1— 9 ᠳ᠋ᠦ᠋ᠭᠡᠷ ᠰᠠᠷ᠎ᠠ  ᠶᠢᠨ ᠳᠠᠯᠠᠳ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2021/11/17
    1 — 9 ᠳ᠋ᠦ᠋ᠭᠡᠷ ᠰᠠᠷ᠎ᠠ ᠳᠤ᠂ ᠳᠠᠯᠠᠳ ᠬᠤᠰᠢᠭᠤᠨ ᠤ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 31 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠂ ᠪᠣᠷᠣᠯᠠᠭᠤᠯᠭ᠎ᠠ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 23.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ︔ ᠬᠥᠳᠡᠭᠡ ᠲᠣᠰᠬᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 7.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8 % ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠄ ᠢᠳᠡᠭᠡᠨ ᠤᠮᠳᠠᠭᠠᠨ ᠤ ᠣᠷᠣᠯᠭ᠎ᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 27.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3%  ᠪᠠᠷ ᠨᠡᠮᠡᠭᠳᠡᠪᠡ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ