ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ᠶᠢᠨ ᠲᠤᠬᠠᠢ ᠰᠠᠨᠠᠯ ᠬᠤᠷᠢᠶᠠᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/16
       ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ      ᠸᠠᠩ ᠶᠠᠩ  ᠸᠠᠩ ᠬᠤ᠋ ᠨᠢᠩ  ᠵᠤᠤ ᠯᠧ ᠵᠶᠢ ᠬᠤᠷᠠᠯ ᠳᠤ ᠣᠷᠣᠯᠴᠠᠵᠠᠢ      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 12 ᠤᠨ ᠴᠠᠬᠢᠯᠭᠠᠨ ᠮᠡᠳᠡᠭᠡ  ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ 9 ᠰᠠᠷ᠎ᠠ ᠶᠢᠨ 10 ᠤ ᠡᠳᠦᠷ ᠵᠦᠩ ᠨᠠᠨ ᠬᠠᠢ ᠳᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ᠶᠢᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠮᠠᠨ ᠤ ᠨᠠᠮ ᠦᠷᠭᠦᠯᠵᠢᠯᠡᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠮᠠᠨ ᠤ ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠳᠤᠮᠳᠠ ᠣᠯᠤᠭᠰᠠᠨ ᠬᠤᠪᠢᠷᠠᠯᠲᠠ ᠶᠢ ᠠᠷᠭᠠᠴᠠᠭᠠᠬᠰᠠᠨ᠂ ᠶᠡᠭᠡ ᠲᠠᠯ᠎ᠠ ᠶᠢ ᠡᠵᠡᠮᠳᠡᠭᠰᠡᠨ᠂ ᠰᠢᠨ᠎ᠡ ᠪᠠᠶᠢᠳᠠᠯ ᠢ ᠨᠡᠭᠡᠭᠡᠭᠰᠡᠨ ᠲᠡᠦᠬᠡᠨ ᠲᠤᠷᠰᠢᠯᠭ᠎ᠠ ᠶᠢ ᠪᠦᠬᠦ ᠲᠠᠯ᠎ᠡ ᠪᠠᠷ ᠳ᠋ᠦᠡᠭᠨᠡᠵᠤ᠂ ᠮᠠᠨ ᠤ ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠳᠤᠮᠳᠠ ᠣᠯᠤᠭᠰᠠᠨ ᠮᠠᠨ ᠤ ᠤᠯᠤᠰ ᠤᠨ ᠬᠤᠪᠢᠰᠬᠠᠯ ᠤᠨ ᠵᠠᠮ᠂ ᠪᠦ᠋ᠲᠦᠭᠡᠨ ᠪᠠᠶᠢᠭᠤᠯᠤᠯᠲᠠ ᠶᠢᠨ ᠵᠠᠮ᠂ ᠥᠭᠡᠷᠡᠴᠢᠯᠡᠯᠲᠡ ᠶᠢᠨ ᠵᠠᠮ ᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠡ ᠪᠠᠷ ᠳ᠋ᠦᠡᠭᠨᠡᠵᠤ᠂ ᠮᠠᠨ ᠤ ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠳᠤᠮᠳᠠ ᠣᠯᠤᠭᠰᠠᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠤᠭᠰᠠᠨ ᠲᠡᠦᠬᠡᠨ ᠲᠤᠷᠰᠢᠯᠭ᠎ᠠ ᠶᠢ ᠪᠦᠬᠦ ᠲᠠᠯ᠎ᠡ ᠪᠠᠷ ᠳ᠋ᠦᠡᠭᠨᠡᠵᠤ᠂ ᠮᠠᠨ ᠤ ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠳᠤᠮᠳᠠ ᠣᠯᠤᠭᠰᠠᠨ ᠵᠣᠷᠢᠭᠲᠠᠶ ᠪᠠᠷ ᠲᠡᠮᠡᠴᠡᠬᠦ᠂ ᠲᠡᠮᠡᠴᠡᠬᠦ ᠳᠡᠭᠡᠨ ᠴᠢᠳᠠᠮᠠᠭᠠᠢ ᠪᠠᠶᠢᠬᠤ ᠲᠡᠤᠭᠡᠨ ᠲᠤᠷᠰᠢᠯᠭ᠎ᠠ ᠶᠢ ᠪᠦᠬᠦ ᠲᠠᠯ᠎ᠡ ᠪᠠᠷ ᠳ᠋ᠦᠡᠭᠨᠡᠵᠤ᠂ ᠮᠠᠨ ᠤ ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠳᠤᠮᠳᠠ ᠣᠯᠤᠭᠰᠠᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠲᠡᠦᠬᠡᠨ ᠲᠤᠷᠰᠢᠯᠭ᠎ᠠ ᠶᠢ ᠪᠦᠬᠦ ᠲᠠᠯ᠎ᠡ ᠪᠠᠷ ᠳ᠋ᠦᠡᠭᠨᠡᠵᠤ᠂ ᠪᠦᠬᠦ ᠨᠠᠮ ᠢᠶᠠᠷ ᠢᠶᠠᠨ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠲᠠᠢ᠂ ᠤᠷᠢᠳ ᠭᠠᠷᠤᠭ᠎ᠠ ᠦᠭᠡᠢ ᠪᠦᠯᠬᠦᠮᠳᠡᠨ ᠨᠢᠭᠡᠳᠴᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢ ᠪᠦᠷᠢᠯᠳᠦᠬᠦᠯᠬᠦ ᠶᠢ ᠠᠬᠢᠭᠤᠯᠵᠤ᠂ ᠨᠠᠮ ᠪᠠ ᠤᠯᠤᠰ ᠤᠨ ᠬᠥᠭᠵᠢᠯ ᠮᠠᠨᠳᠤᠯ ᠢ ᠪᠡᠶᠡᠯᠡᠭᠦᠯᠬᠦ᠂ ᠥᠨᠢ ᠤᠳᠠᠭᠠᠨ ᠠᠮᠤᠷ ᠲᠤᠬᠳᠠᠭᠤᠨ ᠢ ᠪᠠᠶᠠᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃      ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠶᠠᠩ᠂ ᠸᠠᠩ ᠬᠤ᠋ ᠨᠢᠩ᠂ ᠵᠤᠤ ᠯᠧ ᠵᠶᠢ ᠶᠠᠷᠢᠯᠴᠠᠬᠤ ᠬᠤᠷᠠᠯ ᠳᠤ ᠣᠷᠣᠯᠴᠠᠵᠠᠢ᠃      ᠶᠠᠷᠢᠯᠴᠠᠬᠤ ᠬᠤᠷᠠᠯ ᠳᠡᠭᠡᠷ᠎ᠡ᠂ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ᠂ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠲᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠴᠧᠨ ᠵᠦ᠂ ᠲᠤᠮᠳᠠᠳᠤ ᠤᠯᠤᠰ ᠤᠨ ᡁᠢᠬᠦ᠋ᠩᠳᠠᠩ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠸᠠᠨ ᠭᠠᠩ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠣ᠋ ᠬᠤᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠵᠧᠦ ᠭᠤᠸᠠᠩ ᠴᠢᠤᠸᠠᠨ ᠤᠷᠢᠳ ᠬᠤᠵᠢᠳ ᠦᠭᠡ ᠬᠡᠯᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ᠶᠢᠨ ᠨᠤᠤᠷᠠᠭ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠠᠨ ᠢᠯᠡᠳᠭᠡᠵᠦ᠂ ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠴᠢᠳᠠᠮᠠᠭᠠᠢ ᠡᠵᠡᠮᠳᠡᠵᠦ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠡᠵᠡᠮᠰᠢᠬᠦ ᠤᠯᠤᠰ ᠲᠦᠷᠦ ᠶᠢᠨ ᠤᠬᠠᠮᠰᠠᠷ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠲᠡᠦᠬᠡᠨ ᠠᠶᠠᠨ ᠳᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠡᠷᠡᠰ ᠪᠠᠲᠤ ᠵᠣᠷᠢᠭ ᠰᠠᠨᠠᠭ᠎ᠠ ᠪᠠ ᠲᠡᠦᠬᠡᠲᠦ ᠬᠠᠷᠢᠭᠤᠴᠠᠯᠭ᠎ᠠ ᠡᠬᠦᠷᠭᠡᠯᠡᠯ ᠢ ᠬᠠᠷᠠᠭᠤᠯᠵᠤ᠂ ᠴᠢᠬᠤᠯᠠ ᠶᠡᠭᠡ ᠠᠬᠤᠶᠢᠴᠢ ᠠᠴᠢ ᠬᠤᠯᠪᠣᠭᠳᠠᠯ ᠪᠠ ᠠᠯᠤᠰ ᠬᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠲᠡᠢ ᠦᠵᠡᠵᠡᠭᠡᠪᠡ᠃      ᠶᠠᠷᠢᠶᠠᠨ ᠳᠠᠭᠠᠨ᠂ ᠣᠯᠠᠨ ᠢᠶᠠᠷ ᠢᠶᠠᠨ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠥᠷᠭᠡᠨ ᠳᠡᠯᠭᠡᠷ ᠤᠬᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠥᠯᠢᠭᠡᠷ ᠢ ᠨᠠᠩ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠲᠥᠷᠥ ᠶᠢᠨ ᠨᠠᠮ ᠤᠨ ᠪᠠᠶᠢᠭᠤᠯᠤᠯ ᠤᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠳᠦᠨ ᠨᠡᠭᠡᠭᠡᠭᠰᠡᠨ ᠳᠤᠮᠳᠠᠳᠤ ᠤᠯᠤᠰ ᠤᠨ ᠮᠠᠶ᠋ᠢᠭ ᠤᠨ ᠠᠷᠠᠳᠴᠢᠯᠠᠯ ᠤᠨ ᠥᠯᠢᠭᠡᠷ ᠢ ᠰᠠᠶᠢᠲᠤᠷ ᠶᠠᠷᠢᠬᠤ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠤᠯᠢᠵᠢᠯ ᠤᠨ ᠪᠠᠶᠢᠭᠤᠯᠤᠯᠲᠠ ᠶᠢ ᠴᠢᠬᠤᠯᠠᠴᠢᠯᠠᠭᠰᠠᠨ ᠲᠤᠷᠰᠢᠯᠭ᠎ᠠ᠂ ᠬᠥᠳᠡᠭᠡ ᠲᠣᠰᠬᠤᠨ ᠤ ᠠᠵᠢᠯ ᠢ ᠴᠢᠬᠤᠯᠠᠴᠢᠯᠠᠭᠰᠠᠨ ᠲᠤᠷᠰᠢᠯᠭ᠎ᠠ᠂ ᠨᠢᠭᠡᠳᠦᠮᠡᠯ ᠹᠷᠣᠨᠲ ᠤᠨ ᠠᠵᠢᠯ ᠢ ᠴᠢᠬᠤᠯᠠᠴᠢᠯᠠᠬᠰᠠᠨ ᠲᠤᠷᠰᠢᠯᠭ᠎ᠠ᠂ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠶᠢ ᠴᠢᠬᠤᠯᠠᠴᠢᠯᠠᠬᠰᠠᠨ ᠲᠤᠷᠰᠢᠯᠭ᠎ᠠ ᠶᠢ ᠬᠦᠨᠵᠡᠭᠡᠢ ᠳ᠋ᠦᠩᠨᠡᠬᠦ︔ ᠦᠨᠡᠨ ᠠᠴᠠ ᠵᠦᠪ ᠢ ᠡᠷᠢᠬᠦ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠬᠤ︔ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠤᠨ ᠥᠪᠡᠷᠮᠢᠴᠡ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠡ ᠤ ᠠᠬ᠎ᠠ ᠳᠡᠭᠦᠦ ᠨᠡᠷ ᠤᠨ ᠰᠡᠳᠭᠢᠯ ᠰᠠᠨᠠᠭ᠎ᠠ ᠪᠠᠨ ᠤᠯᠤᠯᠴᠠᠬᠤ ᠶᠢ ᠪᠡᠶᠡᠯᠡᠭᠦᠯᠵᠦ ᠂ ᠡᠬᠡ ᠣᠯᠤᠰ ᠢᠶᠠᠨ ᠨᠠᠶᠢᠷᠠᠮᠳᠠᠯ ᠢᠶᠠᠷ ᠨᠢᠭᠡᠳᠭᠡᠬᠦ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ︔ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠤᠨ ᠳᠠᠪᠠᠭᠤᠯᠢᠭ ᠢ ᠴᠢᠨᠠᠬᠰᠢᠳᠠ ᠪᠠᠳᠠᠷᠠᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ︔ ᠰᠢᠢᠳᠪᠦᠷᠢ ᠶᠢ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠵᠡᠷᠭᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃      ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ᠶᠢ ᠲᠤᠬᠳᠠᠭᠠᠬᠤ ᠪᠣᠳᠣᠯᠬᠢᠯᠠᠯ ᠪᠠ ᠪᠢᠴᠢᠭ ᠮᠠᠲ᠋ᠧᠷᠢᠶᠠᠯ ᠢ ᠲᠤᠭᠤᠷᠪᠢᠬᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠤᠨ᠎ᠠ᠃ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠡᠨᠡ ᠬᠦ ᠴᠢᠬᠤᠯᠠ ᠶᠡᠭᠡ ᠲᠡᠦᠬᠡᠨ ᠴᠠᠭ ᠮᠥᠴᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠨᠢ ᠪᠦᠬᠦ ᠨᠠᠮ ᠤᠨ ᠦᠵᠡᠯ ᠰᠠᠨᠠᠭ᠎ᠠ ᠶᠢ ᠨᠢᠭᠡᠳᠭᠡᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠢᠷᠡᠭᠡᠳᠦᠢ ᠶᠢ ᠨᠡᠭᠡᠭᠡᠬᠦ᠂ ᠲᠡᠦᠬᠡ ᠶᠢᠨ ᠵᠢᠮ᠎ᠡ ᠶᠣᠰᠣ ᠶᠢ ᠲᠠᠨᠢᠬᠤ᠂ ᠲᠡᠦᠬᠡ ᠶᠢᠨ ᠤᠬᠠᠮᠰᠠᠷ ᠢ ᠴᠢᠩᠭᠠᠳᠬᠠᠬᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠰᠢᠬᠦ ᠂ ᠪᠦᠬᠦ ᠨᠠᠮ ᠢᠶᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠨᠠᠮ ᠤᠨ ᠲᠥᠪ ᠬᠤᠷᠢᠶ᠎ᠠ ᠦᠵᠡᠵᠦ ᠪᠠᠶᠢᠨ᠎ᠠ᠃ ᠡᠶᠢᠮᠦ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠤᠰᠬᠠᠶᠢᠯᠠᠨ ᠨᠢᠭᠡ ᠤᠳᠠᠭ᠎ᠠ ᠶᠢᠨ ᠪᠥᠬᠦᠳᠡ ᠬᠤᠷᠠᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠪᠠᠷ ᠲᠣᠭᠲᠠᠵᠠᠢ ᠭᠡᠵᠦ ᠴᠢᠬᠤᠯᠠᠴᠢᠯᠠᠪᠠ᠃      ᠰᠢ ᠶᠢᠨ ᠫᠢᠩ᠂ 4 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠲᠤ ᠨᠠᠶᠢᠳᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠥᠪᠯᠡᠬᠦ ᠰᠡᠳᠦᠪ ᠤᠨ ᠲᠤᠬᠠᠶ ᠣᠯᠠᠨ ᠤ ᠰᠠᠨᠠᠯ ᠢ ᠲᠤᠰᠬᠠᠶᠢᠯᠠᠨ ᠬᠤᠷᠢᠶᠠᠪᠠ᠃ ᠨᠥᠬᠦᠳ ᠨᠡᠷ ᠮᠠᠰᠢ ᠤᠯᠠᠨ ᠦᠨ᠎ᠡ ᠦᠷᠳᠡᠭ ᠲᠠᠢ ᠰᠠᠨᠠᠯ ᠰᠠᠨᠠᠭᠤᠯᠭ᠎ᠠ ᠳᠤᠷᠠᠳᠴᠤ᠂ ᠰᠢᠢᠳᠪᠦᠷᠢ ᠶᠢᠨ ᠨᠤᠤᠷᠠᠭ ᠢ ᠲᠤᠭᠤᠷᠪᠢᠬᠤ ᠳᠤ ᠴᠢᠬᠤᠯᠠ ᠯᠠᠪᠯᠠᠭ᠎ᠠ ᠬᠠᠩᠭᠠᠪᠠ᠃ ᠰᠠᠶ᠋ᠢᠬᠠᠨ ᠤᠯᠠᠨ ᠢᠶᠠᠷ ᠢᠶᠠᠨ ᠪᠠᠰᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠰᠤᠳᠤᠯᠤᠨ ᠰᠢᠢᠳᠪᠦᠷᠢᠯᠡᠬᠦ ᠴᠢᠬᠤᠯᠠᠲᠠᠢ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠳᠤᠷᠠᠳᠪᠠ᠂ ᠪᠢᠳᠡ ᠬᠢᠨᠠᠮᠠᠭᠠᠢ ᠰᠤᠳᠤᠯᠵᠤ ᠰᠢᠩᠭᠡᠭᠡᠨ ᠠᠪᠤᠨ᠎ᠠ᠃ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠵᠠᠭᠤᠨ ᠵᠢᠯ ᠤᠨ ᠲᠡᠮᠡᠴᠡᠯ ᠤᠨ ᠲᠡᠤᠬᠡᠨ ᠶᠠᠪᠤᠴᠠ ᠳᠤᠮᠳᠠ᠂ ᠳᠤᠮᠳᠠᠳᠤ ᠤᠯᠤᠰ ᠤᠨ ᠡᠪ ᠬᠠᠮᠲᠤ ᠨᠠᠮ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠲᠤᠭ ᠢ ᠥᠨᠳᠥᠷ ᠮᠠᠨᠳᠤᠭᠤᠯᠵᠤ᠂ ᠬᠠᠮᠤᠭ ᠤᠨ ᠥᠷᠭᠡᠨ ᠳᠡᠯᠭᠡᠷ ᠨᠢᠭᠡᠳᠦᠮᠡᠯ ᠹᠷᠣᠨᠲ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠬᠦ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠶᠯ ᠪᠦᠬᠦᠨ ᠢ ᠳᠠᠶᠢᠴᠢᠯᠠᠵᠤ᠂ ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠶᠯᠡᠳᠦᠯ ᠢ ᠪᠠᠳᠠᠷᠠᠭᠤᠯᠵᠤ᠂ ︽ᠤᠷᠲᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠭᠢᠯ ᠠᠴᠠ ᠪᠠᠨ ᠨᠥᠬᠦᠷᠯᠡᠬᠦ᠂ ᠵᠢᠷᠭᠠᠯ ᠵᠣᠪᠠᠯ ᠢᠶᠠᠨ ᠬᠠᠮᠲᠤᠳᠬᠠᠬᠤ︾ ᠣᠯᠠᠨ ᠨᠠᠮ ᠤᠨ ᠬᠠᠮᠲᠤᠷᠠᠨ ᠠᠵᠢᠯᠯᠠᠬᠤ ᠴᠢᠭᠯᠡᠯᠲᠡ ᠶᠢ ᠠᠯᠬᠤᠮ ᠠᠯᠬᠤᠮ ᠢᠶᠠᠷ ᠲᠣᠭᠲᠠᠭᠠᠵᠤ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠲᠦᠷᠢᠮ ᠪᠠ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠲᠦᠷᠢᠮ ᠢ ᠬᠥᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠬᠤ ᠲᠠᠯ᠎ᠠ ᠪᠠᠷ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠬᠤ᠂ ᠲᠠᠰᠤᠷᠠᠯᠲᠠ ᠦᠭᠡᠢ ᠬᠥᠭᠵᠢᠨ ᠳᠠᠪᠰᠢᠬᠤ ᠶᠢ ᠤᠳᠤᠷᠢᠳᠤᠨ ᠬᠠᠪᠰᠤᠷᠴᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠦᠨᠡᠨ ᠰᠡᠳᠭᠢᠯ ᠠᠴᠠ ᠪᠠᠨ ᠨᠥᠬᠦᠷᠯᠡᠵᠦ᠂ ᠭᠠᠷ ᠬᠤᠯᠪᠣᠨ ᠤᠷᠤᠭᠰᠢᠯᠠᠭᠰᠠᠨ ᠰᠡᠳᠭᠢᠯ ᠨᠢᠭᠡᠳᠦᠨ ᠲᠡᠮᠡᠴᠡᠭᠰᠡᠨ ᠲᠡᠦᠬᠡ ᠠᠭᠤᠯᠤᠭᠳᠠᠵᠤ ᠪᠠᠶᠢᠨ᠎ᠠ᠃ ᠡᠯ᠎ᠡ ᠠᠷᠠᠳᠴᠢᠯᠠᠭᠰᠠᠨ ᠨᠠᠮ ᠪᠦᠯᠦᠭ ᠢᠮᠠᠭᠲᠠ ᠤᠯᠤᠰ ᠪᠠ ᠦᠨᠳᠦᠰᠦᠲᠡᠨ ᠲᠠᠢ ᠪᠠᠨ ᠬᠤᠪᠢ ᠵᠠᠶᠠᠭ᠎ᠠ ᠪᠠᠨ ᠨᠢᠬᠡᠳᠭᠡᠨ᠂ ᠰᠡᠳᠭᠢᠯ ᠵᠢᠷᠤᠬᠡ ᠪᠠᠨ ᠬᠤᠯᠪᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠵᠤᠪᠠᠭᠤᠷᠢ ᠵᠦᠳᠡᠭᠦᠷᠢ ᠪᠠᠨ ᠬᠠᠮᠳᠤᠳᠬᠠᠨ᠂ ᠵᠢᠷᠭᠠᠯ ᠵᠣᠪᠠᠯ ᠢᠶᠠᠨ ᠬᠠᠮᠲᠤᠳᠬᠠᠬᠰᠠᠨ ᠢ ᠲᠡᠦᠭᠡ ᠭᠡᠷᠡᠴᠢᠯᠡᠵᠡᠢ᠃ ᠤᠯᠠᠨ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠳᠣᠲᠣᠨᠣ ᠪᠠᠷ ᠬᠠᠮᠲᠤᠷᠠᠨ ᠠᠵᠢᠯᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠵᠥᠪ ᠲᠡᠦᠬᠡ ᠶᠢᠨ ᠦᠵᠡᠯᠲᠡ᠂ ᠶᠡᠭᠡ ᠲᠠᠯ᠎ᠠ ᠶᠢᠨ ᠦᠵᠡᠯᠲᠡ᠂ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠤᠯᠠᠨ ᠨᠠᠮ ᠬᠠᠮᠲᠤᠷᠠᠨ ᠠᠵᠢᠯᠯᠠᠬᠤ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠡᡁᠧ᠂ ᠯᠢ ᠬᠤᠩ ᠵᠦᠩ᠂ ᠶᠠᠩ ᠵᠢᠶᠧ ‍ᠤᠤᠢ᠂ ᠶᠠᠩ ᠰᠢᠶᠤᠤ ᠳ᠋ᠦ᠋᠂ ᠵᠠᠩ ᠶᠢᠤ ᠰᠢᠶᠠ᠂ ᠴᠧᠨ ᠰᠢ᠂ ᠭᠦᠸᠧ ᠱᠧᠩ ᠺᠦᠨ᠂ ᠬᠤᠸᠠᠩ ᠺᠦᠨ ᠮᠢᠩ᠂ ᠶᠢᠤ ᠴᠢᠤᠸᠠᠨ᠂ ᠰᠢᠶᠤᠤ ᠵᠢᠶᠧ᠂ ᠵᠠᠩ ᠴᠢᠩ ᠯᠢ᠂ ᠡᡁᠧ ᠯᠢ ᠹᠧᠩ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠤ ᠣᠷᠣᠯᠴᠠᠭᠰᠠᠨ ᠨᠠᠮ ᠤᠨ ᠭᠠᠳᠠᠨᠠᠬᠢ ᠬᠥᠮᠦᠰ ᠲᠤ ᠪᠠᠰᠠ ᠴᠧᠨ ᠰᠢᠶᠤᠤ ᠭᠤᠸᠠᠩ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ ᠪᠣᠯᠤᠨ ᠵᠢᠶᠠᠩ ᠽᠦᠸᠧ ᠵᠢᠶᠦ᠋ᠨ᠂ ᠯᠢ ᠶᠤᠸᠠᠢ ᠹᠧᠩ᠂ ᠰᠢᠶᠧ ᠵᠢᠩ ᠷᠦᠩ᠂ ᠡᠸ ᠰᠢᠶᠠᠩ ᠫᠢᠩ ᠨᠠᠷ ᠪᠤᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ