ᠶᠠᠭᠠᠬᠢᠪᠠᠯ ᠰᠠᠶ᠋ᠢ ᠥᠪᠡᠷ ᠤᠨ ᠡᠯᠢᠭᠡᠨ ᠤ ᠪᠠᠶᠢᠳᠠᠯ ᠢᠶᠠᠨ ᠮᠡᠳᠡᠬᠦ ᠪᠣᠢ
ᠨᠡᠶᠢᠲᠡᠯᠡᠭᠰᠡᠨ ᠴᠠᠭ᠄
2021/11/10
                               1. ᠴᠢᠷᠠᠶ ᠪᠠᠨ ᠬᠠᠷᠠᠬᠤ     ᠬᠡᠷᠪᠡ ᠥᠪᠡᠷ ᠤᠨ ᠴᠢᠷᠠᠶ ᠶᠢᠨ ᠥᠩᠭᠡ ᠨᠢ ᠲᠦᠢᠯ ᠤᠨ ᠤᠯᠠᠭᠠᠨ ᠥᠩᠭᠡ ᠲᠠᠢ ᠪᠣᠯ ᠡᠯᠢᠭᠡ ᠡᠷᠡᠭᠦᠯ ᠪᠠᠶᠢᠳᠠᠯ ᠳᠤ ᠪᠠᠶᠢᠬᠤ ᠶᠢ ᠬᠠᠷᠠᠭᠤᠯᠵᠤ ᠪᠠᠶᠢᠨ᠎ᠠ᠃ ᠬᠡᠷᠪᠡ ᠴᠢᠷᠠᠶ ᠰᠢᠷᠠᠯᠠᠬᠤ ᠪᠤᠶᠤ ᠬᠠᠷᠠᠯᠠᠪᠠᠯ᠂ ᠡᠯᠢᠭᠡᠨ ᠤ ᠡᠷᠡᠭᠦᠯ ᠮᠡᠨᠳᠦ ᠳᠤ ᠠᠰᠠᠭᠤᠳᠠᠯ ᠭᠠᠷᠤᠭᠰᠠᠨ ᠢ ᠬᠠᠷᠠᠭᠤᠯᠵᠤ ᠪᠠᠶᠢᠨ᠎ᠠ᠃ ᠡᠯᠢᠭᠡᠨ ᠤ ᠠᠵᠢᠯᠯᠠᠭ᠎ᠠ ᠨᠥᠯᠥᠭᠡᠯᠡᠭᠳᠡᠬᠦ ᠦᠶ᠎ᠡ ᠳᠤ᠂ ᠰᠥᠰᠥᠨ ᠤ ᠤᠯᠠᠭᠠᠨ ᠡᠳ᠋ ᠤᠨ ᠰᠢᠭᠦᠷᠡᠯᠲᠡ ᠨᠢ ᠬᠡᠲᠦᠷᠬᠡᠶ ᠠᠷᠪᠢᠳᠴᠤ᠂ ᠴᠢᠷᠠᠶ ᠶᠢᠨ ᠥᠩᠭᠡ ᠨᠢ ᠲᠦᠢᠯ ᠤᠨ ᠰᠢᠷᠠᠯᠠᠨ᠎ᠠ᠃ ᠡᠭᠦᠨ ᠠᠴᠠ ᠭᠠᠳᠠᠨ᠎ᠠ ᠡᠯᠢᠭᠡᠨ ᠤ ᠠᠵᠢᠯᠯᠠᠭ᠎ᠠ ᠭᠡᠮᠲᠦᠯ ᠳᠤ ᠤᠴᠠᠷᠠᠪᠠᠯ ᠪᠠᠰᠠ ᠲᠡᠮᠦᠷ ᠤᠨ ᠰᠣᠯᠢᠯᠴᠠᠭ᠎ᠠ ᠶᠢ ᠨᠥᠯᠥᠭᠡᠯᠡᠵᠦ᠂ ᠬᠥᠮᠦᠨ ᠤ ᠴᠢᠷᠠᠶ ᠶᠢᠨ ᠥᠩᠭᠡ ᠬᠠᠷᠠᠯᠠᠳᠠᠭ᠃    2. ᠨᠢᠳᠦ ᠪᠠᠨ ᠬᠠᠷᠠ    ᠡᠯᠢᠭᠡ ᠡᠷᠡᠭᠦᠯ ᠴᠢᠭᠢᠷᠠᠭ ᠤᠨ ᠪᠠᠶᠢᠳᠠᠯ ᠢᠯᠡᠷᠡᠬᠦ ᠦᠶ᠎ᠡ ᠳᠤ᠂ ᠨᠢᠳᠦ ᠪᠠᠰᠠ ᠡᠬᠡᠭᠦᠨ ᠪᠣᠯᠬᠤ᠂ ᠵᠠᠭᠠᠲᠤᠨᠠᠬᠤ ᠵᠡᠷᠭᠡ ᠪᠠᠶᠢᠳᠠᠯ ᠭᠠᠷᠤᠨ᠎ᠠ᠃ ᠨᠢᠳᠦ ᠬᠡᠷᠡᠭᠯᠡᠬᠦ ᠳᠤ ᠶᠠᠳᠠᠷᠠᠬᠤ᠂ ᠨᠢᠳᠦᠨ ᠤ ᠡᠪᠡᠳᠴᠢᠨ ᠵᠡᠷᠭᠡ ᠨᠢᠳᠦᠨ ᠤ ᠰᠢᠯᠲᠠᠭᠠᠨ ᠢ ᠠᠷᠢᠯᠭᠠᠬᠤ ᠠᠴᠠ ᠭᠠᠳᠠᠨ᠎ᠠ᠂ ᠬᠡᠷᠪᠡ ᠪᠠᠰᠠ ᠯᠠ ᠨᠢᠳᠦ ᠡᠪ ᠦᠭᠡᠢ ᠰᠠᠨᠠᠭᠳᠠᠵᠤ ᠪᠠᠶᠢᠪᠠᠯ᠂ ᠡᠯᠢᠭᠡᠨ ᠳᠤ ᠡᠪᠡᠳᠴᠢᠨ ᠣᠯᠤᠭᠰᠠᠨ ᠠᠴᠠ ᠰᠡᠷᠡᠮᠵᠢᠯᠡᠬᠦ ᠬᠡᠷᠡᠭᠲᠡᠶ᠃ ᠡᠨᠡ ᠨᠢ ᠡᠯᠢᠭᠡᠨ ᠤ ᠠᠵᠢᠯᠯᠠᠭ᠎ᠠ ᠶᠢᠨ ᠪᠠᠭᠤᠷᠠᠯᠲᠠ ᠲᠠᠢ ᠮᠠᠰᠢ ᠶᠡᠭᠡ ᠬᠠᠷᠢᠴᠠᠭ᠎ᠠ ᠲᠠᠢ ᠪᠥᠭᠡᠳ ᠬᠥᠮᠦᠰ ᠤᠨ ᠠᠩᠬᠠᠷᠤᠯ ᠢ ᠲᠠᠲᠠᠵᠤ ᠬᠦᠨᠳᠦᠳᠬᠡᠨ ᠦᠵᠡᠬᠦ ᠴᠢᠬᠤᠯᠠ ᠲᠠᠢ ᠶᠤᠮ᠃    3. ᠭᠠᠷ ᠢᠶᠠᠨ ᠦᠵᠡ   ᠭᠠᠷ ᠤᠨ ᠠᠯᠠᠭᠠᠨ ᠨᠢ ᠭᠦᠢᠬᠡᠨ ᠤᠯᠠᠭᠠᠨ ᠥᠩᠭᠡᠲᠡᠶ ᠢᠯᠲᠠᠰᠤ ᠬᠡᠯᠪᠡᠷᠢ ᠶᠢᠨ ᠴᠢᠰᠤ ᠬᠤᠷᠠᠵᠤ ᠪᠠᠶᠢᠬᠤ ᠡᠰᠡᠬᠦ ᠶᠢ ᠦᠵᠡᠨ᠎ᠡ᠂ ᠳᠠᠷᠤᠭᠰᠠᠨ ᠤ ᠳᠠᠷᠠᠭ᠎ᠠ ᠠᠷᠢᠯᠤᠨ᠎ᠠ᠃ ᠵᠠᠷᠢᠮ ᠦᠷᠭᠦᠯᠵᠢ ᠲᠣᠬᠢᠶᠠᠯᠳᠤᠳᠠᠭ ᠡᠯᠢᠭᠡᠨ ᠡᠪᠡᠳᠴᠢᠨ᠂ ᠵᠢᠱᠢᠶᠡᠯᠡᠪᠡᠯ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ᠂ ᠡᠯᠢᠭᠡᠨ ᠤ ᠬᠠᠲᠠᠭᠤᠷᠠᠯ᠂ ᠡᠯᠢᠭᠡᠨ ᠤ ᠰᠢᠷᠬᠡᠭᠵᠢᠬᠦ ᠵᠡᠷᠭᠡ ᠡᠪᠡᠳᠴᠢᠨ ᠳᠤ ᠪᠦᠷ ᠡᠯᠢᠭᠡᠨ ᠤ ᠠᠯᠠᠭᠠᠨ ᠤ ᠢᠯᠡᠷᠡᠯ ᠭᠠᠷᠳᠠᠭ᠃ ᠢᠯᠠᠩᠭᠤᠶ᠎ᠠ ᠡᠯᠢᠭᠡᠨ ᠤ ᠬᠠᠲᠠᠭᠤᠷᠠᠯ ᠨᠢ ᠨᠡᠩ ᠠᠮᠠᠷᠬᠠᠨ ᠡᠯᠢᠭᠡᠨ ᠤ ᠠᠯᠠᠭ᠎ᠠ ᠢᠯᠡᠷᠡᠨ᠎ᠡ᠂ ᠡᠮᠨᠡᠯᠭᠡ ᠳᠤ ᠬᠦᠷᠴᠦ ᠡᠯᠢᠭᠡᠨ ᠤ ᠠᠵᠢᠯᠯᠠᠭ᠎ᠠ ᠪᠠᠨ ᠪᠠᠶᠢᠴᠠᠭᠠᠯᠭᠠᠬᠤ ᠨᠢ ᠬᠠᠮᠤᠭ ᠤᠨ ᠲᠣᠬᠢᠷᠠᠮᠵᠢᠲᠠᠶ ᠠᠷᠭ᠎ᠠ ᠪᠣᠯᠤᠨ᠎ᠠ᠃    4. ᠬᠢᠮᠤᠰᠤ ᠪᠠᠨ ᠦᠵᠡ    ᠬᠡᠷᠪᠡ ᠬᠢᠮᠤᠰᠤ ᠲᠦᠢᠯ ᠤᠨ ᠴᠠᠶᠢᠪᠤᠷ ᠪᠣᠯ ᠡᠯᠢᠭᠡᠨ ᠤ ᠴᠢᠰᠤ ᠭᠦᠢᠴᠡᠳ ᠦᠭᠡᠢ ᠠᠴᠠ ᠪᠣᠯᠤᠭᠰᠠᠨ ᠪᠠᠶᠢᠵᠤ ᠮᠡᠳᠡᠨ᠎ᠡ᠃ ᠣᠯᠠᠩᠬᠢ ᠬᠥᠮᠦᠰ ᠡᠨᠡ ᠬᠦ ᠢᠯᠡᠷᠡᠯ ᠢ ᠮᠡᠳᠡᠬᠦ ᠦᠭᠡᠢ᠂ ᠡᠶᠢᠮᠦ ᠠᠴᠠ ᠲᠣᠭᠲᠠᠭᠰᠠᠨ ᠬᠤᠭᠤᠴᠠᠭ᠎ᠠ ᠲᠠᠢ ᠪᠠᠷ ᠡᠮᠨᠡᠯᠭᠡ ᠳᠤ ᠬᠦᠷᠴᠦ ᠡᠯᠢᠭᠡᠨ ᠤ ᠠᠵᠢᠯᠯᠠᠭ᠎ᠠ ᠶᠢ ᠪᠠᠶᠢᠴᠠᠭᠠᠯᠭᠠᠬᠤ ᠨᠢ ᠮᠠᠰᠢ ᠴᠢᠬᠤᠯᠠ ᠶᠤᠮ᠃    5. ᠮᠡᠩᠭᠡ ᠪᠠᠨ ᠦᠵᠡ   ᠠᠳᠡ ᠬᠡᠯᠡᠵᠦ ᠪᠠᠶᠢᠭ᠎ᠠ ᠮᠡᠩᠭᠡ ᠭᠡᠳᠡᠭ ᠨᠢ ᠪᠡᠶ᠎ᠡ ᠶᠢᠨ ᠳᠡᠭᠡᠷ᠎ᠡ ᠠᠭᠠᠯᠵᠢᠨ ᠮᠡᠩᠭᠡ ᠪᠠᠶᠢᠬᠤ ᠡᠰᠡᠬᠦ ᠶᠢ ᠦᠵᠡᠬᠦ ᠶᠢ ᠵᠢᠭᠠᠵᠤ ᠪᠠᠶᠢᠨ᠎ᠠ᠃ ᠠᠭᠠᠯᠵᠢᠨ ᠮᠡᠩᠭᠡ ᠪᠣᠯ ᠠᠭᠠᠯᠵᠢ ᠶᠢᠨ ᠤᠷᠭᠤᠴᠠ ᠲᠠᠢ ᠠᠳᠠᠯᠢᠪᠲᠤᠷ ᠨᠢᠭᠡ ᠵᠦᠢᠯ ᠤᠨ ᠮᠡᠩᠭᠡ ᠪᠣᠯᠤᠨ᠎ᠠ᠂ ᠮᠡᠩᠭᠡ ᠪᠡᠶ᠎ᠡ ᠶᠢᠨ ᠲᠣᠭᠤᠷᠢᠨ ᠳᠤ ᠠᠭᠠᠯᠵᠢ ᠶᠢᠨ ᠬᠦᠯ ᠰᠢᠭ ᠰᠠᠴᠤᠷᠠᠭ ᠬᠡᠯᠪᠡᠷᠢᠲᠦ ᠬᠢᠯᠭᠠᠰᠤᠨ ᠰᠤᠳᠠᠯ ᠪᠠᠶᠢᠳᠠᠭ᠃ ᠠᠭᠠᠯᠵᠢ ᠪᠣᠯ ᠶᠡᠷᠦ ᠳᠡᠭᠡᠨ ᠬᠥᠮᠦᠨ ᠤ ᠬᠦᠵᠦᠭᠦᠦ᠂ ᠬᠡᠪᠡᠯᠢ ᠶᠢᠨ ᠬᠡᠰᠡᠭ ᠪᠠ ᠴᠡᠭᠡᠵᠢ ᠳᠡᠭᠡᠷ᠎ᠡ ᠤᠷᠭᠤᠵᠤ᠂ ᠡᠯᠢᠭᠡᠨ ᠤ ᠡᠪᠡᠳᠴᠢᠨ ᠤ ᠢᠯᠡᠷᠡᠯ ᠪᠣᠯᠤᠨ᠎ᠠ᠂ ᠢᠯᠠᠩᠭᠤᠶ᠎ᠠ ᠵᠢᠵᠢᠭ ᠬᠡᠯᠪᠡᠷᠢ ᠶᠢᠨ ᠡᠯᠢᠭᠡᠨ ᠤ ᠬᠠᠲᠠᠭᠤᠷᠠᠯ ᠪᠠ ᠡᠯᠢᠭᠡᠨ ᠤ ᠥᠮᠡᠨ ᠪᠣᠯᠤᠨ᠎ᠠ᠃ ᠡᠶᠢᠮᠦ ᠠᠴᠠ ᠡᠩ ᠤᠨ ᠦᠶ᠎ᠡ ᠳᠤ ᠥᠪᠡᠷ ᠤᠨ ᠪᠡᠶ᠎ᠡ ᠳᠤ ᠠᠭᠠᠯᠵᠢᠨ ᠮᠡᠩᠭᠡ ᠢᠯᠡᠷᠡᠭᠰᠡᠨ ᠡᠰᠡᠬᠦ ᠶᠢ ᠠᠵᠢᠭᠯᠠᠵᠤ ᠪᠣᠯᠤᠨ᠎ᠠ᠂ ᠲᠡᠷᠡ ᠨᠢ ᠨᠡᠯᠢᠶᠡᠳ ᠢᠯᠡᠷᠬᠡᠶ ᠪᠠᠶᠢᠳᠠᠭ᠂ ᠬᠡᠷᠪᠡ ᠢᠯᠡᠷᠡᠪᠡᠯ᠂ ᠶᠠᠭᠠᠬᠢᠭᠰᠠᠨ ᠴᠤ ᠰᠠᠭᠠᠲᠠᠭᠠᠵᠤ ᠪᠣᠯᠬᠤ ᠦᠭᠡᠢ᠂ ᠡᠮᠨᠡᠯᠭᠡ ᠳᠤ ᠣᠴᠢᠵᠤ ᠤᠯᠠᠮ ᠨᠢᠭᠡ ᠠᠯᠬᠤᠮ ᠤᠨ ᠪᠠᠶᠢᠴᠠᠭᠠᠯᠲᠠ ᠬᠢᠯᠭᠡᠨ᠎ᠡ᠃ 
  11.10..1.jpg11.10..4.jpg

11.10..5.jpg

 

 

    ᠥᠪᠡᠷ ᠤᠨ ᠡᠯᠢᠭᠡᠨ ᠤ ᠡᠷᠡᠭᠦᠯ ᠡᠰᠡᠬᠦ ᠶᠢ ᠮᠡᠳᠡᠶ᠎ᠡ ᠭᠡᠪᠡᠯ᠂ ᠪᠡᠶ᠎ᠡ ᠶᠢᠨ ᠳᠡᠭᠡᠷᠡᠬᠢ ᠬᠡᠳᠦᠨ ᠭᠠᠵᠠᠷ ᠢ ᠠᠵᠢᠭᠯᠠᠵᠤ ᠪᠣᠯᠤᠨ᠎ᠠ᠂ ᠬᠡᠷᠪᠡ ᠡᠨᠡ ᠬᠡᠳᠦᠨ ᠭᠠᠵᠠᠷ ᠲᠤ

ᠬᠡᠪ ᠤᠨ ᠪᠤᠰᠤ ᠪᠠᠶᠢᠳᠠᠯ ᠭᠠᠷᠪᠠᠯ ᠡᠷᠡᠭᠡᠯᠵᠡᠬᠦ ᠬᠡᠷᠡᠭ ᠦᠭᠡᠢ᠂ ᠲᠦᠷᠭᠡᠨ ᠡᠮᠨᠡᠯᠭᠡ ᠳᠤ ᠣᠴᠢᠵᠤ ᠪᠠᠶᠢᠴᠠᠭᠠᠯᠭᠠᠬᠤ ᠬᠡᠷᠡᠭᠲᠡᠶ᠃ ᠡᠩ ᠤᠨ ᠦᠶ᠎ᠡ ᠳᠤ ᠡᠯᠢᠭᠡ ᠶᠢ

ᠰᠠᠶᠢᠲᠤᠷ ᠠᠷᠠᠴᠢᠯᠠᠬᠤ ᠶᠢ ᠠᠩᠬᠠᠷᠬᠤ ᠬᠡᠷᠡᠭᠲᠡᠶ᠃

     

ᠢᠷᠡᠯᠲᠡ᠄ ᠠᠯᠠᠱᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ