ᠨᠢᠭᠡ ᠭᠠᠵᠠᠷ ᠤᠨ ᠬᠢᠨ ᠬᠥᠪᠰᠥᠭᠡᠷ ᠪᠢᠩᠭᠠᠨ ᠠᠴᠠ ᠸᠢᠷᠦ᠋ᠰ ᠤᠨ ᠪᠠᠺᠲ᠋ᠧᠷᠢ ᠪᠠᠶᠢᠴᠠᠭᠠᠵᠤ ᠭᠠᠷᠭᠠᠪᠠ︕
ᠨᠡᠶᠢᠲᠡᠯᠡᠭᠰᠡᠨ ᠴᠠᠭ᠄
2021/11/16
                   ᠬᠠᠷᠠᠮᠥ᠋ᠷᠡᠨ ᠮᠤᠵᠢ ᠶᠢᠨ ᠾᠸᠢ ᠾᠧ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ  ᠬᠡᠯᠲᠡᠰ ᠤᠨ ᠸᠢᠴᠠᠲ ‍ᠤᠨ‌ᠣᠯᠠᠨ ᠨᠡᠶᠢᠲᠡ ᠶᠢᠨ ᠳ᠋ᠤᠭᠠᠷ ︽ᠾᠸᠢ ᠾᠧ ᠶᠢᠨ ᠭᠠᠳᠠᠷ ᠨᠢᠭᠤᠷ︾ ᠤᠨ 11 ᠰᠠᠷ᠎ᠠ ᠶᠢᠨ 14 ᠤ ᠡᠳᠦᠷ ᠤᠨ ᠮᠡᠳᠡᠭᠡ ᠶᠢ ᠦᠨᠳᠦᠰᠦᠯᠡᠪᠡᠯ᠂ 11ᠰᠠᠷ᠎ᠠ ᠶᠢᠨ13 ᠤ ᠡᠳᠦᠷ᠂ ᠾᠸᠢ ᠾᠧ ᠬᠤᠲᠠ ᠶᠢᠨ ᠬᠢᠨ ᠬᠢᠵᠢᠭ ᠢ ᠰᠡᠷᠭᠡᠶᠢᠯᠡᠨ  ᠬᠤᠷᠢᠬᠯᠠᠬᠤ ᠠᠵᠢᠯ ᠳᠤᠮᠳᠠ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠣᠷᠣᠰ ᠠᠴᠠ ᠣᠷᠣᠭᠤᠯᠤᠭᠰᠠᠨ ᠢᠳᠡᠭᠡᠨ ᠳᠤ ᠪᠥᠭᠡᠮ ᠬᠦᠴᠢᠯ ‍ᠤᠨ‌‍ᠰᠢᠯᠭᠠᠨ ᠪᠠᠶᠢᠴᠠᠭᠠᠯᠲᠠ ᠬᠢᠭᠰᠡᠨ ᠳᠤ᠂  KONTI ᠬᠤᠩ ᠯᠦᠸᠧ ᠨᠢ  ᠴᠣᠺᠣᠯᠠᠳ᠋ ᠠᠮᠳᠠᠳᠤ  ᠬᠥᠪᠰᠥᠭᠡᠷ ᠪᠣᠭᠤᠷᠰᠤᠭ ︵ᠦᠢᠯᠡᠳᠪᠦᠷᠢᠯᠡᠭᠰᠡᠨ ᠡᠳᠦᠷ ᠬᠤᠭᠤᠴᠠᠭ᠎ᠠ ᠨᠢ 20210804︶᠂  KONTI ᠱᠣᠺᠣᠯᠠᠳ᠋  ᠠᠮᠳᠠᠳᠤ  ᠬᠥᠪᠰᠥᠭᠡᠷ‌‍ᠪᠢᠩᠭᠠᠨ ︵ᠦᠢᠯᠡᠳᠪᠦᠷᠢᠯᠡᠭᠰᠡᠨ ᠡᠳᠦᠷ ᠬᠤᠭᠤᠴᠠᠭ᠎ᠠ ᠨᠢ 20210804︶᠂ KONTI ᠠᠮᠲᠠᠲᠤ ᠬᠡᠮᠬᠡ ᠶᠢᠨ ᠠᠮᠲᠠᠲᠤ ᠬᠠᠭᠠᠰ ᠪᠥᠮᠪᠥᠭᠡᠯᠢᠭ ᠵᠥᠭᠡᠯᠡᠨ ᠰᠢᠬᠢᠷ ︵ᠦᠢᠯᠡᠳᠪᠦᠷᠢᠯᠡᠭᠰᠡᠨ ᠡᠳᠦᠷ ᠬᠤᠭᠤᠴᠠᠭ᠎ᠠ ᠨᠢ 20210817︶᠂ ᠤᠷᠤᠰ ‍ᠤᠨ‌ᠵᠢᠵᠢᠭ ᠰᠦᠨ ᠲᠠᠯᠬ᠎ᠠ ︵ᠦᠢᠯᠡᠳᠪᠦᠷᠢᠯᠡᠭᠰᠡᠨ ᠡᠳᠦᠷ ᠬᠤᠭᠤᠴᠠᠭ᠎ᠠ ᠨᠢ 20201008︶  ᠵᠡᠷᠭᠡ ᠳᠥᠷᠪᠡᠨ ᠲᠥᠷᠥᠯ ᠤᠨ ᠢᠳᠡᠭᠡᠨ ᠤ ᠭᠠᠳᠠᠷ ᠪᠤᠭᠤᠳᠠᠯ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠰᠡᠨ ᠤ ᠦᠷ᠎ᠡ ᠳ᠋ᠦᠩ ᠳᠤ ᠠᠷᠭ᠎ᠠ ᠴᠢᠨᠠᠷ ᠭᠠᠷᠪᠡ᠃  ᠬᠦᠢᠯᠭᠡᠭᠡᠨ ᠤ  ᠬᠦᠷᠢᠶᠡᠨ ᠳᠠᠬᠢ  ᠳᠡᠭᠡᠷ᠎ᠡ ᠳᠤᠷᠠᠳᠤᠭᠰᠠᠨ  ᠳᠥᠷᠪᠡᠨ  ᠲᠥᠷᠥᠯ ᠤᠨ ᠲᠣᠰ  ᠪᠦᠯᠦᠭ ᠤᠳᠠᠭ᠎ᠠ ᠤᠷᠤᠭᠤᠯᠤᠬᠰᠠᠨ ᠢᠳᠡᠭᠡᠨ ᠤ ᠥᠯᠢᠭᠡᠷ ᠡᠳ᠋ ᠶᠢ ᠤᠯᠠᠨ ᠭᠠᠵᠠᠷ ᠠᠴᠠ ᠠᠪᠴᠤ᠂ ᠪᠥᠭᠡᠮ ᠬᠦᠴᠢᠯ ᠤᠨ ᠰᠢᠯᠭᠠᠨ  ᠪᠠᠶᠢᠴᠠᠭᠠᠯᠲᠠ ᠬᠢᠭᠰᠡᠨ ᠤ ᠦᠷ᠎ᠡ ᠳ᠋ᠦᠩ ᠳᠤ ᠴᠥᠮ ᠪᠢᠯᠢᠭ ᠴᠢᠨᠠᠷ ᠭᠠᠷᠪᠠ᠃           ᠬᠡᠷᠪᠡ ᠬᠤᠲᠠ ᠶᠢᠨ ᠠᠷᠠᠳ  ᠳᠡᠭᠡᠷ᠎ᠡ  ᠳᠤᠷᠠᠳᠤᠭᠰᠠᠨ ᠢᠳᠡᠭᠡᠨ ᠢ  ᠬᠤᠳᠠᠯᠳᠤᠨ  ᠠᠪᠤᠬᠰᠠᠨ  ᠪᠠᠶᠢᠪᠠᠯ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤ ᠤᠷᠢᠲᠠᠯ ᠳᠣᠣᠷ᠎ᠠ᠂ ᠢᠳᠡᠭᠡᠨ ᠢ ᠠᠷᠢᠭᠤᠳᠬᠠᠨ ᠪᠢᠲᠡᠭᠦᠮᠵᠢᠯᠡᠵᠦ᠂ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠷᠢᠯᠴᠠᠭᠠᠷᠠᠶ᠃  ᠡᠭᠦᠨ ᠤ ᠬᠠᠮᠲᠤ᠂ ᠥᠷᠭᠡᠨ ᠣᠯᠠᠨ ᠬᠤᠲᠠ ᠶᠢᠨ ᠠᠷᠠᠳ ᠲᠤ ᠥᠪᠡᠷ ᠢ ᠪᠠᠨ ᠬᠠᠮᠠᠭᠠᠯᠠᠬᠤ  ᠤᠬᠠᠮᠰᠠᠷ ᠢᠶᠠᠨ ᠴᠢᠩᠭᠠᠳᠬᠠᠵᠤ᠂ ᠡᠷᠡᠭᠦᠯ ᠮᠡᠨᠳᠦ ᠶᠢ ᠬᠠᠮᠲᠤ ᠪᠠᠷ ᠰᠠᠬᠢᠨ ᠬᠠᠮᠠᠭᠠᠯᠠᠬᠤ ᠶᠢ ᠰᠠᠨᠠᠭᠤᠯᠤᠨ ᠮᠡᠳᠡᠭᠳᠡᠵᠦ ᠪᠠᠶᠢᠨ᠎ᠠ᠃ 
ᠢᠷᠡᠯᠲᠡ᠄ ᠠᠷᠠᠳ ᠤᠨ ᠰᠦᠯᠵᠢᠶ᠎ᠡ