| | | | | | 11 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠪᠡᠭᠡᠵᠢᠩ ᠳᠤ ᠸᠢᠳᠢᠣ᠋ ᠬᠡᠯᠪᠡᠷᠢ ᠪᠠᠷ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠦᠰ ᠤᠨ | ᠲᠦᠷᠦᠭᠦᠴᠦᠳ ᠤᠨ ᠬᠤᠷᠠᠯ ᠳᠤ ︽ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 11 ᠤ ᠴᠠᠬᠢᠯᠭᠠᠨ ᠮᠡᠳᠡᠭᠡ 11 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠤᠷᠢᠯᠭ᠎ᠠ ᠪᠠᠷ ᠪᠡᠭᠡᠵᠢᠩ ᠳᠤ ᠸᠢᠳᠢᠣ᠋ ᠬᠡᠯᠪᠡᠷᠢ ᠪᠠᠷ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠤᠷᠤᠯᠴᠠᠵᠤ ︽ᠦᠷᠭᠦᠯᠵᠢᠯᠡᠬᠦ ᠬᠥᠭᠵᠢᠯᠲᠡ ᠶᠢ | ᠪᠠᠷᠢᠮᠲᠠᠯᠠᠵᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠭᠡᠬᠦ ᠰᠡᠳᠦᠪ ᠢᠶᠠᠷ | ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃ | ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠦᠬᠦ ᠪᠦᠮᠪᠦᠷᠴᠡᠭ ᠲᠤ ᠦᠷᠪᠢᠰᠦᠨ | ᠳᠡᠯᠭᠡᠷᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠳᠤ ᠤᠴᠠᠷᠠᠵᠤ ᠪᠠᠶᠢᠨ᠎ᠠ᠃ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠵᠤᠷᠢᠬᠳᠠᠢ ᠪᠠᠷ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠡᠷᠡᠰ ᠪᠠᠲᠤ ᠤᠷᠤᠭᠰᠢᠯᠠᠪᠠᠯ ᠵᠣᠬᠢᠨ᠎ᠠ ᠭᠡᠵᠦ | ᠵᠢᠭᠠᠵᠤ ᠭᠠᠷᠭᠠᠪᠠ᠃ | ᠨᠢᠭᠡ ᠳᠤ᠂ ᠪᠦᠬᠦ ᠬᠦᠴᠦᠨ ᠢᠶᠠᠷ ᠢᠶᠠᠨ ᠬᠢᠵᠢᠭ ᠲᠠᠢ ᠲᠡᠮᠡᠴᠡᠶ᠎ᠠ᠃ ᠬᠦᠴᠢᠷ ᠪᠡᠷᠬᠡᠰᠢᠶᠡᠯ ᠲᠠᠢ ᠴᠠᠭ ᠮᠥᠴᠡ ᠪᠣᠯᠬᠤ ᠲᠤᠳᠤᠮ ᠢᠲᠡᠭᠡᠯ ᠵᠣᠷᠢᠭ ᠢᠶᠠᠨ ᠤᠯᠠᠮ | ᠪᠠᠲᠤᠳᠬᠠᠵᠤ᠂ ᠤᠯᠠᠮ ᠯᠠᠪᠳᠠᠭᠤᠨ ᠪᠣᠯᠭᠤᠮᠵᠢᠲᠠᠢ ᠰᠥᠰᠥ ᠵᠣᠷᠢᠭ ᠲᠠᠢ ᠪᠠᠶᠢᠬᠤ ᠬᠡᠷᠡᠭᠲᠡᠢ᠃ ᠬᠥᠮᠦᠨ ᠲᠥᠷᠥᠯᠬᠢᠲᠡᠨ ᠤ ᠢᠷᠡᠭᠡᠳᠦᠢ ᠶᠢᠨ ᠬᠤᠪᠢ ᠵᠠᠶᠠᠭ᠎ᠠ ᠯᠤᠭ᠎ᠠ | ᠬᠤᠯᠪᠣᠭᠳᠠᠬᠰᠠᠨ ᠡᠨᠡ ᠬᠦ ᠡᠷᠢᠨ ᠵᠠᠭᠤᠨ ᠤ ᠰᠢᠯᠭᠠᠯᠲᠠ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠠᠵᠤ ᠠᠬᠤᠢ ᠶᠢᠨ ᠴᠣᠭᠴᠠ | ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠨᠢᠭᠡᠳᠴᠦ᠂ ᠬᠢᠵᠢᠭ ᠲᠠᠢ ᠲᠡᠮᠡᠴᠡᠬᠦ ᠲᠤᠶᠢᠯᠪᠤᠷᠢᠲᠠᠢ ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠬᠤ ᠬᠡᠷᠡᠭᠲᠡᠢ᠃ | ᠬᠤᠶᠠᠷ ᠲᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠶ᠎ᠠ᠃ ᠡᠯ᠎ᠡ ᠲᠠᠯ᠎ᠠ ᠶᠢᠨ ᠬᠢᠨ ᠶᠡᠭᠡ ᠬᠠᠨᠳᠤᠰᠢ ᠶᠢ ᠡᠵᠡᠮᠳᠡᠵᠦ᠂ ᠨᠡᠭᠡᠭᠡᠯᠲᠡ ᠶᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠥᠷᠭᠡᠳᠭᠡᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢ ᠴᠢᠯᠥᠭᠡᠳᠠᠢ ᠪᠡ ᠳᠥᠭᠦᠮ ᠪᠣᠯᠭᠠᠬᠤ ᠶᠢ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠪᠠᠶᠢᠬᠤ ᠶᠢ ᠬᠠᠮᠠᠭᠠᠯᠠᠵᠤ᠂ ᠠᠵᠤ ᠠᠬᠤᠢ ᠶᠢᠨ ᠰᠡᠷᠭᠦᠯᠲᠡ ᠶᠢ ᠠᠬᠢᠭᠤᠯᠵᠤ᠂ | ᠬᠤᠯᠪᠣᠭᠠᠯᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠤᠷᠤᠭᠰᠢ ᠪᠠᠨ ᠬᠠᠷᠠᠵᠤ᠂ ᠡᠮᠦᠨᠡᠰᠢ ᠪᠠᠨ ᠶᠠᠪᠤᠬᠤ ᠶᠢ ᠪᠠᠷᠢᠮᠲᠠᠯᠠᠬᠤ ᠬᠡᠷᠡᠭᠲᠡᠢ᠃ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠨᠢ ᠬᠦᠢᠲᠡᠨ ᠳᠠᠶᠢᠨ ᠤ ᠦᠶ᠎ᠡ ᠶᠢᠨ ᠡᠰᠡᠷᠭᠦᠴᠡᠯᠳᠦᠯ ᠪᠠ ᠬᠠᠭᠠᠴᠠᠯ ᠤᠨ ᠪᠠᠶᠢᠳᠠᠯ ᠳᠤ ᠪᠤᠴᠠᠵᠤ ᠪᠣᠯᠬᠤ ᠦᠭᠡᠢ ᠮᠦᠷᠲᠡᠭᠡᠨ ᠪᠤᠴᠠᠪᠠᠯ ᠵᠤᠬᠢᠬᠤ | ᠦᠭᠡᠢ ᠶᠤᠮ᠃ | ᠭᠤᠷᠪᠠ ᠳᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠶ᠎ᠠ᠃ ᠬᠠᠮᠲᠤ ᠪᠠᠷ ᠪᠣᠯᠪᠠᠴᠤ ᠢᠯᠭᠠᠭ᠎ᠠ ᠲᠠᠢ ᠪᠠᠶᠢᠬᠤ | ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾ ᠪᠣᠯᠤᠨ ︽ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠤᠨ ᠦᠷ᠎ᠡ | ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ᠂ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠬᠠᠮᠲᠤ ᠪᠠᠷ | ᠵᠠᠮᠨᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ | ᠡᠨᠧᠷᠭᠢ ᠶᠢ ᠠᠷᠪᠢᠯᠠᠵᠤ ᠪᠣᠬᠢᠷᠲᠤᠯ ᠢ ᠪᠠᠭᠠᠰᠬᠠᠬᠤ ᠶᠢ ᠰᠠᠶᠢᠲᠤᠷ ᠵᠣᠬᠢᠴᠠᠭᠤᠯᠵᠤ᠂ ᠠᠵᠤ ᠠᠬᠤᠢ ᠶᠢᠨ ᠬᠥᠭᠵᠢᠯᠲᠡ ᠳᠤᠮᠳᠠ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | ᠳᠥᠷᠪᠡ ᠳᠤ᠂ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠤᠶ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠲᠦᠷᠢᠮ ᠤᠨ ᠰᠢᠨ᠎ᠡ ᠶᠢ | ᠡᠭᠦᠳᠬᠦ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠬᠡᠷᠡᠭᠲᠡᠢ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠪᠦᠷᠢᠯᠳᠦᠬᠦᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ | ᠨᠡᠭᠡᠭᠡᠯᠲᠡᠲᠦ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃ ᠦᠢᠯᠡᠳᠪᠦᠷᠢ | ᠬᠤᠳᠠᠯᠳᠤᠭᠠᠨ ᠤ ᠡᠲᠡᠭᠡᠳ ᠤᠨ ᠬᠢᠨ ᠰᠤᠳᠤᠯᠤᠨ ᠨᠡᠭᠡᠭᠡᠬᠦ ᠳᠤ ᠪᠡᠯᠡ ᠣᠷᠣᠭᠤᠯᠬᠤ᠂ ᠦᠷ᠎ᠡ ᠪᠦᠲᠦᠭᠡᠯ ᠢ ᠣᠨᠳᠣᠣᠰᠢᠭᠤᠯᠬᠤ ᠶᠢᠨ ᠭᠤᠣᠯ ᠬᠦᠴᠦᠨ ᠪᠣᠯᠬᠤ ᠪᠠᠷ | ᠴᠢᠷᠮᠠᠶᠢᠬᠤ ᠬᠡᠷᠡᠭᠲᠡᠢ᠃ | ᠰᠢ ᠶᠢᠨ ᠫᠢᠩ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠡᠷᠦ ᠠᠴᠠ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠣᠷᠣᠨ ᠪᠦᠰᠡ ᠶᠢᠨ | ᠬᠠᠮᠲᠤᠷᠠᠯᠴᠠᠭᠠᠨ ᠤ ᠠᠬᠢᠴᠠ ᠯᠤᠭ᠎ᠠ ᠠᠭᠤᠰᠤᠯᠴᠠᠨ ᠲᠠᠭᠠᠯᠳᠤᠬᠰᠠᠭᠠᠷ ᠢᠷᠡᠵᠠᠢ᠃ ᠳᠤᠮᠳᠠᠳᠤ ᠤᠯᠤᠰ ᠴᠢᠨᠡᠭᠡᠯᠢᠭ ᠨᠡᠶᠢᠭᠡᠮ ᠢ ᠲᠣᠭᠲᠠᠭᠰᠠᠨ ᠬᠤᠭᠤᠴᠠᠭᠠᠨ ᠳᠤ | ᠪᠦᠬᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠡᠢ᠂ | ᠡᠨᠡ ᠨᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠳᠤ ᠨᠡᠩ ᠶᠡᠭᠡ ᠠᠵᠠ ᠲᠣᠬᠢᠶᠠᠯ ᠠᠪᠴᠢᠷᠠᠬᠤ ᠪᠣᠯᠣᠨ᠎ᠠ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠬᠡᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ | ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠰᠢᠨ᠎ᠡ ᠠᠬᠢᠴᠠ ᠲᠠᠢ | ᠪᠣᠯᠬᠤ ᠶᠢ ᠠᠬᠢᠭᠤᠯᠵᠤ᠂ ᠥᠨᠳᠥᠷ ᠲᠦᠪᠰᠢᠨ ᠤ᠂ ᠲᠦᠷᠢᠮ ᠤᠨ ᠮᠠᠶ᠋ᠢᠭ ᠤᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠢᠭᠡᠳᠦᠯᠲᠡᠶ ᠨᠡᠭᠡᠭᠡᠯᠲᠡ ᠲᠠᠢ᠂ ᠥᠷᠢᠰᠥᠯᠳᠦᠭᠡᠨ ᠲᠠᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ | ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠠᠵᠤ ᠠᠬᠤᠶ ᠶᠢᠨ ᠠᠯᠤᠰ ᠬᠡᠲᠦ ᠶᠢᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠶᠢᠨ | ᠬᠠᠮᠲᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠵᠢᠴᠢ ᠪᠥᠬᠦ ᠪᠦᠮᠪᠦᠷᠴᠡᠭ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠳᠤᠮᠳᠠᠳᠤ ᠤᠯᠤᠰ ᠲᠤ ᠢᠷᠡᠵᠦ | ᠪᠠᠯᠠ ᠣᠷᠣᠭᠤᠯᠤᠨ ᠠᠵᠢᠯ ᠦᠢᠯᠡᠰ ᠬᠥᠭᠵᠢᠭᠦᠯᠬᠦ ᠳᠤ ᠨᠠᠩ ᠰᠠᠶᠢᠨ ᠪᠠᠲᠤᠯᠠᠭ᠎ᠠ ᠬᠠᠩᠭᠠᠨ᠎ᠠ᠃ | ᠳᠤᠮᠳᠠᠳᠤ ᠤᠯᠤᠰ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ | ᠵᠢᠴᠢ ᠪᠦᠬᠦ ᠪᠦᠮᠪᠦᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ | ᠡᠷᠡᠰ ᠬᠡᠷᠡᠭᠵᠢᠭᠦᠯᠵᠦ᠂ ᠪᠠᠭ᠎ᠠ ᠨᠡᠭᠦᠷᠡᠰᠦᠲᠥ᠋ᠷᠥᠭᠴᠢᠲᠦ ᠪᠤᠯᠭᠠᠨ ᠬᠡᠯᠪᠡᠷᠢ ᠪᠠᠨ ᠬᠤᠪᠢᠷᠠᠭᠤᠯᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠨᠢᠭᠡᠳᠦᠯᠲᠡᠢ | ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ | ᠢᠳᠡᠪᠬᠢᠲᠡᠢ ᠣᠷᠣᠯᠴᠠᠵᠤ᠂ ᠪᠣᠬᠢᠷᠲᠤᠯ ᠦᠭᠡᠢ ᠬᠥᠭᠵᠢᠯᠲᠡ ᠶᠢᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠤᠯᠤᠰ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠠᠬᠢᠭᠤᠯᠬᠤ ᠪᠠᠷ ᠴᠢᠷᠮᠠᠶᠢᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠠᠵᠤ ᠠᠬᠤᠢ ᠶᠢᠨ ᠬᠥᠭᠵᠢᠯᠲᠡ ᠳᠤ ᠬᠦᠴᠦ ᠨᠡᠮᠡᠷᠢᠯᠡᠨ᠎ᠡ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠬᠦ ᠪᠦᠮᠪᠦᠷᠴᠡᠭ ᠤᠨ ᠠᠵᠤ ᠠᠬᠤᠢ ᠶᠢᠨ | ᠵᠠᠰᠠᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠶᠢ ᠡᠷᠡᠰ ᠠᠬᠢᠭᠤᠯᠵᠤ᠂ ᠪᠦᠬᠦ ᠪᠦᠮᠪᠦᠷᠴᠡᠭ ᠤᠨ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠴᠥᠭᠡᠳᠭᠡᠬᠦ᠂ ᠠᠮᠤ ᠪᠤᠳᠠᠭᠠᠨ ᠤ ᠠᠮᠤᠷ ᠲᠦᠪᠰᠢᠨ᠂ ᠬᠥᠭᠵᠢᠯᠲᠡ ᠪᠡᠯᠡ ᠴᠤᠭᠯᠠᠭᠤᠯᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠰᠡᠷᠭᠦᠯᠲᠡ ᠪᠠ ᠦᠷᠭᠦᠯᠵᠢᠯᠡᠬᠦ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ | ᠪᠦᠮᠪᠦᠷᠴᠡᠭ ᠤᠨ ᠬᠥᠭᠵᠢᠯᠲᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯᠣᠨ᠎ᠠ᠃ | |