ᠳᠠᠯᠠᠳ ᠬᠤᠰᠢᠭᠤᠨ ᠤ ᠭᠤᠷᠪᠠᠳᠤᠭᠠᠷ ᠤᠯᠠᠷᠢᠯ ᠤᠨ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠨᠡᠮᠡᠭᠳᠡᠯ ᠤᠨ ᠪᠠᠭᠤᠷᠠᠯᠳᠠ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2021/11/17
    7 ᠰᠠᠷ᠎ᠠ ᠠᠴᠠ ᠡᠬᠢᠯᠡᠨ ᠬᠡᠰᠡᠭ ᠪᠣᠷᠣᠯᠠᠭᠤᠯᠭ᠎ᠠ ᠰᠠᠶᠢᠲᠠᠶ ᠲᠡᠷᠭᠡᠨ ᠤ ᠬᠡᠯᠪᠡᠷᠢ ᠶᠢᠨ ᠴᠠᠬᠢᠮ ᠳᠤᠲᠠᠭᠳᠠᠭᠰᠠᠨ ᠠᠴᠠ ᠪᠣᠯᠵᠤ ᠮᠠᠰᠢᠨ ᠲᠡᠷᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠠᠷᠤᠯᠲᠠ ᠪᠠᠭᠤᠷᠠᠵᠤ ᠂ 8 ᠰᠠᠷ᠎ᠠ ᠳᠤ ᠪᠣᠷᠣᠯᠠᠭᠤᠯᠭ᠎ᠠ ᠶᠢᠨ ᠠᠵᠤ ᠠᠬᠤᠶᠢᠯᠠᠯ ᠤᠨ ᠪᠠᠷᠠᠭᠠᠨ ᠤ ᠢᠷᠡᠯᠲᠡ ᠪᠠᠴᠢᠮ ᠪᠣᠯᠵᠣ᠂ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠳᠤᠮᠳᠠᠬᠢ ᠪᠣᠷᠣᠯᠠᠭᠤᠯᠭ᠎ᠠ ᠶᠢ ᠠᠬᠢᠭᠤᠯᠬᠤ ᠬᠠᠷᠠᠭᠠᠯᠵᠠᠯ ᠤᠨ ᠠᠵᠢᠯᠯᠠᠭ᠎ᠠ ᠤᠯᠠᠮ ᠢᠶᠠᠷ ᠪᠠᠭᠠᠰᠴᠤ᠂ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠲᠤ ᠠᠳᠠᠯᠢ ᠪᠤᠰᠤ ᠬᠡᠮᠵᠢᠶ᠎ᠡ ᠪᠠᠷ ᠨᠥᠯᠥᠭᠡ ᠦᠵᠡᠭᠦᠯᠵᠦ᠂ ᠭᠤᠷᠪᠠᠳᠤᠭᠠᠷ ᠤᠯᠠᠷᠢᠯ ᠳᠤ ᠳᠠᠯᠠᠳ ᠬᠤᠰᠢᠭᠤᠨ ᠤ ᠨᠤᠷᠮ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 0.53 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠨ᠂ ᠪᠠᠭᠤᠷᠠᠯᠳᠠ ᠶᠢᠨ ᠬᠡᠮᠵᠢᠶ᠎ᠡ ᠨᠢ 1 — 8 ᠰᠠᠷ᠎ᠠ ᠶᠢᠨ ᠬᠢ ᠠᠴᠠ 8.3 ᠵᠠᠭᠤᠨ ᠤ ᠬᠤᠪᠢ ᠦᠨᠳᠦᠷ ᠪᠤᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 3.1 ᠵᠠᠭᠤᠨ ᠤ ᠬᠤᠪᠢ ᠪᠠᠭᠤᠷᠠᠵᠠᠢ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ