭᠵᠢᠬᠦᠯᠦᠭᠡᠳ ᠳᠣᠰ ᠪᠦᠲᠦᠭᠡᠭᠳᠡᠭᠦᠨ ᠨᠢ ᠪᠣᠬᠢᠷᠲᠤᠯ ᠦᠭᠡᠢ᠂

ᠣᠷᠭᠠᠨᠢᠬ ᠠᠮᠣ ᠪᠣᠳᠠᠭ᠎ᠠ ᠪᠣᠯᠵᠣ᠂ ᠵᠠᠬ᠎ᠠ ᠳᠡᠯᠭᠡᠭᠦᠷ ᠤᠨ ᠬᠦᠷᠢᠶᠡᠯᠡᠯ ᠢ ᠶᠡᠬᠡᠳᠡ ᠤᠯᠣᠬᠰᠠᠨ ᠪᠠᠶᠢᠨ᠎ᠠ᠃

   

11.10.2.jpg

   

    ᠯᠢᠦ ᠶᠦᠩ ᠸᠧᠶ᠄ ︽ᠮᠠᠨ ᠤ ᠲᠤᠰᠬᠤᠨ ᠤ ᠮᠣᠩᠭᠤᠯ ᠠᠮᠤ ᠶᠢ ᠶᠡᠭᠡ ᠪᠠᠷ ᠳᠠᠷᠢᠬᠰᠠᠨ ᠶᠠᠪᠣᠳᠠᠯ ᠨᠢ

ᠲᠤᠰᠬᠤᠨ ᠤ ᠲᠠᠷᠢᠶᠠᠴᠢᠳ ᠤᠨ ᠢᠳᠡᠪᠬᠢᠵᠢᠯ ᠢ ᠳᠠᠶᠢᠴᠢᠯᠠᠵᠤ᠂ ᠬᠤᠶᠢᠰᠢᠲᠠ ᠮᠣᠩᠭᠤᠯ ᠠᠮᠣ ᠲᠠᠷᠢᠬᠤ ᠳᠤ ᠪᠠᠲᠤ

ᠪᠠᠬᠢ ᠰᠠᠭᠤᠷᠢ ᠲᠠᠯᠪᠢᠬᠰᠠᠨ ᠪᠠᠶᠢᠨ᠎ᠠ᠂ ᠣᠲᠣ ᠦᠵᠡᠬᠦ ᠳᠤ᠂ ᠪᠢᠳᠡᠨ ᠤ ᠴᠢᠷᠮᠠᠶᠢᠯᠭ᠎ᠠ ᠲᠠᠯᠠᠭᠠᠷ ᠪᠣᠯᠣᠬᠰᠠᠨ ᠥᠬᠡᠢ᠂

ᠬᠤᠵᠢᠮ ᠮᠠᠨ ᠤ ᠲᠤᠰᠬᠤᠨ ᠮᠣᠩᠭᠤᠯ ᠠᠮᠣ ᠲᠠᠷᠢᠬᠤ ᠥᠢᠯᠡᠰ ᠢᠶᠠᠷ ᠬᠠᠮᠲᠦ ᠶᠢᠨ ᠠᠵᠤ ᠠᠬᠤᠶ ᠪᠠᠨ ᠬᠦᠭᠵᠢᠭᠦᠯᠦᠨ

ᠪᠣᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠦᠨ᠎ᠡ︾ ᠭᠡᠵᠦ

ᠬᠤᠵᠢᠮ ‍ᠤᠨ‌ᠬᠠᠷᠠᠯᠲᠠ ᠳᠠᠭᠠᠨ ᠢᠳᠡᠬᠡᠯ ᠲᠠᠢ ᠪᠠᠶᠢᠯ᠎ᠠ᠃

    

 

ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ