︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠤᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢᠨ ᠲᠤᠬᠠᠢ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2021/11/22
      ᠰᠢ ᠶᠢᠨ ᠫᠢᠩ      ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠶᠢᠳᠠᠯᠭ᠎ᠠ ᠪᠠᠷ᠂ ᠪᠢ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢ ᠲᠤᠭᠤᠷᠪᠢᠨ ᠪᠢᠴᠢᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠶ᠎ᠠ᠃       ᠨᠢᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠥᠪᠯᠡᠬᠦ ᠰᠡᠳᠦᠪ ᠤᠨ ᠲᠤᠬᠠᠶ ᠪᠣᠳᠣᠯᠬᠢᠯᠠᠯ      ᠮᠠᠨ ᠤ ᠨᠠᠮ ᠲᠡᠦᠬᠡᠨ ᠲᠤᠷᠰᠢᠯᠭ᠎ᠠ ᠶᠢ ᠳ᠋ᠦᠩᠨᠡᠬᠦ ᠶᠢ ᠶᠡᠷᠦ ᠨᠢ ᠳᠡᠭᠡᠳᠤ ᠭᠡᠮᠵᠢᠶ᠎ᠠ ᠪᠠᠷ ᠴᠢᠬᠤᠯᠠᠴᠢᠯᠠᠭᠰᠠᠭᠠᠷ ᠢᠷᠡᠪᠠ᠃ ᠠᠯᠢ ᠡᠷᠲᠡ ᠶᠠᠨ ᠠᠨ ᠳᠤ ᠪᠠᠶᠢᠬᠤ ᠳᠠᠭᠠᠨ ᠮᠠᠤ ᠽᠧ ᠳ᠋ᠦᠩ ᠨᠥᠬᠦᠷ᠄ ︽ᠬᠡᠷᠪᠡ ᠨᠠᠮ ᠤᠨ ᠲᠡᠦᠬᠡ ᠶᠢ ᠲᠣᠳᠣᠷᠬᠠᠢ ᠮᠡᠳᠡᠬᠦ ᠤᠢᠭᠡᠢ᠂ ᠨᠠᠮ ᠤᠨ ᠲᠡᠦᠬᠡᠨ ᠳᠡᠭᠡᠷᠡᠬᠢ ᠶᠠᠪᠤᠵᠤ ᠦᠩᠭᠡᠷᠡᠭᠰᠡᠨ ᠵᠠᠮ ᠢ ᠲᠣᠳᠣᠷᠬᠠᠶ ᠮᠡᠳᠡᠬᠦ ᠦᠭᠡᠢ ᠪᠣᠯ ᠤᠴᠢᠷ ᠶᠠᠪᠤᠳᠠᠯ ᠢ ᠨᠡᠩ ᠰᠠᠶᠢᠨ ᠰᠢᠢᠳᠪᠤᠷᠢᠯᠡᠵᠤ ᠴᠢᠳᠠᠬᠤ ᠦᠭᠡᠢ ᠶᠤᠮ︾ ᠭᠡᠵᠤ ᠵᠢᠭᠠᠵᠤ ᠭᠠᠷᠭᠠᠵᠠᠢ᠃ ᠶᠠᠫᠣᠨ ᠢ ᠡᠰᠡᠷᠭᠦᠴᠡᠭᠰᠡᠨ ᠳᠠᠶᠢᠨ ᠤ ᠡᠴᠦᠰ ᠤᠨ ᠢᠯᠠᠯᠲᠠ ᠶᠢ ᠲᠡᠮᠡᠴᠡᠨ ᠣᠯᠬᠤ ᠵᠠᠩᠭᠢᠯᠠᠭ᠎ᠠ ᠶᠢᠨ ᠦᠶ᠎ᠠ ᠪᠤᠯᠬᠤ 1945 ᠣᠨ ᠳᠤ᠂ ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠠᠴᠠ ︽ᠲᠡᠤᠭᠡᠨ ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠪᠠᠲᠤᠯᠠᠵᠤ᠂ ᠨᠠᠮ ᠪᠠᠶᠢᠭᠤᠯᠤᠭᠳᠠᠭᠰᠠᠨ ᠤ ᠲᠠᠷᠠᠭᠠᠬᠢ ᠢᠯᠠᠩᠭᠤᠶ᠎ᠠ ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠽᠦᠨᠶ᠋ᠢ ᠶᠢᠨ ᠬᠤᠷᠠᠯᠳᠤᠭᠠᠨ ᠠᠴᠠ ᠡᠮᠦᠨ᠎ᠠ ᠬᠥᠷᠳᠡᠯᠠᠬᠢ ᠡᠨᠡ ᠬᠡᠰᠡᠭ ᠨᠠᠮ ᠤᠨ ᠲᠡᠤᠭᠡ ᠵᠢᠴᠢ ᠲᠡᠭᠦᠨ ᠤ ᠲᠤᠷᠰᠢᠯᠭ᠎ᠠ ᠰᠤᠷᠭᠠᠮᠵᠢ ᠶᠢ ᠳ᠋ᠦᠩᠨᠡᠵᠤ᠂ ᠴᠢᠬᠤᠯᠠ ᠶᠡᠭᠡ ᠲᠡᠦᠬᠡᠨ ᠠᠰᠠᠭᠤᠳᠠᠯ ᠤᠳ ᠲᠤ ᠳ᠋ᠦᠩ ᠭᠠᠷᠭᠠᠵᠤ᠂ ᠳᠤᠮᠳᠠᠳᠤ ᠤᠯᠤᠰ ᠤᠨ ᠬᠤᠪᠢᠰᠬᠠᠯ ᠤᠨ ᠦᠨᠳᠦᠰᠦᠨ ᠠᠰᠠᠭᠤᠳᠠᠯ ᠤᠨ ᠲᠤᠬᠠᠶ ᠪᠦᠬᠦ ᠨᠠᠮ ᠢᠯᠠᠩᠭᠤᠶ᠎ᠠ ᠨᠠᠮ ᠤᠨ ᠳᠡᠭᠡᠳᠦ ᠵᠡᠷᠭᠡ ᠶᠢᠨ ᠺᠠᠳ᠋ᠷᠴᠤᠳ ᠤᠨ ᠲᠠᠨᠢᠯᠲᠠ ᠶᠢ ᠨᠢᠭᠡᠳᠦᠯᠲᠡᠶ ᠪᠣᠯᠭᠠᠵᠤ᠂ ᠪᠦᠬᠦ ᠨᠠᠮ ᠤᠨ ᠪᠦᠯᠬᠦᠮᠳᠡᠯ ᠢ ᠴᠢᠩᠭᠠᠳᠬᠠᠭᠠᠳ᠂ ᠨᠠᠮ ᠤᠨ ᠳᠣᠯᠣᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠬᠤ ᠳᠤ ᠬᠥᠢᠴᠡᠳ ᠨᠥᠬᠦᠴᠡᠯ ᠪᠦᠷᠢᠳᠦᠭᠦᠯᠤᠨ ᠦᠭᠴᠤ᠂ ᠳᠤᠮᠳᠠᠳᠤ ᠤᠯᠤᠰ ᠤᠨ ᠬᠤᠪᠢᠰᠬᠠᠯ ᠤᠨ ᠦᠢᠯᠡᠰ ᠤᠨ ᠬᠥᠭᠵᠢᠯᠲᠡ ᠶᠢ ᠬᠥᠴᠤᠳᠠᠢ ᠠᠬᠢᠭᠤᠯᠤᠭᠰᠠᠨ ᠪᠠᠶᠢᠨ᠎ᠠ᠃       ᠥᠭᠡᠷᠡᠴᠢᠯᠡᠯᠲᠡ ᠨᠡᠭᠡᠭᠡᠯᠲᠡ ᠬᠢᠬᠦ ᠰᠢᠨ᠎ᠡ ᠦᠶ᠎ᠠ ᠳᠤ ᠣᠷᠣᠬᠰᠠᠨ ᠤ ᠲᠠᠷᠠᠭ᠎ᠠ᠂ ᠳ᠋ᠧᠩ ᠰᠢᠶᠤᠤ ᠫᠢᠩ ᠨᠥᠬᠦᠷ᠄ ︽ᠲᠡᠦᠭᠡᠠ ᠲᠡᠭᠡᠷᠡᠬᠢ ᠠᠮᠵᠢᠯᠳᠠ ᠤᠯᠦᠡᠡᠰᠡᠠ ᠲᠤᠷᠰᠢᠯᠭ᠎ᠠ ᠪᠤᠯ ᠡᠷᠬᠢᠮ ᠨᠡᠡᠳᠢᠠ ᠡᠳ᠋ ᠪᠡᠶᠡᠯᠢᠬ ᠶᠤᠮ᠂ ᠠᠯᠳᠠᠭ᠎ᠠ ᠭᠠᠷᠭᠠᠡᠡᠰᠡᠠ ᠲᠤᠷᠰᠢᠯᠭ᠎ᠠ᠂ ᠢᠯᠬᠠᠳ᠋ᠬᠠᠰᠡᠠ ᠲᠤᠷᠰᠢᠯᠭ᠎ᠠ ᠮᠦᠠ ᠴᠦ ᠠᠳᠡᠯᠢᠬᠠᠠ ᠡᠷᠬᠢᠮ ᠨᠡᠡᠳᠢᠠ ᠡᠳ᠋ ᠪᠡᠶᠡᠯᠢᠬ ᠶᠤᠮ᠃ ᠢᠡᠭᠬᠢᠵᠦ ᠪᠠᠶᠢᠭᠠᠦᠠ ᠴᠢᠭᠯᠡᠯᠳᠠ ᠲᠦᠷᠦ ᠶᠢᠨ ᠪᠤᠳᠦᠯᠭ᠎ᠠ ᠲᠤᠡᠡᠳᠡᠭᠠᠪᠡᠯ ᠪᠦᠬᠦ ᠨᠡᠮ ᠤᠨ ᠤᠢᠵᠡᠯ ᠰᠡᠨᠠᠭ᠎ᠠ ᠶᠢ ᠨᠢᠭᠡᠦᠡᠭᠡᠵᠦ ᠂ ᠰᠢᠨ᠎ᠡ ᠪᠦᠯᠬᠦᠮᠳᠡᠯ ᠳᠤ ᠬᠦᠷᠴᠦ ᠴᠢᠳᠡᠨ᠎ᠡ᠃ ᠢᠢᠮᠦ ᠰᠡᠭᠤᠷᠢ ᠪᠤᠯ ᠬᠠᠮᠤᠬ ᠤᠨ ᠨᠡᠶᠢᠳᠡᠪᠦᠷᠢᠳᠡᠢ ᠪᠠᠶᠢᠳᠠᠬ︾ ᠭᠡᠵᠤ ᠬᠡᠯᠡᠭᠰᠡᠨ ᠶᠤᠮ᠃ 1981 ᠣᠨ ᠳᠤ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠤᠭᠡᠨ ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠪᠠᠲᠤᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨᠡᠬᠢ ᠨᠠᠮ ᠤᠨ ᠲᠡᠤᠭᠡ ᠶᠢ ᠡᠷᠭᠢᠴᠡᠭᠦᠯᠤᠨ᠂ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠲᠡᠦᠬᠡᠨ ᠲᠤᠷᠰᠢᠯᠭ᠎ᠠ ᠶᠢ ᠳ᠋ᠦᠩᠨᠡᠵᠦ᠂ ᠵᠠᠷᠢᠮ ᠴᠢᠬᠤᠯᠠ ᠶᠡᠭᠡ ᠬᠡᠷᠡᠭ ᠶᠠᠪᠤᠳᠠᠯ ᠪᠣᠯᠤᠨ ᠴᠢᠬᠤᠯᠠ ᠬᠥᠮᠦᠰ ᠲᠤ ᠦᠨᠡᠯᠡᠯᠲᠡ ᠬᠢᠵᠠᠢ᠂ ᠢᠯᠠᠩᠭᠤᠶ᠎ᠠ ᠮᠠᠤ ᠽᠧ ᠳ᠋ᠦᠩ ᠨᠥᠬᠦᠷ ᠪᠣᠯᠤᠨ ᠮᠠᠤ ᠽᠧ ᠳ᠋ᠦᠩ ᠤᠨ ᠦᠵᠡᠯ ᠰᠠᠨᠠᠭ᠎ᠠ ᠶᠢ ᠵᠥᠪ ᠢᠶᠠᠷ ᠦᠨᠡᠯᠡᠵᠦ᠂ ᠵᠥᠪ ᠪᠤᠷᠤᠭᠤ ᠶᠢ ᠢᠯᠭᠠᠷᠠᠭᠤᠯᠤᠨ ᠲᠤᠳᠤᠯᠠᠵᠤ᠂ ︽ᠵᠡᠭᠦᠨ︾ ᠤ ᠪᠠ ᠪᠠᠷᠠᠭᠤᠨ ᠤ ᠬᠤᠶᠠᠷ ᠲᠠᠯ᠎ᠠ ᠶᠢᠨ ᠪᠤᠷᠤᠭᠤ ᠦᠵᠡᠯᠲᠡ ᠶᠢ ᠵᠠᠯᠠᠷᠠᠭᠤᠯᠤᠨ᠂ ᠪᠦᠬᠦ ᠨᠠᠮ ᠤᠨ ᠦᠵᠡᠯ ᠰᠠᠨᠠᠭ᠎ᠠ ᠶᠢ ᠨᠢᠭᠡᠳᠭᠡᠭᠡᠳ᠂ ᠨᠠᠮ ᠤᠨ ᠪᠦᠯᠬᠦᠮᠳᠡᠨ ᠨᠢᠭᠡᠳᠴᠦ ᠬᠤᠯᠠ ᠶᠢ ᠬᠠᠷᠠᠬᠤ ᠶᠢ ᠠᠬᠢᠭᠤᠯᠬᠤ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠨᠡᠩ ᠰᠠᠶᠢᠨ ᠠᠬᠢᠭᠤᠯᠬᠤ ᠳᠤ ᠴᠢᠬᠤᠯᠠ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃       ᠤᠳᠤ᠂ ᠠᠩᠬᠠᠳᠠᠭᠴᠢ ᠲᠡᠦᠬᠡ ᠶᠢᠨ ᠰᠢᠢᠳᠪᠦᠷᠢ ᠶᠢ ᠲᠣᠭᠲᠠᠭᠠᠬᠰᠠᠨ ᠠᠴᠠ ᠨᠢᠭᠡᠨᠲᠡ 76 ᠵᠢᠯ ᠥᠩᠭᠡᠷᠡᠪᠡ᠂ ᠬᠤᠶᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠬᠰᠠᠨ ᠠᠴᠠ ᠴᠤ 40 ᠵᠢᠯ ᠥᠩᠭᠡᠷᠡᠴᠢᠭᠡᠯ᠎ᠠ᠃ 40 ᠵᠢᠯ ᠤᠨ ᠲᠤᠷᠰᠢ᠂ ᠨᠠᠮ ᠪᠠ ᠤᠯᠤᠰ ᠤᠨ ᠠᠵᠢᠯ ᠦᠢᠯᠡᠰ ᠶᠡᠭᠡ ᠪᠠᠷ ᠤᠷᠤᠬᠰᠢ ᠬᠥᠭᠵᠢᠵᠦ᠂ ᠨᠠᠮ ᠤᠨ ᠤᠨᠤᠯ ᠪᠠ ᠦᠢᠯᠡᠳᠦᠯᠭᠡ ᠴᠦ ᠶᠡᠭᠡ ᠪᠠᠷ ᠤᠷᠤᠬᠰᠢ ᠬᠥᠭᠵᠢᠵᠠᠢ᠃ ᠲᠡᠤᠬᠡ ᠶᠢᠨ ᠰᠢᠨ᠎ᠡ ᠭᠠᠷᠤᠭᠠᠨ ᠳᠡᠭᠡᠷ᠎ᠡ ᠵᠤᠭᠰᠤᠵᠤ᠂ ᠥᠩᠭᠡᠷᠡᠭᠰᠡᠨ ᠢᠶᠠᠨ ᠡᠷᠭᠢᠴᠡᠭᠦᠯᠦᠨ᠂ ᠢᠷᠡᠭᠡᠳᠦᠶ ᠪᠠᠨ ᠪᠠᠷᠠᠯᠠᠬᠤᠶ᠎ᠠ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠶ ᠵᠢᠯ ᠤᠨ ᠲᠤᠷᠰᠢᠬᠢ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠨᠢ ᠪᠤᠰᠤᠳᠴᠢ ᠬᠡᠷᠡᠭᠴᠡᠭᠡ ᠲᠠᠢ ᠪᠦᠭᠡᠳ ᠪᠡᠶᠡᠴᠢ ᠨᠥᠬᠦᠴᠡᠯ ᠴᠦ ᠪᠦᠷᠢᠳᠦᠭᠰᠡᠨ ᠪᠠᠶᠢᠨ᠎ᠠ᠃       ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠤᠭᠡᠨ ᠴᠠᠭ ᠮᠥᠴᠡ ᠳᠤ᠂ ᠨᠠᠮ ᠪᠠ ᠠᠷᠠᠳ ᠲᠦᠮᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠦ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠢᠯᠠᠯᠲᠠ ᠲᠠᠢ ᠪᠠᠷ ᠪᠡᠶᠡᠯᠡᠭᠦᠯᠤᠭᠡᠳ᠂ ᠶᠠᠭ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠵᠤ ᠪᠠᠶᠢᠭ᠎ᠠ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠦ ᠨᠢ ᠪᠦᠬᠦ ᠨᠠᠮ ᠢᠶᠠᠷ ᠢᠶᠠᠨ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠭᠦ ᠶᠢ ᠠᠬᠢᠭᠤᠯᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ ᠭᠡᠵᠤ ᠨᠠᠮ ᠤᠨ ᠲᠦᠪ ᠬᠤᠷᠢᠶ᠎ᠠ ᠦᠵᠡᠵᠤ ᠪᠠᠶᠢᠨ᠎ᠠ᠃       ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠰᠦᠷ ᠳᠠᠯᠠᠶᠢᠴᠠᠲᠠᠢ᠂ ᠴᠠᠭ ᠤᠨ ᠠᠯᠭᠠᠰᠠᠯ ᠣᠷᠳᠣ᠂ ᠬᠤᠯᠪᠣᠭᠳᠠᠬᠤ ᠬᠡᠪᠴᠢᠶ᠎ᠡ ᠥᠷᠭᠡᠨ᠂ ᠰᠤᠳᠤᠯᠬᠤ ᠴᠢᠬᠤᠯᠠᠲᠠᠶ ᠠᠰᠠᠭᠤᠳᠠᠯ ᠣᠯᠠᠨ ᠶᠤᠮ᠃ ᠶᠡᠷᠤᠩᠭᠡᠢ ᠳᠤᠨᠢ ᠠᠪᠴᠤ ᠬᠡᠯᠡᠪᠡᠯ ᠲᠡᠤᠭᠡ ᠶᠢ ᠳ᠋ᠦᠩᠨᠡᠬᠦ᠂ ᠵᠢᠮ᠎ᠡ ᠶᠣᠰᠣ ᠶᠢ ᠡᠵᠡᠮᠰᠢᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠢᠷᠡᠭᠡᠳᠦᠶ ᠲᠡᠶᠢᠰᠢ ᠤᠷᠤᠭᠰᠢᠯᠠᠬᠤ ᠱᠠᠭᠠᠷᠳᠠᠯᠭ᠎ᠠ ᠶᠣᠰᠣᠭᠠᠷ᠂ ᠨᠠᠮ ᠤᠨ ᠶᠠᠪᠤᠵᠤ ᠢᠷᠡᠭᠰᠡᠨ ᠭᠡᠷᠡᠯ ᠰᠠᠴᠤᠷᠠᠩᠭᠤᠶ ᠦᠡᠭᠭᠡᠷᠡᠯᠳᠡ ᠶᠢ ᠰᠠᠶᠢᠲᠤᠷ ᠳ᠋ᠦᠩᠨᠡᠵᠦ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠯᠤᠭᠰᠠᠨ ᠬᠢᠯᠠᠯᠵᠠᠭᠰᠠᠨ ᠠᠮᠵᠢᠯᠲᠠ ᠪᠦᠳᠤᠮᠵᠢ ᠶᠢ ᠰᠠᠶᠢᠲᠤᠷ ᠳ᠋ᠦᠩᠨᠡᠵᠦ᠂ ᠨᠠᠮ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢ ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠢᠯᠡᠰ ᠤᠨ ᠬᠠᠲᠠᠭᠤᠵᠢᠨ ᠵᠤᠷᠢᠬᠵᠢᠵᠤ ᠡᠷᠡᠯᠭᠡᠭᠯᠡᠨ ᠤᠷᠤᠬᠰᠢᠯᠠᠭᠰᠠᠨ ᠣᠨᠣᠯ ᠪᠠ ᠦᠢᠯᠡᠳᠦᠯᠭᠡ ᠶᠢ ᠰᠠᠶᠢᠲᠤᠷ ᠳ᠋ᠦᠩᠨᠡᠬᠦ ᠬᠡᠷᠡᠭᠳᠠᠢ᠃ ᠪᠣᠳᠠᠲᠠᠶ ᠪᠠᠷ ᠬᠡᠯᠡᠪᠡᠯ᠂ ᠨᠠᠮ ᠠᠴᠠ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ ᠵᠠᠭᠤᠨ ᠵᠢᠯ ᠤᠨ ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠤᠨ ᠢᠯᠠᠯᠲᠠ ᠠᠴᠠ ᠢᠯᠠᠯᠲᠠ ᠵᠦᠭ ᠤᠷᠤᠭᠰᠢᠯᠠᠭᠰᠠᠨ ᠠᠭᠤᠤ ᠶᠡᠭᠡ ᠲᠡᠤᠭᠡᠨ ᠠᠬᠢᠴᠠ᠂ ᠤᠯᠤᠰ ᠪᠠ ᠦᠨᠳᠦᠰᠦᠲᠡᠨ ᠳᠤ ᠪᠠᠶᠢᠭᠤᠯᠤᠭᠰᠡᠨ ᠠᠭᠤᠤ ᠶᠡᠭᠡ ᠲᠡᠤᠭᠡᠨ ᠭᠠᠪᠢᠶ᠎ᠠ ᠵᠢᠳᠬᠦᠯ ᠢ ᠪᠦᠬᠦ ᠲᠠᠯ᠎ᠠ ᠪᠠᠷ ᠳ᠋ᠦᠩᠨᠡᠬᠦ ᠬᠡᠷᠡᠭᠲᠡᠶ︔ ᠨᠠᠮ ᠤᠨ ᠮᠠᠷᠺᠰ ᠤᠨ ᠦᠵᠡᠯ ᠤᠨ ᠦᠨᠳᠤᠰᠤᠨ ᠤᠬ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠲᠠᠰᠤᠷᠠᠯᠳᠠ ᠦᠭᠡᠢ ᠠᠬᠢᠭᠤᠯᠤᠭᠰᠠᠨ ᠵᠠᠭᠤᠨ ᠵᠢᠯ ᠤᠨ ᠥᠩᠭᠡᠷᠡᠯᠲᠡ ᠶᠢ ᠬᠥᠨᠵᠡᠭᠡᠢ ᠰᠤᠳᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠤᠯᠳᠡ ᠶᠢᠨ ᠤᠨᠤᠯ ᠢ ᠬᠥᠨᠵᠡᠭᠡᠢ ᠣᠶᠢᠯᠠᠭᠠᠨ ᠡᠵᠡᠮᠰᠢᠬᠦ ᠬᠡᠷᠡᠭᠳᠠᠢ︔ ᠨᠠᠮ ᠤᠨ ᠲᠠᠰᠤᠷᠠᠯᠲᠠ ᠤᠢᠭᠡᠢ ᠨᠠᠮ ᠤᠨ ᠪᠦᠯᠬᠦᠮᠳᠡᠯ ᠢ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠭᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠬᠠᠮᠠᠭᠠᠯᠠᠭᠰᠠᠨ ᠵᠠᠭᠤᠨ ᠵᠢᠯ ᠤᠨ ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠡᠨᠡ ᠬᠦ ᠮᠠᠷᠺᠰ ᠤᠨ ᠦᠵᠡᠯ ᠤᠨ ᠲᠦᠷᠦ ᠶᠢᠨ ᠨᠠᠮ ᠤᠨ ᠢᠯᠡ ᠲᠣᠳᠣ ᠣᠨᠴᠠᠯᠢᠭ ᠪᠠ ᠤᠯᠤᠰ ᠲᠦᠷᠦ ᠶᠢᠨ ᠳᠠᠪᠠᠭᠤᠯᠢᠭ ᠢ ᠭᠦᠨᠵᠡᠭᠡᠢ ᠤᠬᠠᠵᠤ ᠣᠶᠢᠯᠠᠭᠠᠬᠤ ᠬᠡᠷᠡᠭᠲᠡᠢ︔ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠤᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠴᠢᠷᠮᠠᠶᠢᠬᠰᠠᠨ ᠵᠠᠭᠤᠨ ᠵᠢᠯ ᠤᠨ ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠪᠣᠯᠤᠨ ᠠᠷᠠᠳ ᠲᠦᠮᠡᠨ ᠤ ᠬᠤᠭᠤᠷᠤᠨᠳᠤᠬᠢ ᠦᠬᠦᠵᠦ ᠰᠡᠬᠡᠬᠦ ᠪᠠᠨ ᠬᠤᠯᠪᠤᠵᠤ᠂ ᠵᠢᠷᠭᠠᠯ ᠵᠤᠪᠠᠯᠠᠩ ᠢᠶᠠᠨ ᠬᠠᠮᠳᠤᠳᠬᠠᠬᠰᠠᠨ ᠰᠠᠯᠵᠤ ᠪᠤᠯᠤᠰᠢ ᠦᠭᠡᠢ ᠬᠠᠷᠢᠴᠠᠭ᠎ᠠ ᠶᠢ ᠭᠦᠨᠵᠡᠭᠡᠶ ᠲᠠᠨᠢᠵᠤ᠂ ᠨᠡᠩ ᠰᠠᠶᠢᠨ ᠢᠶᠠᠷ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠠᠷᠠᠳ ᠲᠦᠮᠡᠨ ᠳᠤ ᠲᠦᠰᠢᠭᠯᠡᠨ ᠲᠡᠤᠭᠡ ᠶᠢᠨ ᠠᠤᠭ᠎ᠠ ᠦᠢᠯᠡᠰ ᠢ ᠡᠭᠦᠳᠦᠨ ᠪᠦᠲᠦᠭᠡᠬᠦ ᠬᠡᠷᠡᠭᠲᠡᠶ︔ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠤᠭᠰᠠᠨ ᠵᠠᠭᠤᠨ ᠵᠢᠯ ᠤᠨ ᠥᠩᠭᠡᠷᠡᠯᠲᠡ ᠶᠢ ᠬᠥᠨᠵᠡᠭᠡᠢ ᠰᠤᠳᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠡᠭᠦᠷᠢᠳᠡ ᠵᠤᠬᠰᠤᠰᠢ ᠦᠭᠡᠢ ᠬᠢᠬᠦ ᠡᠷᠡᠰ ᠵᠤᠷᠢᠬ ᠪᠠ ᠪᠠᠳᠤ ᠪᠠᠷᠢᠮᠲᠠᠯᠡᠯ ᠢ ᠴᠢᠩᠭᠠᠳᠬᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠲᠡᠦᠬᠡ ᠶᠢᠨ ᠬᠥᠭᠵᠢᠯᠲᠡ ᠶᠢᠨ ᠵᠢᠮ᠎ᠡ ᠶᠣᠰᠣ ᠪᠠ ᠶᠡᠭᠡ ᠬᠠᠨᠳᠤᠰᠢ ᠶᠢ ᠭᠦᠨᠵᠡᠭᠡᠶ ᠰᠤᠳᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠡᠦᠬᠡᠨ ᠰᠠᠨᠠᠭᠠᠴᠢᠯᠠᠭ᠎ᠠ ᠶᠢ ᠢᠮᠠᠭᠲᠠ ᠡᠵᠡᠮᠰᠢᠵᠦ᠂ ᠨᠢᠭᠡᠨᠲᠡ ᠲᠣᠭᠲᠠᠭᠰᠠᠨ ᠲᠡᠮᠡᠴᠡᠯ ᠤᠨ ᠬᠠᠷᠠᠯᠲᠠ ᠪᠠᠨ ᠪᠠᠳᠤᠵᠢᠭᠤᠯᠬᠤ᠂ ᠴᠤᠭ ᠵᠤᠷᠢᠬ ᠪᠠᠳᠠᠷᠠᠩᠭᠤᠢ ᠪᠠᠷ ᠢᠷᠡᠭᠡᠳᠦᠢ ᠲᠡᠶᠢᠰᠢ ᠤᠷᠤᠭᠰᠢᠯᠠᠬᠤ ᠰᠥᠰᠥ ᠵᠣᠷᠢᠭ ᠪᠣᠯᠤᠨ ᠬᠦᠴᠦᠨ ᠴᠢᠳᠠᠯ ᠢᠶᠠᠨ ᠨᠡᠮᠡᠭᠳᠡᠭᠦᠯᠬᠦ ᠬᠡᠷᠡᠭᠲᠡᠢ ᠭᠡᠵᠤ ᠨᠠᠮ ᠤᠨ ᠲᠦᠪ ᠬᠤᠷᠢᠶ᠎ᠠ ᠦᠵᠡᠵᠤ ᠪᠠᠶᠢᠨ᠎ᠠ᠃       ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠳ᠋ᠦᠩᠨᠡᠬᠦ ᠳᠡᠭᠡᠨ ᠬᠤᠪᠢᠰᠤᠩᠭᠤᠶ ᠪᠣᠳᠠᠰᠴᠢ ᠦᠵᠡᠯ ᠪᠠ ᠲᠡᠤᠭᠡ ᠶᠢᠨ ᠪᠣᠳᠠᠰᠴᠢ ᠦᠵᠡᠯ ᠤᠨ ᠠᠷᠭ᠎ᠠ ᠶᠢᠨ ᠤᠨᠤᠯ ᠢ ᠪᠠᠷᠢᠮᠲᠠᠯᠠᠵᠤ᠂ ᠪᠣᠳᠠᠲᠠᠶ ᠪᠦᠭᠡᠳ ᠲᠡᠤᠭᠡ ᠶᠢᠨ᠂ ᠪᠤᠰᠤᠳᠴᠢ ᠪᠦᠭᠡᠳ ᠪᠦᠬᠦ ᠲᠠᠯ᠎ᠠ ᠶᠢᠨ᠂ ᠬᠤᠯᠪᠤᠭ᠎ᠠ ᠶᠢᠨ ᠪᠠ ᠬᠥᠭᠵᠢᠯᠲᠡ ᠶᠢᠨ ᠦᠵᠡᠯᠲᠡ ᠪᠠᠷ ᠨᠠᠮ ᠤᠨ ᠲᠡᠤᠭᠡ ᠶᠢ ᠦᠵᠡᠬᠦ ᠬᠡᠷᠡᠭᠲᠡᠶ᠃ ᠵᠥᠪ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠬᠠᠮ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠨᠠᠮ ᠤᠨ ᠲᠡᠤᠭᠡ ᠶᠢᠨ ᠬᠥᠭᠵᠢᠯᠲᠡ ᠶᠢᠨ ᠭᠤᠤᠯ ᠰᠡᠳᠦᠪ ᠭᠤᠤᠯ ᠰᠢᠵᠢᠮ᠂ ᠭᠤᠤᠯ ᠤᠷᠤᠰᠬᠠᠯ ᠮᠥᠨ ᠴᠢᠨᠠᠷ ᠢ ᠵᠥᠪ ᠤᠨᠤᠪᠴᠢᠳᠠᠢ ᠡᠵᠡᠮᠰᠢᠵᠦ᠂ ᠨᠠᠮ ᠤᠨ ᠤᠷᠤᠭᠰᠢᠯᠠᠯᠲᠠ ᠶᠢᠨ ᠵᠠᠮ ᠲᠡᠭᠡᠷ᠎ᠠ ᠦᠡᠭᠭᠡᠷᠡᠬᠦᠯᠦᠭᠰᠡᠨ ᠠᠯᠳᠠᠰᠢ ᠪᠠ ᠨᠤᠭᠤᠷᠠᠯ ᠳᠤ ᠵᠥᠪ ᠢᠶᠠᠷ ᠬᠠᠨᠳᠤᠵᠤ᠂ ᠠᠮᠵᠢᠯᠲᠠ ᠶᠢᠨ ᠳᠤᠮᠳᠠ ᠠᠴᠠ ᠲᠤᠷᠰᠢᠯᠭ᠎ᠠ ᠶᠢ ᠰᠢᠩᠭᠡᠭᠡᠨ ᠠᠪᠴᠤ᠂ ᠠᠯᠳᠠᠰᠢ ᠶᠢᠨ ᠳᠤᠮᠳᠠ ᠠᠴᠠ ᠰᠤᠷᠭᠠᠮᠵᠢ ᠶᠢ ᠬᠥᠯᠢᠶᠡᠨ ᠠᠪᠴᠤ᠂ ᠢᠯᠠᠯᠲᠠ ᠲᠡᠶᠢᠰᠢ ᠤᠷᠤᠭᠰᠢᠯᠠᠬᠤ ᠵᠠᠮ ᠢ ᠲᠠᠰᠤᠷᠠᠯᠳᠠ ᠦᠭᠡᠢ ᠨᠡᠭᠡᠭᠡᠬᠦ ᠬᠡᠷᠡᠭᠲᠡᠶ᠃ ᠲᠡᠦᠬᠡ ᠶᠢᠨ ᠦᠭᠡᠶᠢᠰᠭᠡᠬᠦ ᠦᠵᠡᠯ ᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠵᠦ᠂ ᠦᠵᠡᠯ ᠰᠠᠨᠠᠭ᠎ᠠ ᠪᠠᠷ ᠬᠥᠳᠤᠯᠤᠨ ᠵᠢᠯᠣᠭᠤᠳᠬᠤ ᠪᠠ ᠣᠨᠣᠯ ᠢᠶᠠᠷ ᠢᠯᠭᠠᠨ ᠵᠠᠳᠠᠯᠬᠤ ᠪᠠᠨ ᠴᠢᠩᠭᠠᠳᠬᠠᠵᠤ᠂ ᠨᠠᠮ ᠤᠨ ᠲᠡᠤᠭᠡᠨ ᠳᠡᠭᠡᠷᠡᠬᠢ ᠵᠠᠷᠢᠮ ᠴᠢᠬᠤᠯᠠ ᠶᠡᠭᠡ ᠲᠡᠤᠭᠡᠨ ᠠᠰᠠᠭᠤᠳᠠᠯ ᠤᠨ ᠲᠤᠬᠠᠶ ᠪᠠᠯᠠᠷᠬᠠᠶ ᠲᠠᠨᠢᠯᠲᠠ ᠪᠣᠯᠤᠨ ᠥᠷᠥᠭᠡᠰᠦᠭᠡᠯ ᠣᠶᠢᠯᠠᠭᠠᠯᠲᠠ ᠶᠢ ᠲᠣᠳᠣᠷᠬᠠᠢ ᠪᠤᠯᠭᠠᠵᠤ᠂ ᠦᠨᠳᠤᠰᠤᠨ ᠠᠴᠠ ᠨᠢ ᠨᠡᠩ ᠰᠠᠶᠢᠨ ᠴᠡᠭᠴᠡᠯᠡᠨ ᠵᠠᠰᠠᠬᠤ ᠬᠡᠷᠡᠭᠳᠠᠢ ᠭᠡᠵᠤ ᠨᠠᠮ ᠤᠨ ᠲᠥᠪ ᠬᠤᠷᠢᠶ᠎ᠠ ᠦᠵᠡᠵᠤ ᠪᠠᠶᠢᠨ᠎ᠠ᠃       ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠶᠢ ᠲᠤᠭᠤᠷᠪᠢᠨ ᠪᠢᠴᠢᠬᠦ ᠳᠤ᠂ ᠨᠠᠮ ᠤᠨ ᠲᠥᠪ ᠬᠤᠷᠢᠶ᠎ᠠ ᠳᠣᠤᠷᠠᠬᠢ ᠬᠡᠳᠦᠨ ᠵᠦᠢᠯ ᠢ ᠴᠢᠬᠤᠯᠠᠴᠢᠯᠡᠨ ᠰᠠᠶᠢᠲᠤᠷ ᠡᠵᠡᠮᠰᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃       ᠨᠢᠭᠡᠳᠦᠭᠡᠷ ᠲᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠳ᠋ᠦᠩᠨᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠮᠠᠨ ᠤ ᠨᠠᠮ ᠤᠷᠢᠳ ᠬᠤᠵᠢᠳ ᠬᠤᠶᠠᠷ ᠲᠡᠤᠬᠡᠨ ᠰᠢᠢᠳᠪᠦᠷᠢ ᠲᠣᠭᠲᠠᠭᠠᠵᠦ ᠦᠡᠭᠬᠡᠷᠡᠵᠠᠢ᠃ ᠨᠠᠮ ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠶᠢᠨ ᠡᠬᠢᠨ ᠤ ᠦᠶ᠎ᠡ ᠪᠣᠯᠲᠠᠯᠠᠬᠢ ᠨᠠᠮ ᠤᠨ ᠲᠡᠦᠬᠡᠨ ᠳᠡᠭᠡᠷᠡᠬᠢ ᠴᠢᠬᠤᠯᠠ ᠶᠡᠭᠡ ᠵᠥᠪ ᠪᠤᠷᠤᠭᠤ ᠶᠢᠨ ᠠᠰᠠᠭᠤᠳᠠᠯ ᠢ ᠡᠨᠡ ᠬᠤᠶᠠᠷ ᠲᠡᠦᠬᠡᠨ ᠰᠢᠢᠳᠪᠦᠷᠢ ᠦᠨᠳᠦᠰᠦᠨ ᠳᠡᠭᠡᠨ ᠴᠥᠮ ᠰᠢᠢᠳᠪᠦᠷᠢᠯᠡᠵᠦ᠂ ᠦᠨᠳᠦᠰᠦᠨ ᠥᠭᠦᠯᠡᠯᠲᠡ ᠪᠠ ᠳ᠋ᠦᠩ ᠨᠢ ᠤᠳᠤ ᠪᠣᠯᠲᠠᠯ᠎ᠠ ᠮᠥᠨ ᠲᠤᠬᠢᠷᠠᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠨᠠᠮ ᠤᠨ ᠠᠵᠢᠯ ᠳᠤ ᠬᠡᠳᠦ᠋ᠢᠪᠡᠷ ᠡᠳᠦᠶ ᠲᠡᠳᠦᠶ ᠠᠰᠠᠭᠤᠳᠠᠯ ᠭᠠᠷᠴᠤ ᠦᠡᠭᠬᠡᠷᠡᠭᠰᠡᠨ ᠪᠣᠯᠪᠠᠴᠤ᠂ ᠶᠡᠷᠦᠩᠬᠡᠶ ᠳᠤᠨᠢ ᠠᠪᠴᠤ ᠬᠡᠯᠡᠪᠡᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠤᠷᠤᠭᠰᠢᠲᠠᠶ᠂ ᠤᠷᠤᠭᠰᠢᠯᠠᠬᠤ ᠴᠢᠭᠯᠡᠯ ᠵᠥᠪ᠂ ᠣᠯᠤᠭᠰᠠᠨ ᠠᠮᠵᠢᠯᠲᠠ ᠪᠦᠲᠦᠮᠵᠢ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠶᠤᠮ᠃ ᠡᠭᠦᠨ ᠳᠤ ᠰᠠᠭᠤᠷᠢᠯᠠᠨ᠂ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠬᠦᠴᠦᠯᠡᠬᠦ ᠴᠡᠭ ᠢᠶᠠᠨ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠳ᠋ᠦᠩᠨᠡᠬᠦ ᠳᠡᠭᠡᠷ᠎ᠡ ᠲᠠᠯᠪᠢᠵᠤ ᠪᠠᠶᠢᠭᠠᠳ᠂ ᠪᠦᠬᠦ ᠨᠠᠮ ᠤᠨ ᠤᠶᠤᠨ ᠤᠬᠠᠭᠠᠨ ᠢᠶᠠᠨ ᠨᠡᠮᠡᠭᠳᠡᠭᠦᠯᠬᠦ᠂ ᠪᠦᠯᠬᠦᠮᠳᠡᠯ ᠢᠶᠠᠨ ᠵᠤᠵᠠᠭᠠᠳᠬᠠᠬᠤ᠂ ᠢᠲᠡᠭᠡᠯ ᠵᠣᠷᠢᠭ ᠢᠶᠠᠨ ᠪᠠᠳᠤᠳᠬᠠᠬᠤ᠂ ᠲᠡᠮᠡᠴᠡᠯ ᠤᠨ ᠵᠣᠷᠢᠭ ᠢᠶᠠᠨ ᠴᠢᠩᠭᠠᠳᠬᠠᠬᠤ ᠶᠢ ᠠᠬᠢᠭᠤᠯᠤᠨ᠎ᠠ᠃       ᠬᠤᠶᠠᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠭᠡᠬᠦ ᠡᠨᠡ ᠬᠦ ᠭᠤᠤᠯᠳᠠᠯᠭ᠎ᠠ ᠶᠢ ᠲᠤᠪᠤᠶᠢᠯᠭᠠᠨ᠎ᠠ᠃ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ ᠡᠬᠦᠰᠦᠭᠰᠡᠨ ᠳᠡᠤᠬᠡᠳᠦ ᠴᠢᠨᠠᠷᠳᠠᠢ ᠬᠤᠪᠢᠰᠤᠯᠳᠠ ᠪᠤᠯᠤᠨ ᠬᠤᠷᠠᠮᠳᠤᠭᠤᠯᠤᠭᠰᠠᠨ ᠰᠢᠨ᠎ᠠ ᠰᠤᠷᠭᠤᠭ ᠳᠤᠷᠰᠢᠯᠭ᠎ᠠ ᠶᠢ ᠭᠤᠤᠯᠳᠠᠯᠭ᠎ᠠ ᠲᠠᠢ ᠳ᠋ᠦᠩᠨᠡᠨ᠎ᠠ᠂ ᠡᠬᠦᠨ ᠤ ᠭᠤᠤᠯ ᠪᠣᠳᠣᠯᠬᠢᠯᠠᠯ ᠬᠡᠪᠡᠯ᠂ ᠨᠠᠮ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠦᠶ᠎ᠡ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠬᠦᠷᠲᠡᠯᠡᠬᠢ ᠲᠡᠤᠬᠡ ᠶᠢ ᠡᠮᠦᠨ᠎ᠡ ᠬᠤᠶᠠᠷ ᠲᠡᠤᠬᠡᠨ ᠰᠢᠢᠳᠪᠦᠷᠢ ᠳᠤ ᠨᠢᠭᠡᠨᠲᠡ ᠰᠢᠰᠲ᠋ᠧᠮ ᠲᠠᠢ ᠳ᠋ᠦᠩᠨᠡᠵᠠᠢ︔ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠤᠳᠤᠬᠢᠴᠢᠯᠠᠬᠤ ᠪᠦᠳᠤᠭᠡᠨ ᠪᠠᠶᠢᠭᠤᠯᠤᠯᠳᠡ ᠶᠢᠨ ᠰᠢᠨ᠎ᠡ ᠦᠶ᠎ᠡ ᠶᠢᠨ ᠠᠮᠵᠢᠯᠲᠠ ᠪᠦᠳᠦᠮᠵᠢ ᠪᠠ ᠲᠤᠷᠰᠢᠯᠭ᠎ᠠ ᠶᠢ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠭᠰᠠᠨ ᠬᠤᠷᠢᠨ ᠵᠢᠯ ᠤᠨ ᠤᠢ᠂ ᠭᠤᠴᠢᠨ ᠵᠢᠯ ᠤᠨ ᠤᠢ ᠶᠢᠨ ᠦᠶ᠎ᠡ ᠳᠤ ᠨᠠᠮ ᠤᠨ ᠲᠥᠪ ᠬᠤᠷᠢᠶ᠎ᠠ ᠴᠥᠮ ᠨᠠᠷᠢᠨ ᠬᠢᠨᠠᠮᠠᠭᠠᠶ ᠳ᠋ᠦᠩᠨᠡᠵᠦ᠂ ᠪᠢ ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠳᠠᠭᠠᠨ ᠪᠠᠰᠠ ᠰᠢᠰᠲ᠋ᠧᠮ ᠲᠠᠢ ᠳ᠋ᠦᠩᠨᠡᠭᠰᠡᠨ ᠶᠤᠮ᠃ ᠡᠶᠢᠮᠦ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠮᠦᠨᠡᠬᠢ ᠲᠡᠤᠬᠡᠨ ᠦᠶ᠎ᠡ ᠶᠢ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠨᠢᠭᠡᠨᠲᠡ ᠭᠠᠷᠭᠠᠭᠰᠠᠨ ᠳ᠋ᠦᠩᠨᠡᠯᠲᠡ ᠪᠠ ᠳ᠋ᠦᠩ ᠤᠨ ᠰᠠᠭᠤᠷᠢᠨ ᠳᠡᠭᠡᠷ᠎ᠡ ᠲᠦᠢᠮᠣᠴᠢᠯᠠᠨ ᠥᠭᠦᠯᠡᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠡᠨᠡ ᠬᠦ ᠭᠤᠣᠯᠳᠠᠯᠭ᠎ᠠ ᠶᠢ ᠳᠣᠪᠤᠶᠢᠯᠭᠠᠬᠤ ᠨᠢ᠂ ᠪᠦᠬᠦ ᠨᠠᠮ ᠢ ᠬᠥᠲᠥᠯᠥᠨ ᠵᠢᠯᠣᠭᠤᠳᠴᠤ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠦ᠂ ᠮᠠᠨ ᠤ ᠶᠠᠭ ᠬᠢᠵᠦ ᠪᠠᠶᠢᠭ᠎ᠠ ᠠᠵᠢᠯ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ᠂ ᠨᠡᠩ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ ᠰᠢᠨ᠎ᠡ ᠠᠶᠠᠨ ᠵᠠᠮ ᠳᠤ ᠣᠷᠣᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠠᠰᠢᠭᠲᠠᠶ ᠶᠤᠮ᠃       ᠭᠤᠷᠪᠠᠳᠤᠭᠠᠷ ᠲᠤ᠂ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠢ ᠦᠨᠡᠯᠡᠬᠦ ᠳᠡᠭᠡᠨ ᠨᠠᠮ ᠤᠨ ᠲᠥᠪ ᠬᠤᠷᠢᠶᠠᠨ ᠤ ᠨᠢᠭᠡᠨᠲᠡ ᠭᠠᠷᠭᠠᠭᠰᠠᠨ ᠳ᠋ᠦᠩ ᠲᠠᠢ ᠵᠤᠯᠭᠠᠯᠳᠤᠭᠤᠯᠬᠤ ᠶᠢ ᠴᠢᠬᠤᠯᠠᠴᠢᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠮᠦᠨᠡᠬᠢ ᠨᠠᠮ ᠤᠨ ᠲᠡᠦᠬᠡᠨ ᠳᠡᠭᠡᠷᠡᠬᠢ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠤᠨ ᠲᠤᠬᠠᠢ ᠡᠮᠦᠨ᠎ᠡ ᠬᠤᠶᠠᠷ ᠲᠡᠤᠬᠡᠨ ᠰᠢᠢᠳᠪᠦᠷᠢ᠂ ᠨᠠᠮ ᠤᠨ ᠠᠯᠢ ᠤᠯᠠᠨ ᠴᠢᠬᠤᠯᠠ ᠲᠤᠯᠭᠤᠷ ᠪᠢᠴᠢᠭ ᠲᠤ ᠴᠥᠮ ᠶᠡᠭᠡ ᠬᠡᠮᠵᠢᠶᠡᠨ ᠤ ᠥᠭᠦᠯᠡᠯᠲᠡ ᠬᠢᠵᠦ᠂ ᠲᠥᠪ ᠴᠢᠩᠭ᠎ᠠ ᠪᠠᠷ ᠳ᠋ᠦᠩ ᠭᠠᠷᠭᠠᠵᠤ ᠥᠩᠭᠡᠷᠡᠵᠡᠢ᠃ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠡᠳᠡᠭᠡᠷ ᠦᠨᠳᠦᠰᠦᠨ ᠥᠭᠦᠯᠡᠯᠲᠡ ᠪᠠ ᠳ᠋ᠦᠩ ᠢ ᠪᠠᠷᠢᠮᠲᠠᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠶᠡᠷᠡᠨ ᠲᠠᠪᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ ᠶᠡᠷᠡᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠢᠯᠠᠩᠭᠤᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠡᠷᠭᠡ ᠴᠢᠬᠤᠯᠠ ᠬᠤᠷᠠᠯ ᠳᠡᠭᠡᠷ᠎ᠡ᠂ ᠨᠠᠮ ᠤᠨ ᠲᠡᠤᠬᠡ ᠳᠤ ᠴᠥᠮ ᠳ᠋ᠦᠩᠨᠡᠯᠲᠡ ᠪᠠ ᠥᠭᠦᠯᠡᠯᠲᠡ ᠬᠢᠵᠦ ᠦᠡᠭᠬᠡᠷᠡᠵᠠᠢ᠂ ᠡᠨᠡ ᠨᠢ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠬᠠᠢ ᠨᠠᠮ ᠤᠨ ᠲᠥᠪ ᠬᠤᠷᠢᠶᠠᠨ ᠤ ᠰᠢᠨ᠎ᠡ ᠲᠠᠨᠢᠯᠲᠠ ᠶᠢ ᠢᠯᠡᠷᠡᠭᠦᠯᠦᠭᠰᠡᠨ ᠶᠤᠮ᠃ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠡᠳᠡᠭᠡᠷ ᠰᠢᠨ᠎ᠡ ᠲᠠᠨᠢᠯᠲᠠ ᠶᠢ ᠬᠠᠷᠠᠭᠤᠯᠤᠨ᠎ᠠ᠃       ᠬᠤᠶᠠᠷ᠂ ᠰᠢᠢᠳᠪᠦᠷᠢ ᠶᠢᠨ ᠨᠤᠤᠷᠠᠭ ᠢ ᠲᠤᠭᠤᠷᠪᠢᠭᠰᠠᠨ ᠶᠠᠪᠤᠴᠠ      ᠡᠨᠡ ᠵᠢᠯ ᠤᠨ 3 ᠰᠠᠷ᠎ᠠ ᠳᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷ᠎ᠡ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠠᠰᠠᠭᠤᠳᠠᠯ ᠢ ᠭᠤᠤᠯᠳᠠᠯᠭ᠎ᠠ ᠲᠠᠢ ᠰᠤᠳᠤᠯᠵᠦ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠪᠠᠶᠢᠭᠤᠯᠤᠨ᠂ ᠨᠠᠳᠠ ᠪᠠᠷ ᠳᠤᠭᠤᠶᠢᠯᠠᠩ ᠤᠨ ᠳᠠᠷᠤᠭ᠎ᠠ ᠶᠢᠨ ᠳᠤᠰᠢᠶᠠᠯ ᠢ ᠡᠬᠦᠷᠬᠡᠯᠡᠬᠦᠯᠵᠦ᠂ ᠸᠠᠩ ᠬᠤ᠋ ᠨᠢᠩ᠂ ᠵᠤᠤ ᠯᠧ ᠵᠶᠢ ᠨᠥᠬᠦᠷ ᠢᠶᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠬᠦᠯᠦᠨ᠂ ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠬᠤᠯᠪᠣᠭᠳᠠᠯ ᠪᠦᠬᠦᠢ ᠲᠥᠪ ᠤᠨ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠬᠠᠷᠢᠭᠤᠴᠠᠯᠭᠠᠲᠠᠨ ᠨᠥᠬᠦᠳ ᠢ ᠣᠷᠣᠯᠴᠠᠭᠤᠯᠵᠦ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠣᠤᠷ᠎ᠠ ᠪᠢᠴᠢᠭ ᠮᠠᠲ᠋ᠧᠷᠢᠶᠠᠯ ᠲᠤᠭᠤᠷᠪᠢᠨ ᠪᠢᠴᠢᠬᠦ ᠠᠵᠢᠯ ᠢ ᠡᠭᠦᠷᠭᠡᠯᠡᠬᠦᠯᠬᠦ ᠪᠠᠷ ᠳᠤᠭᠳᠠᠭᠠᠪᠠ᠃       4 ᠰᠠᠷ᠎ᠠ ᠶᠢᠨ 1 ᠤ ᠡᠳᠦᠷ᠂ ᠨᠠᠮ ᠤᠨ ᠲᠥᠪ ᠬᠤᠷᠢᠶ᠎ᠠ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠨᠠᠮ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠠᠰᠠᠭᠤᠳᠠᠯ ᠢ ᠭᠤᠤᠯᠳᠠᠯᠭ᠎ᠠ ᠲᠠᠢ ᠰᠤᠳᠤᠯᠬᠤ ᠲᠤᠬᠠᠶ ᠰᠠᠨᠠᠯ ᠬᠤᠷᠢᠶᠠᠬᠤ ᠮᠡᠳᠡᠭᠳᠡᠯ︾ ᠳᠠᠷᠬᠠᠭᠠᠵᠤ᠂ ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠪᠠ᠃       ᠬᠠᠷᠢᠭᠤ ᠲᠤᠰᠬᠠᠭᠰᠠᠨ ᠰᠠᠨᠠᠯ ᠠᠴᠠ ᠦᠵᠡᠪᠡᠯ᠂ ᠨᠠᠮ ᠤᠨ ᠲᠥᠪ ᠬᠤᠷᠢᠶ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠳᠠᠮᠵᠢᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠪᠠᠷ ᠳᠤᠭᠳᠠᠭᠰᠠᠨ ᠶᠠᠪᠤᠳᠠᠯ ᠪᠤᠯ ᠲᠥᠪ ᠴᠢᠩᠭ᠎ᠠ ᠲᠡᠦᠬᠡᠲᠦ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠢᠳᠪᠦᠷᠢᠲᠦ ᠪᠣᠳᠣᠯᠭ᠎ᠠ ᠮᠦᠨ᠂ ᠲᠡᠷᠡ ᠨᠢ ᠨᠠᠮ ᠤᠨ ᠳᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠠᠮᠢᠵᠢᠷᠠᠯ ᠤᠨ ᠬᠦᠴᠦᠨ ᠪᠤᠯᠤᠨ ᠠᠮᠢᠳᠤᠯᠢᠬ ᠬᠦᠴᠦᠨ ᠢᠶᠠᠨ ᠡᠭᠦᠷᠢᠳᠡ ᠬᠠᠳᠠᠭᠠᠯᠠᠬᠤ ᠡᠷᠡᠰ ᠪᠠᠲᠤ ᠵᠣᠷᠢᠭ ᠢ ᠭᠦᠢᠴᠡᠳ ᠢᠯᠡᠷᠡᠭᠦᠯᠵᠦ᠂ ᠨᠠᠮ ᠤᠨ ᠲᠡᠤᠬᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠡᠵᠡᠮᠰᠢᠨ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠡᠤᠬᠡ ᠶᠢᠨ ᠰᠠᠨᠠᠭᠠᠴᠢᠯᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠢᠮᠠᠭᠳᠠ ᠡᠵᠡᠮᠳᠠᠵᠦ ᠪᠠᠶᠢᠳᠠᠭ ᠢ ᠭᠦᠢᠴᠡᠳ ᠢᠯᠡᠷᠡᠭᠦᠯᠵᠦ᠂ ᠨᠠᠮ ᠤᠨ ᠣᠳᠣᠬᠢ ᠪᠠᠶᠢᠳᠠᠯ ᠳᠠᠭᠠᠨ ᠰᠠᠭᠤᠷᠢᠯᠠᠨ᠂ ᠢᠷᠡᠭᠡᠳᠦᠶ ᠶᠢ ᠪᠣᠳᠣᠯᠬᠢᠯᠠᠵᠦ᠂ ᠲᠡᠤᠬᠡᠨ ᠲᠤᠷᠰᠢᠯᠭ᠎ᠠ ᠶᠢ ᠳ᠋ᠦᠩᠨᠡᠨ ᠬᠡᠷᠡᠭᠯᠡᠬᠦ ᠶᠢ ᠴᠢᠬᠤᠯᠠᠴᠢᠯᠠᠳᠠᠭ ᠠᠯᠤᠰ ᠤᠨ ᠬᠠᠷᠠᠴᠠ ᠪᠠ ᠬᠦᠨᠵᠡᠬᠡᠢ ᠪᠤᠳᠤᠯᠬᠢᠯᠠᠯ ᠢ ᠭᠦᠢᠴᠡᠳ ᠢᠯᠡᠷᠡᠭᠦᠯᠵᠡᠶ ᠬᠡᠵᠦ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠰᠠᠨᠠᠯ ᠨᠢᠬᠡᠳᠠᠢ ᠦᠵᠡᠵᠦ ᠪᠠᠶᠢᠨ᠎ᠠ᠃ ᠡᠨᠡ ᠤᠳᠠᠭᠠᠨ ᠤ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠪᠠ ᠲᠡᠤᠬᠡᠨ ᠲᠤᠷᠰᠢᠯᠭ᠎ᠠ ᠶᠢ ᠴᠢᠬᠤᠯᠠᠴᠢᠯᠠᠨ ᠳ᠋ᠦᠩᠨᠡᠬᠦ ᠶᠢ ᠰᠠᠨᠠᠯ ᠨᠢᠬᠡᠳᠠᠢ ᠵᠦᠪᠰᠢᠶᠡᠷᠡᠭᠰᠡᠨ ᠪᠦᠬᠡᠳ ᠰᠢᠢᠳᠪᠦᠷᠢ ᠳᠤ ᠰᠤᠳᠤᠯᠤᠨ ᠰᠢᠢᠳᠪᠦᠷᠢᠯᠡᠬᠦ ᠴᠢᠬᠤᠯᠠᠲᠠᠶ ᠴᠢᠬᠤᠯᠠ ᠶᠡᠭᠡ ᠠᠰᠠᠭᠤᠳᠠᠯ ᠤᠨ ᠲᠤᠬᠠᠶ ᠮᠠᠰᠢ ᠤᠯᠠᠨ ᠰᠠᠶᠢᠨ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃       ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠤᠬᠡᠨ ᠦᠶ᠎ᠡ ᠳᠤ ᠦᠷᠭᠦᠯᠵᠢᠯᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠤᠬᠡ᠂ ᠳᠡᠯᠡᠬᠡᠶ ᠶᠢᠨ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠲᠡᠤᠬᠡ ᠶᠢ ᠬᠡᠷᠡᠯᠳᠦᠬᠦᠯᠦᠭᠰᠠᠨ ᠭᠠᠶᠢᠬᠠᠮᠰᠢᠭ ᠢ ᠡᠭᠦᠳᠦᠨ᠂ ᠤᠢᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠲᠡᠦᠬᠡᠨ ᠠᠬᠢᠴᠠ ᠶᠢ ᠲᠦᠢᠯᠪᠤᠷᠢᠲᠠᠶ ᠬᠤᠪᠢᠷᠠᠭᠤᠯᠵᠤ᠂ ᠳᠡᠯᠡᠬᠡᠶ ᠶᠢᠨ ᠨᠡᠶᠢᠭᠡᠮ ᠵᠢᠷᠤᠮ ᠤᠨ ᠲᠡᠤᠬᠡ ᠶᠢᠨ ᠬᠥᠭᠵᠢᠯᠲᠡ ᠶᠢᠨ ᠢᠷᠠᠭᠤ ᠭᠠᠶᠢᠬᠠᠮᠰᠢᠭᠲᠤ ᠬᠠᠭᠤᠳᠠᠰᠤ ᠶᠢ ᠠᠮᠢᠳᠤᠯᠢᠭ ᠪᠢᠴᠢᠭᠯᠡᠨ᠂ ᠮᠠᠷᠺᠰ ᠤᠨ ᠦᠵᠡᠯ ᠤᠨ ᠰᠢᠨ᠎ᠡ ᠠᠬᠤᠶ ᠪᠠᠶᠢᠳᠠᠯ ᠢ ᠠᠮᠵᠢᠯᠳᠠ ᠲᠠᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠦ᠂ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠡᠨᠡ ᠬᠦ ᠠᠭᠤᠤ ᠶᠡᠭᠡ ᠠᠶᠠᠨ ᠵᠠᠮ ᠳᠤ᠂ ᠨᠠᠮ ᠪᠠ ᠠᠷᠠᠳ ᠲᠦᠮᠡᠨ ᠲᠦᠢᠯ ᠤᠨ ᠡᠯᠪᠡᠭ ᠪᠠᠶᠠᠯᠢᠭ ᠡᠷᠬᠢᠮ ᠨᠠᠨᠳᠢᠨ ᠲᠡᠤᠬᠡᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠡᠳᠡᠭᠡᠷ ᠨᠢ ᠪᠦᠷ ᠰᠢᠰᠲ᠋ᠧᠮ ᠲᠠᠢ ᠳ᠋ᠦᠩᠨᠡᠬᠦᠰᠢᠳᠠᠢ ᠵᠦᠢᠯ ᠮᠦᠨ ᠬᠡᠵᠦ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠠ ᠲᠠᠯ᠎ᠠ ᠶᠢᠨ ᠬᠢᠨ ᠰᠠᠨᠠᠯ ᠨᠢᠬᠡᠳᠠᠢ ᠦᠵᠠᠵᠦ ᠪᠠᠶᠢᠨ᠎ᠠ᠃ ᠡᠨᠡ ᠤᠳᠠᠭᠠᠨ ᠤ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠤᠬᠡᠲᠦ ᠴᠢᠨᠠᠷᠲᠠᠶ ᠬᠤᠪᠢᠰᠤᠯᠲᠠ ᠵᠢᠴᠢ ᠰᠢᠨ᠎ᠡ ᠰᠤᠷᠭᠤᠭ ᠲᠤᠷᠰᠢᠯᠭ᠎ᠠ ᠶᠢ ᠭᠤᠤᠯᠳᠠᠯᠭ᠎ᠠ ᠲᠠᠢ ᠳ᠋ᠦᠩᠨᠡᠬᠦ ᠶᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠰᠠᠨᠠᠭᠤᠯᠵᠠᠢ᠃       ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠨᠠᠮ ᠤᠨ ᠴᠢᠬᠤᠯᠠ ᠲᠡᠦᠬᠡᠨ ᠲᠤᠯᠭᠤᠷ ᠪᠢᠴᠢᠭ ᠢ ᠨᠠᠷᠢᠨ ᠬᠢᠨᠠᠮᠠᠭᠠᠶ ᠰᠤᠷᠤᠯᠴᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠭᠦᠢᠴᠡᠳ ᠰᠢᠩᠬᠡᠬᠡᠨ ᠠᠪᠴᠤ᠂ ᠴᠢᠬᠤᠯᠠ ᠶᠡᠭᠡ ᠠᠰᠠᠭᠤᠳᠠᠯ ᠢ ᠭᠦᠨᠵᠡᠭᠡᠶ ᠰᠤᠳᠤᠯᠤᠨ᠂ ᠰᠢᠢᠳᠪᠦᠷᠢ ᠶᠢᠨ ᠨᠤᠤᠷᠠᠭ ᠢ ᠲᠤᠭᠤᠷᠪᠢᠨ ᠪᠢᠴᠢᠬᠦ ᠠᠵᠢᠯ ᠢ ᠨᠠᠷᠢᠨ ᠬᠢᠨᠠᠮᠠᠭᠠᠶ ᠥᠷᠨᠢᠭᠦᠯᠪᠠ᠃       9 ᠰᠠᠷ᠎ᠠ ᠶᠢᠨ 6 ᠤ ᠡᠳᠦᠷ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠲᠣᠭᠲᠠᠭᠠᠯ ᠢ ᠦᠨᠳᠦᠰᠦᠯᠡᠨ᠂ ᠰᠢᠢᠳᠪᠦᠷᠢ ᠶᠢᠨ ᠰᠠᠨᠠᠯ ᠬᠤᠷᠢᠶᠠᠬᠤ ᠨᠤᠤᠷᠠᠭ ᠢ ᠨᠠᠮ ᠤᠨ ᠲᠣᠳᠣᠭᠠᠳᠦ ᠶᠢᠨ ᠵᠣᠭᠢᠬᠤ ᠭᠡᠪᠴᠢᠶᠡᠨ ᠳᠤ ᠲᠣᠷᠤᠭᠰᠢ ᠲᠠᠷᠬᠠᠭᠠᠨ ᠰᠠᠨᠠᠯ ᠬᠤᠷᠢᠶᠠᠵᠦ᠂ ᠨᠠᠮ ᠤᠨ ᠲᠤᠲᠤᠭᠠᠳᠤ ᠶᠢᠨ ᠬᠡᠰᠡᠭ ᠠᠬᠠᠮᠠᠳ ᠨᠦᠬᠦᠳ ᠠᠴᠠ ᠴᠤ ᠰᠠᠨᠠᠯ ᠬᠤᠷᠢᠶᠠᠪᠠ᠂ ᠪᠠᠰᠠ ᠡᠯ᠎ᠠ ᠠᠷᠠᠳᠴᠢᠯᠠᠭᠰᠠᠨ ᠨᠠᠮ ᠪᠦᠯᠦᠭ ᠤᠨ ᠲᠦᠪ ᠬᠤᠷᠢᠶ᠎ᠠ᠂ ᠪᠦᠭᠦ ᠣᠯᠣᠰ ᠤᠨ ᠦᠢᠯᠡᠳᠪᠦᠷᠢ ᠬᠤᠳᠠᠯᠳᠣᠭᠠᠴᠢᠳ ᠤᠨ ᠬᠤᠯᠪᠣᠭᠠᠳᠦ ᠬᠤᠷᠠᠯ ᠤᠨ ᠬᠠᠷᠢᠭᠤᠴᠠᠯᠭᠠᠳᠠᠨ ᠭᠢᠭᠡᠳ ᠨᠠᠮ ᠪᠦᠯᠦᠭ ᠤᠨ ᠪᠣᠰᠣ ᠭᠦᠮᠦᠰ ᠤᠨ ᠲᠦᠯᠦᠭᠡᠯᠡᠭᠴᠢ ᠶᠢᠨ ᠰᠠᠨᠠᠯ ᠢ ᠲᠣᠰᠬᠠᠶᠢᠯᠠᠨ ᠰᠣᠨᠣᠰᠪᠠ᠃       ᠬᠠᠷᠢᠭᠤ ᠲᠤᠰᠬᠠᠭᠰᠠᠨ ᠰᠠᠨᠠᠯ ᠤᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠰᠢᠢᠳᠪᠦᠷᠢ ᠶᠢᠨ ᠰᠠᠨᠠᠯ ᠬᠤᠷᠢᠶᠠᠬᠤ ᠨᠤᠤᠷᠠᠭ ᠢ ᠭᠦᠢᠴᠡᠳ ᠨᠤᠲᠠᠯᠠᠵᠤ᠂ ᠰᠢᠢᠳᠪᠦᠷᠢ ᠶᠢᠨ ᠨᠤᠤᠷᠠᠭ ᠤᠨ ᠪᠣᠷᠣ ᠲᠥᠯᠥᠪ ᠤᠨ ᠪᠦᠲᠦᠴᠡ ᠪᠣᠯᠤᠨ ᠭᠤᠣᠯ ᠠᠭᠤᠯᠭ᠎ᠠ ᠶᠢ ᠰᠠᠨᠠᠯ ᠨᠢᠭᠡᠲᠡᠢ ᠵᠥᠪᠰᠢᠶᠡᠷᠡᠵᠦ ᠪᠠᠶᠢᠨ᠎ᠠ᠃ ᠰᠢᠢᠳᠪᠦᠷᠢ ᠶᠢᠨ ᠨᠤᠤᠷᠠᠭ ᠤᠨ ᠬᠠᠮᠤᠭ ᠤᠨ ᠢᠯᠡ ᠲᠣᠳᠣ ᠣᠨᠴᠠᠯᠢᠭ ᠪᠣᠯ ᠦᠨᠡᠨ ᠠᠴᠠ ᠵᠥᠪ ᠢ ᠡᠷᠢᠵᠦ᠂ ᠲᠡᠦᠬᠡ ᠶᠢ ᠬᠦᠨᠳᠦᠳᠭᠡᠵᠦ ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠯᠭᠤᠷ ᠵᠤᠷᠢᠯᠲᠠ ᠡᠭᠦᠷᠭᠡ ᠬᠠᠷᠢᠭᠤᠴᠠᠯᠭ᠎ᠠ ᠶᠢ ᠲᠤᠰᠬᠠᠵᠤ᠂ ᠲᠡᠦᠬᠡ ᠶᠢᠨ ᠪᠣᠳᠠᠲᠤ ᠶᠠᠪᠤᠳᠠᠯ ᠲᠠᠢ ᠨᠡᠶᠢᠴᠡᠵᠦ ᠪᠠᠶᠢᠭ᠎ᠠ ᠶᠠᠪᠤᠳᠠᠯ ᠮᠥᠨ︔ ᠰᠢᠢᠳᠪᠦᠷᠢ ᠶᠢᠨ ᠨᠣᠣᠷᠠᠭ ᠲᠠᠬᠢ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠤᠨ ᠲᠤᠬᠠᠶ ᠥᠭᠦᠯᠡᠯᠲᠡ ᠪᠠ ᠦᠨᠡᠯᠡᠯᠲᠡ ᠨᠢ ᠨᠠᠮ ᠤᠨ ᠲᠡᠦᠬᠡᠨ ᠲᠤᠯᠭᠤᠷ ᠪᠢᠴᠢᠭ ᠲᠠᠬᠢ ᠨᠢᠭᠡᠨᠲᠡ ᠪᠠᠶᠢᠭ᠎ᠠ ᠥᠭᠦᠯᠡᠯᠲᠡ ᠪᠠ ᠳ᠋ᠦᠩ ᠲᠠᠢ ᠵᠣᠯᠭᠠᠯᠳᠤᠵᠤ᠂ ᠨᠠᠮ ᠤᠨ ᠲᠡᠦᠬᠡ ᠶᠢᠨ ᠲᠤᠬᠠᠶ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠤᠨ ᠲᠥᠪ ᠬᠤᠷᠢᠶᠠᠨ ᠤ ᠰᠢᠨ᠎ᠡ ᠲᠠᠨᠢᠯᠲᠠ ᠶᠢ ᠬᠠᠷᠠᠭᠤᠯᠤᠭᠰᠠᠨ ᠪᠠᠶᠢᠨ᠎ᠠ᠃ ᠰᠢᠢᠳᠪᠦᠷᠢ ᠶᠢᠨ ᠨᠤᠤᠷᠠᠬ ᠲᠤ ᠳ᠋ᠦᠡᠭᠨᠡᠨ ᠬᠤᠷᠢᠶᠠᠩᠭᠤᠶᠢᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ︾  ᠨᠢ ᠨᠠᠮ ᠤᠨ ᠳᠤᠮᠳᠠᠳᠤ ᠤᠯᠤᠰ ᠪᠠ ᠬᠥᠮᠦᠨ ᠲᠥᠷᠥᠯᠬᠢᠲᠡᠨ ᠳᠤ ᠦᠵᠡᠭᠦᠯᠦᠭᠰᠡᠨ ᠲᠡᠦᠬᠡᠲᠦ ᠴᠢᠨᠠᠷᠲᠠᠶ ᠬᠤᠪᠢ ᠨᠡᠮᠡᠷᠢ ᠶᠢ ᠪᠦᠬᠦ ᠲᠠᠯ᠎ᠠ ᠪᠠᠷ᠂ ᠭᠦᠨ ᠭᠦᠨᠵᠡᠭᠡᠶ᠂ ᠰᠢᠰᠲ᠋ᠧᠮ ᠲᠠᠢ ᠲᠤᠰᠬᠠᠪᠠ︔ ᠳ᠋ᠦᠩᠨᠡᠨ ᠬᠤᠷᠢᠶᠠᠩᠭᠤᠶᠢᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ︾ ᠨᠢ ᠲᠡᠦᠬᠡ᠂ ᠤᠳᠤ᠂ ᠢᠷᠡᠭᠡᠳᠦᠶ ᠶᠢ ᠨᠡᠪᠲᠡᠷᠡᠭᠦᠯᠵᠦ᠂ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠪᠠ ᠪᠣᠳᠠᠲᠤ ᠵᠢᠯᠣᠭᠤᠳᠬᠤ ᠠᠴᠢ ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠲᠡᠢ ᠦᠵᠡᠪᠡ᠃       ᠰᠢᠢᠳᠪᠦᠷᠢ ᠶᠢᠨ ᠨᠤᠤᠷᠠᠭ ᠪᠤᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠤᠯᠭᠤᠷ ᠵᠤᠷᠢᠯᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠬᠦ ᠤᠯᠤᠰ ᠲᠦᠷᠦ ᠶᠢᠨ ᠲᠤᠩᠬᠠᠭ ᠮᠥᠨ᠂ ᠲᠡᠦᠬᠡ ᠪᠠᠷ ᠲᠣᠯᠢ ᠪᠣᠯᠭᠠᠬᠤ᠂ ᠢᠷᠡᠭᠡᠳᠦᠶ ᠪᠠᠨ ᠡᠭᠦᠳᠦᠨ ᠨᠡᠭᠡᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠥᠨ᠂ ᠨᠠᠮ ᠤᠨ ᠡᠮᠦᠨ᠎ᠡ ᠬᠤᠶᠠᠷ ᠲᠡᠦᠬᠡᠨ ᠰᠢᠢᠳᠪᠦᠷᠢ ᠲᠠᠢ ᠤᠯᠠᠮᠵᠢᠯᠠᠯ ᠨᠢᠭᠡᠲᠡᠢ ᠮᠥᠷᠲᠡᠭᠡᠨ ᠪᠠᠰᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠪᠤᠯᠬᠤᠷ ᠪᠦᠬᠦ ᠨᠠᠮ ᠢ ᠤᠷᠮᠠᠰᠢᠭᠤᠯᠤᠨ ᠵᠤᠷᠢᠭᠵᠢᠭᠤᠯᠵᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠶᠡᠭᠡ ᠦᠩᠭᠡ ᠭᠡᠷᠡᠯ ᠢ ᠲᠡᠮᠡᠴᠡᠨ ᠤᠯᠤᠭᠤᠯᠬᠤ ᠨᠢ ᠯᠠᠪᠲᠠᠢ ᠶᠤᠮ ᠭᠡᠵᠦ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠯ᠎ᠡ ᠲᠠᠯ᠎ᠠ ᠶᠢᠨ ᠬᠢᠨ ᠨᠡᠶᠢᠳᠡᠮ ᠦᠵᠡᠪᠡ᠃       ᠰᠠᠨᠠᠯ ᠬᠤᠷᠢᠶᠠᠬᠤ ᠶᠠᠪᠤᠴᠠ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠮᠠᠰᠢ ᠤᠯᠠᠨ ᠰᠠᠶᠢᠨ ᠰᠠᠨᠠᠯ ᠪᠠ ᠰᠠᠨᠠᠭᠤᠯᠭ᠎ᠠ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠡᠳᠡᠭᠡᠷ ᠰᠠᠨᠠᠯ ᠪᠠ ᠰᠠᠨᠠᠭᠤᠯᠭ᠎ᠠ ᠶᠢ ᠵᠤᠷᠪᠤᠰ ᠳᠠᠷᠠᠭᠠᠯᠠᠨ ᠵᠠᠳᠠᠯᠵᠦ᠂ ᠰᠢᠩᠭᠡᠭᠡᠨ ᠠᠪᠴᠤ ᠪᠣᠯᠬᠤ ᠶᠢ ᠨᠢ ᠠᠯᠢ ᠴᠢᠳᠠᠬᠤ ᠪᠠᠷ ᠰᠢᠩᠭᠡᠭᠡᠨ ᠠᠪᠤᠪᠠ᠃ ᠳᠠᠬᠢᠨ ᠳᠠᠪᠲᠠᠨ ᠰᠤᠳᠤᠯᠵᠤ ᠲᠤᠩᠭᠠᠨ ᠪᠣᠳᠣᠯᠬᠢᠯᠠᠬᠤ ᠪᠠᠷ ᠳᠠᠮᠵᠢᠨ᠂ ᠰᠢᠢᠳᠪᠦᠷᠢ ᠶᠢᠨ ᠨᠤᠤᠷᠠᠭ ᠲᠤ 547 ᠭᠠᠵᠠᠷ ᠵᠠᠰᠠᠪᠤᠷᠢ ᠣᠷᠣᠭᠤᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠭᠦᠢᠴᠡᠳ ᠲᠤᠰᠬᠠᠪᠠ       ᠰᠢᠢᠳᠪᠦᠷᠢ ᠶᠢᠨ ᠨᠣᠣᠷᠠᠭ ᠢ ᠲᠤᠭᠤᠷᠪᠢᠬᠤ ᠶᠠᠪᠤᠴᠠ ᠳᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠵᠤ ᠬᠢᠨᠠᠨ ᠶᠠᠷᠢᠯᠴᠠᠭᠠᠳ᠂ ᠡᠨᠡ ᠤᠳᠠᠭᠠᠨ ᠤ ᠪᠥᠬᠦᠳᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠰᠢᠢᠳᠪᠦᠷᠢ ᠶᠢᠨ ᠨᠤᠤᠷᠠᠭ ᠢ ᠪᠤᠢ ᠪᠣᠯᠭᠠᠪᠠ᠃       ᠭᠤᠷᠪᠠ᠂ ᠰᠢᠢᠳᠪᠦᠷᠢ ᠶᠢᠨ ᠨᠤᠤᠷᠠᠭ ᠤᠨ ᠦᠨᠳᠦᠰᠦᠨ ᠪᠣᠷᠣ ᠲᠥᠯᠥᠪ ᠪᠠ ᠭᠤᠤᠯ ᠠᠭᠤᠯᠭ᠎ᠠ      ᠰᠢᠢᠳᠪᠦᠷᠢ ᠶᠢᠨ ᠨᠤᠤᠷᠠᠭ ᠲᠤ ᠣᠷᠣᠰᠢᠯ ᠪᠠ ᠲᠡᠭᠦᠰᠭᠡᠯ ᠤᠨ ᠦᠭᠡ ᠠᠴᠠ ᠭᠠᠳᠠᠨ᠎ᠠ ᠨᠡᠶᠢᠲᠡ 7 ᠬᠡᠰᠡᠭ ᠪᠤᠢ᠃       ᠨᠢᠭᠡᠳᠦᠭᠡᠷ ᠬᠡᠰᠡᠭ ︽ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠤᠭᠰᠠᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠡᠵᠡᠷᠬᠡᠭ ᠲᠦᠷᠢᠮᠡᠬᠡᠶ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ ᠶᠠᠪᠤᠳᠠᠯ ᠪᠤᠯᠬᠤ ᠶᠢ ᠦᠭᠦᠯᠡᠨ ᠲᠤᠲᠤᠷᠬᠠᠶᠢᠯᠠᠪᠠ᠃ ᠨᠠᠮ ᠤᠨ ᠪᠤᠶ ᠪᠣᠯᠤᠭᠰᠠᠨ ᠲᠡᠦᠬᠡᠨ ᠠᠬᠤᠶ ᠪᠠᠶᠢᠳᠠᠯ ᠳᠤ ᠵᠠᠳᠠᠯᠤᠯᠲᠠ ᠬᠢᠵᠦ᠂ ᠨᠠᠮ ᠠᠴᠠ ᠠᠷᠠᠳ ᠲᠦᠮᠡᠨ ᠢ ᠤᠳᠤᠷᠢᠳᠤᠨ ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠪᠠ ᠶᠡᠭᠡ ᠬᠤᠪᠢᠰᠬᠠᠯ ᠤᠨ ᠦᠶ᠎ᠡ᠂ ᠭᠠᠵᠠᠷ ᠲᠠᠷᠢᠶᠠᠨ ᠤ ᠬᠤᠪᠢᠰᠬᠠᠯᠲᠤ ᠳᠠᠶᠢᠨ ᠤ ᠦᠶ᠎ᠡ᠂ ᠶᠠᠫᠣᠨ ᠢ ᠡᠰᠡᠷᠭᠦᠴᠡᠬᠦ ᠳᠠᠶᠢᠨ ᠤ ᠦᠶ᠎ᠡ᠂ ᠴᠢᠯᠥᠭᠡᠯᠡᠬᠦ ᠳᠠᠶᠢᠨ ᠤ ᠦᠶ᠎ᠡ ᠳᠤ ᠬᠤᠪᠢᠰᠬᠠᠯᠲᠤ ᠲᠡᠮᠡᠴᠡᠯ ᠬᠢᠭᠰᠡᠨ ᠲᠡᠦᠬᠡᠨ ᠠᠬᠢᠴᠠ ᠪᠠ ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠪᠦᠲᠦᠮᠵᠢ ᠵᠢᠴᠢ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠤᠢ ᠪᠤᠯᠭᠠᠭᠰᠠᠨ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠢ ᠬᠡᠷᠡᠭᠵᠢᠭᠦᠯᠦᠭᠰᠡᠨ ᠪᠠ ᠠᠬᠢᠭᠤᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠳ᠋ᠦᠩᠨᠡᠪᠡ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠦ᠂ ᠦᠨᠳᠤᠰᠤᠳᠡᠨ ᠤ ᠲᠤᠰᠠᠭᠠᠷ ᠲᠤᠬᠳᠠᠨᠢᠯ᠂ ᠠᠷᠠᠳ ᠲᠦᠮᠡᠨ ᠤ ᠴᠢᠯᠤᠭᠡᠯᠡᠯᠳᠡ ᠶᠢ ᠪᠡᠶᠡᠯᠡᠬᠦᠯᠵᠤ᠂ ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ ᠹᠸᠣᠳᠠᠯ ᠤᠨ ᠡᠵᠡᠷᠬᠡᠭ ᠶᠤᠰᠤᠨ ᠤ ᠤᠯᠤᠰ ᠲᠥᠷᠥ ᠠᠴᠠ ᠠᠷᠠᠳ ᠤᠨ ᠠᠷᠠᠳᠴᠢᠯᠠᠯ ᠳᠤ ᠰᠢᠯᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ︔ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠢ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠣᠭᠰᠣᠪᠠ᠂ ᠳᠤᠮᠳᠠᠳᠤ ᠶᠢᠨ ᠦᠨᠳᠦᠰᠦᠲᠡᠨ ᠤ ᠬᠥᠮᠦᠨ ᠪᠤᠯᠭᠠᠨ ᠳᠤ ᠳᠠᠷᠤᠯᠠᠭᠳᠠᠵᠤ᠂ ᠳᠠᠷᠤᠯᠠᠯ ᠳᠤᠷᠤᠮᠵᠢᠯᠠᠯ ᠢ ᠬᠠᠰᠢᠷᠠᠲᠠᠯ᠎ᠠ ᠠᠮᠰᠠᠵᠦ ᠪᠠᠶᠢᠭᠰᠠᠨ ᠴᠠᠭ ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ ᠤᠯᠤᠰ ᠤᠨ ᠬᠥᠭᠵᠢᠯᠲᠡ ᠡᠭᠦᠨ ᠠᠴᠠ ᠡᠬᠢᠯᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠭᠰᠠᠨ ᠢ ᠴᠢᠬᠤᠯᠠᠴᠢᠯᠠᠪᠠ᠃       ᠬᠤᠶᠠᠳᠤᠭᠠᠷ ᠬᠡᠰᠡᠭ ︽ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠦᠭᠰᠡᠨ ᠪᠠ ᠨᠡᠶᠢᠭᠡᠮ ᠵᠢᠷᠤᠮᠲᠤ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠰᠢᠨ᠎ᠡ ᠠᠷᠠᠳᠴᠢᠯᠠᠭᠰᠠᠨ ᠶᠣᠰᠣᠨ ᠠᠴᠠ ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠬᠤᠪᠢᠰᠬᠠᠯ ᠬᠢᠵᠦ᠂ ᠨᠡᠶᠢᠭᠡᠮ ᠵᠢᠷᠤᠮᠲᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠭᠦ ᠶᠠᠪᠤᠳᠠᠯ ᠪᠤᠯᠬᠤ ᠶᠢ ᠦᠭᠦᠯᠡᠨ ᠲᠤᠲᠤᠷᠬᠠᠶᠢᠯᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠨᠠᠮ ᠠᠴᠠ ᠠᠷᠠᠳ ᠲᠦᠮᠡᠨ ᠢ ᠤᠳᠤᠷᠢᠳᠤᠨ ᠠᠯᠢ ᠣᠯᠠᠨ ᠬᠦᠨᠳᠦ ᠬᠡᠴᠡᠭᠦᠦ ᠰᠢᠯᠭᠠᠯᠳᠠ ᠶᠢ ᠢᠯᠠᠨ ᠳᠠᠪᠠᠵᠤ᠂ ᠰᠢᠨ᠎ᠡ ᠪᠠᠷ ᠮᠠᠨᠳᠦᠯᠡᠭᠰᠡᠨ ᠲᠦᠷᠦ ᠶᠢᠨ ᠡᠷᠬᠡ ᠶᠢ ᠪᠠᠬᠢᠵᠢᠭᠦᠯᠦᠨ᠂ ᠠᠮᠵᠢᠯᠲᠠ ᠲᠠᠢ ᠪᠠᠷ ᠨᠡᠶᠢᠭᠡᠮ ᠵᠢᠷᠤᠮᠲᠤ ᠥᠭᠡᠷᠡᠴᠢᠯᠡᠯᠲᠡ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠪᠠᠶᠢᠭᠤᠯᠤᠯ ᠢ ᠪᠠᠶᠢᠭᠤᠯᠦᠨ᠂ ᠪᠦᠬᠦ ᠲᠠᠯ᠎ᠠ ᠶᠢᠨ ᠶᠡᠭᠡ ᠬᠡᠪᠴᠢᠶᠡᠨ ᠤ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠭᠰᠡᠨ ᠲᠡᠦᠬᠡᠨ ᠠᠬᠢᠴᠠ ᠪᠠ ᠡᠭᠦᠳᠦᠨ ᠪᠦᠲᠦᠭᠡᠭᠰᠡᠨ ᠠᠭᠤᠦ ᠶᠡᠭᠡ ᠠᠮᠵᠢᠯᠲᠠ ᠪᠦᠲᠦᠮᠵᠢ ᠶᠢ ᠳ᠋ᠦᠩᠨᠡᠪᠡ᠃ ᠨᠠᠮ ᠤᠨ ᠲᠥᠷᠥ ᠪᠠᠷᠢᠭᠴᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ ᠬᠤᠷᠠᠮᠳᠤᠭᠤᠯᠤᠭᠰᠠᠨ ᠠᠩᠬ᠎ᠠ ᠠᠯᠬᠤᠮ ᠤᠨ ᠲᠤᠷᠰᠢᠯᠭ᠎ᠠ ᠶᠢ ᠳ᠋ᠦᠩᠨᠡᠵᠦ᠂ ᠡᠨᠡ ᠬᠦ ᠦᠶ᠎ᠡ ᠳᠤ ᠨᠠᠮ ᠤᠨ ᠣᠯᠤᠭᠰᠠᠨ ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠢ ᠲᠣᠳᠣᠷᠬᠠᠶᠢᠯᠠᠨ ᠥᠭᠦᠯᠡᠭᠰᠡᠨ ᠰᠠᠭᠤᠷᠢᠨ ᠳᠡᠭᠡᠷ᠎ᠡ᠂ ᠮᠠᠤ ᠽᠧ ᠳ᠋ᠦᠩ ᠤᠨ ᠦᠵᠡᠯ ᠰᠠᠨᠠᠭ᠎ᠠ ᠳᠤ ᠰᠢᠨᠵᠢᠯᠡᠬᠦ ᠤᠬᠠᠭᠠᠨᠴᠢ ᠦᠨᠡᠯᠡᠯᠲᠡ ᠬᠢᠪᠡ᠃ ᠡᠨᠡ ᠬᠦ ᠦᠶ᠎ᠡ ᠳᠤ ᠨᠠᠮ ᠠᠴᠠ ᠠᠷᠠᠳ ᠲᠦᠮᠡᠨ ᠢ ᠤᠳᠤᠷᠢᠳᠤᠨ ᠠᠭᠤᠤ ᠶᠡᠭᠡ ᠠᠮᠵᠢᠯᠲᠠ ᠪᠦᠲᠦᠮᠵᠢ ᠶᠢ ᠡᠬᠦᠳᠴᠤ᠂ ᠶᠠᠳᠠᠭᠤ ᠬᠤᠭᠤᠰᠤᠨ᠂ ᠬᠥᠮᠦᠨ ᠠᠮᠠ ᠣᠯᠠᠨᠲᠠᠢ ᠳᠣᠷᠣᠨᠠᠳᠠᠬᠢᠨ ᠤ ᠲᠤᠮᠤ ᠤᠯᠤᠰ ᠢ ᠲᠤᠮᠤ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠣᠷᠣᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ︔ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠤ ᠴᠢᠳᠠᠮᠠᠭᠠᠶ ᠪᠠᠷ ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠭᠰᠠᠨ ᠢ ᠴᠢᠬᠤᠯᠠᠴᠢᠯᠠᠪᠠ᠃       ᠭᠤᠷᠪᠠᠳᠤᠭᠠᠷ ᠬᠡᠰᠡᠭ ︽ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠬᠢᠭᠰᠡᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠳᠤᠮᠳᠠᠳᠤ ᠤᠯᠤᠰ ᠤᠨ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠠᠯᠢ ᠲᠦᠷᠭᠡᠨ ᠢᠶᠠᠷ ᠪᠠᠶᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠳᠤᠯᠢᠭ ᠬᠦᠴᠦᠨ ᠢᠶᠠᠷ ᠪᠢᠯᠬᠠᠭᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠢᠶᠠᠷ ᠬᠥᠭᠵᠢᠭᠰᠡᠨ ᠪᠣᠳᠠᠰ ᠤᠨ ᠨᠥᠬᠦᠴᠡᠯ ᠢ ᠬᠠᠩᠭᠠᠬᠤ ᠶᠠᠪᠤᠳᠠᠯ ᠪᠤᠯᠬᠤ ᠶᠢ ᠦᠭᠦᠯᠡᠨ ᠲᠤᠲᠤᠷᠬᠠᠶᠢᠯᠠᠪᠠ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠲᠡᠦᠬᠡᠲᠦ ᠠᠴᠢ ᠬᠤᠯᠪᠣᠭᠳᠠᠯ ᠢ ᠴᠢᠬᠤᠯᠠᠴᠢᠯᠠᠵᠤ᠂ ᠳ᠋ᠧᠩ ᠰᠢᠶᠤᠤ ᠫᠢᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ᠂ ᠵᠢᠶᠠᠩ ᠽᠧ ᠮᠢᠨ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ᠂ ᠬᠤ᠋ ᠶᠢᠨ ᠲᠤᠦ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠭᠠᠷᠭᠠᠭᠰᠠᠨ ᠲᠡᠦᠬᠡᠨ ᠬᠤᠪᠢ ᠨᠡᠮᠡᠷᠢ ᠶᠢ ᠳ᠋ᠦᠩᠨᠡᠵᠦ᠂ ᠨᠠᠮ ᠠᠴᠠ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠶᠢ ᠤᠳᠤᠷᠢᠳᠤᠭᠰᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠦᠷᠢᠯᠳᠦᠭᠦᠯᠦᠭᠰᠡᠨ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ᠂ ᠮᠠᠨ ᠤ ᠤᠯᠤᠰ ᠤᠨ ᠥᠭᠡᠷᠡᠴᠢᠯᠡᠯᠲᠡ ᠬᠢᠬᠦ ᠬᠥᠭᠵᠢᠬᠦᠯᠬᠦ ᠲᠣᠭᠲᠠᠭᠤᠨ ᠪᠠᠶᠢᠯᠭᠠᠬᠤ ᠶᠢᠨ ᠪᠦᠬᠦ ᠲᠠᠯ᠎ᠠ ᠳᠤ ᠬᠤᠯᠪᠣᠭᠳᠠᠬᠤ ᠠᠯᠢ ᠤᠯᠠᠨ ᠠᠶᠤᠯ ᠲᠦᠭᠰᠢᠭᠦᠷᠢ ᠶᠢᠨ ᠰᠢᠯᠭᠠᠯᠲᠠ ᠶᠢ ᠯᠠᠪᠳᠠᠭᠤᠨ ᠲᠣᠭᠲᠠᠭᠤᠨ ᠢᠶᠠᠷ ᠠᠷᠭᠠᠴᠠᠭᠰᠠᠨ᠂ ᠡᠬᠡ ᠣᠷᠣᠨ ᠢᠶᠠᠨ ᠨᠢᠭᠡᠳᠭᠡᠬᠦ ᠶᠡᠭᠡ ᠦᠢᠯᠡᠰ ᠢ ᠠᠬᠢᠭᠤᠯᠤᠭᠰᠠᠨ᠂ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠭᠰᠠᠨ ᠪᠠ ᠬᠠᠮᠲᠤ ᠪᠠᠷ ᠬᠦᠭᠵᠢᠬᠦ ᠶᠢ ᠠᠬᠢᠭᠤᠯᠤᠭᠰᠠᠨ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠡᠭᠦᠳᠦᠨ ᠨᠡᠭᠡᠭᠡᠭᠰᠡᠨ ᠪᠠ ᠠᠬᠢᠭᠤᠯᠤᠭᠰᠠᠨ ᠵᠡᠷᠭᠡ ᠲᠠᠯ᠎ᠠ ᠠᠴᠠ ᠰᠢᠨ᠎ᠡ ᠴᠠᠭ ᠦᠶ᠎ᠡ ᠶᠢᠨ ᠰᠦᠷ ᠳᠠᠯᠠᠶᠢᠴᠠᠲᠠᠶ ᠲᠡᠦᠬᠡᠨ ᠬᠠᠭᠤᠳᠠᠰᠤ ᠪᠠ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠢᠯᠡᠷᠡᠭᠦᠯᠪᠡ᠃ ᠡᠨᠡ ᠬᠦ ᠦᠶ᠎ᠡ ᠶᠢᠨ ᠨᠠᠮ ᠠᠴᠠ ᠠᠷᠠᠳ ᠲᠦᠮᠡᠨ ᠢ ᠤᠳᠤᠷᠢᠳᠤᠨ ᠡᠭᠦᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠨᠢ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ ᠠᠴᠠ ᠪᠠᠨ ᠪᠠᠶᠠᠵᠢᠭᠰᠠᠨ ᠠᠭᠤᠤ ᠶᠡᠭᠡ ᠦᠰᠦᠷᠦᠯᠲᠡ ᠶᠢ ᠠᠬᠢᠭᠤᠯᠤᠭᠰᠠᠨ︔ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠥᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠲᠦ ᠣᠯᠣᠰ ᠤᠨ ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠨᠢᠬᠡᠨ ᠠᠷᠭ᠎ᠠ ᠮᠦᠨ᠂ ᠳᠤᠮᠳᠠᠲᠦ ᠣᠯᠣᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠵᠠᠮ ᠪᠤᠯ ᠳᠤᠮᠳᠠᠲᠦ ᠣᠯᠣᠰ ᠤᠨ ᠬᠦᠭᠵᠢᠯ ᠴᠡᠴᠡᠭᠯᠡᠯ ᠢ ᠵᠢᠭᠠᠨ ᠵᠢᠯᠦᠭᠤᠳᠬᠤ ᠵᠥᠪ ᠵᠠᠮ ᠮᠦᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠬᠰᠠᠨ ᠢ ᠴᠢᠬᠤᠯᠠᠴᠢᠯᠠᠪᠠ᠃       ᠳᠥᠷᠪᠡᠳᠦᠭᠡᠷ ᠬᠡᠰᠡᠭ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠡᠭᠦᠳᠦᠨ ᠨᠡᠭᠡᠭᠡᠭᠰᠡᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠵᠤ ᠪᠠᠶᠢᠭ᠎ᠠ ᠭᠤᠣᠯ ᠡᠭᠦᠷᠭᠡ ᠪᠣᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠰᠢᠨ᠎ᠡ ᠠᠶᠠᠯᠠᠯ ᠢ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠠᠷᠠᠯᠲᠠ ᠵᠦᠭ ᠦᠷᠭᠦᠯᠵᠢᠯᠡᠨ ᠤᠷᠤᠭᠰᠢᠯᠠᠬᠤ ᠶᠠᠪᠤᠳᠠᠯ ᠪᠤᠯᠬᠤ ᠶᠢ ᠦᠭᠦᠯᠡᠨ ᠲᠤᠳᠤᠷᠬᠠᠶᠢᠯᠠᠪᠠ᠃ ᠳᠤᠮᠳᠠᠳᠤ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠬᠡᠬᠦ ᠡᠨᠡ ᠬᠦ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠲᠡᠦᠬᠡᠨ ᠣᠷᠣᠨ ᠪᠠᠶᠢᠷᠢ ᠶᠢ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠤᠨ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠵᠤ᠂ ᠰᠢᠨ᠎ᠡ ᠴᠠᠭ ᠦᠶ᠎ᠡ ᠳᠤ ᠨᠠᠮ ᠳᠤ ᠲᠤᠯᠭᠠᠷᠠᠵᠤ ᠪᠠᠶᠢᠭ᠎ᠠ ᠪᠠᠶᠢᠳᠠᠯ᠂ ᠲᠤᠯᠭᠠᠷᠠᠵᠤ ᠪᠠᠶᠢᠭ᠎ᠠ ᠲᠦᠭᠰᠢᠭᠦᠷᠢ ᠪᠠ ᠰᠢᠯᠭᠠᠯᠳᠠ ᠳᠤ ᠭᠦᠨᠵᠡᠭᠡᠢ ᠵᠠᠳᠠᠯᠤᠯᠳᠠ ᠬᠢᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠲᠥᠷᠥ ᠶᠢᠨ ᠪᠠᠶᠢᠭᠤᠯᠤᠯᠲᠠ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠬᠤ ᠪᠠ ᠡᠬᠡ ᠤᠯᠤᠰ ᠤᠨ ᠨᠢᠭᠡᠳᠦᠯ ᠢ ᠠᠬᠢᠭᠤᠯᠬᠤ᠂ ᠭᠠᠳᠠᠭᠠᠳᠤ ᠬᠠᠷᠢᠯᠴᠠᠭᠠᠨ ᠤ ᠠᠵᠢᠯ ᠵᠡᠷᠭᠡ 13 ᠲᠠᠯ᠎ᠠ ᠠᠴᠠ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠶ ᠬᠤᠪᠢᠰᠤᠯᠲᠠ ᠶᠢ ᠬᠦᠷᠢᠶ᠎ᠡ ᠬᠤᠪᠢᠶᠠᠨ ᠳ᠋ᠦᠩᠨᠡᠵᠦ᠂ ᠶᠢᠰᠤᠨ ᠵᠢᠯ ᠤᠨ ᠲᠤᠷᠰᠢᠬᠢ ᠤᠤᠭᠠᠯ ᠡᠭᠦᠳᠦᠯᠲᠡ ᠶᠢᠨ ᠴᠢᠨᠠᠷᠲᠠᠶ ᠦᠵᠡᠯ ᠰᠠᠨᠠᠭ᠎ᠠ᠂ ᠬᠤᠪᠢᠰᠤᠯᠲᠠ ᠶᠢᠨ ᠴᠢᠨᠠᠷᠲᠠᠶ ᠦᠢᠯᠡᠳᠦᠯᠭᠡ᠂ ᠰᠢᠪᠲᠤᠯᠤᠯᠲᠠ ᠶᠢᠨ ᠴᠢᠨᠠᠷᠲᠠᠶ ᠠᠬᠢᠯᠲᠠ᠂ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠭᠤᠤᠯᠳᠠᠯᠭ᠎ᠠ ᠲᠠᠢ ᠳ᠋ᠦᠩᠨᠡᠪᠠ᠃ ᠡᠨᠡ ᠬᠦ ᠦᠶ᠎ᠡ ᠶᠢᠨ ᠨᠠᠮ ᠠᠴᠠ ᠠᠷᠠᠳ ᠲᠦᠮᠡᠨ ᠢ ᠤᠳᠤᠷᠢᠳᠤᠨ ᠡᠬᠦᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠬᠠᠩᠭᠠᠬᠰᠠᠨ︔ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠦ ᠣᠯᠣᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠳᠠᠭᠤᠵᠢᠯᠲᠠᠢ ᠲᠡᠮᠡᠴᠡᠯ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠭᠰᠠᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠬᠰᠠᠨ ᠢ ᠴᠢᠬᠤᠯᠠᠴᠢᠯᠠᠪᠠ᠃       ᠲᠠᠪᠤᠳᠤᠭᠠᠷ ᠬᠡᠰᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠲᠦ ᠠᠴᠢ ᠬᠤᠯᠪᠣᠭᠳᠠᠯ︾᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠠ ᠴᠢᠬᠤᠯᠠ ᠶᠡᠭᠡ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠭᠰᠡᠨ ᠰᠠᠭᠤᠷᠢᠨ ᠳᠡᠭᠡᠷ᠎ᠡ᠂ ᠨᠠᠩ ᠠᠭᠤᠳᠠᠮ ᠰᠠᠷᠠᠭᠤᠯ ᠬᠠᠷᠠᠭᠠᠰᠤ ᠪᠠᠷ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ᠂ ᠲᠤᠬᠠᠶᠢᠯᠠᠪᠠᠯ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠶ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠭᠰᠡᠨ᠂ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ᠂ ᠳᠡᠯᠡᠬᠡᠶ ᠶᠢᠨ ᠲᠡᠤᠬᠡ ᠶᠢᠨ ᠠᠬᠢᠴᠠ ᠶᠢ ᠭᠦᠨᠵᠡᠭᠡᠶ ᠨᠥᠯᠥᠭᠡᠯᠡᠭᠰᠡᠨ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠵᠦ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠤᠯᠪᠠᠰᠤᠷᠠᠭᠤᠯᠤᠭᠰᠠᠨ ᠢ ᠳ᠋ᠦᠩᠨᠡᠵᠦ᠂ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ᠂ ᠮᠠᠷᠺᠰ ᠤᠨ ᠦᠵᠡᠯ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠳᠤ ᠦᠵᠡᠭᠦᠯᠦᠭᠰᠡᠨ ᠲᠡᠤᠬᠡᠲᠦ ᠴᠢᠨᠠᠷᠲᠠᠶ ᠬᠤᠪᠢ ᠨᠡᠮᠡᠷᠢ ᠶᠢ ᠲᠣᠳᠣᠷᠬᠠᠶᠢᠯᠠᠨ ᠥᠭᠦᠯᠡᠪᠡ᠃ ᠡᠨᠡ ᠲᠠᠪᠤᠨ ᠵᠤᠷᠪᠤᠰ ᠬᠤᠷᠢᠶᠠᠩᠭᠤᠶᠢᠯᠠᠯ ᠨᠢ ᠳᠤᠮᠳᠠᠳᠤ ᠶᠢᠨ ᠡᠬᠡ ᠭᠠᠵᠠᠷ ᠲᠤ ᠰᠠᠭᠤᠷᠢᠯᠠᠭᠰᠠᠨ ᠮᠥᠷᠲᠡᠭᠡᠨ ᠪᠠᠰᠠ ᠬᠥᠮᠦᠨ ᠲᠥᠷᠥᠯᠬᠢᠲᠡᠨ ᠤ ᠢᠷᠡᠭᠡᠳᠦᠶ ᠶᠢ ᠪᠠᠷᠠᠯᠠᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠬᠠᠷᠢᠴᠠᠭ᠎ᠠ ᠶᠢ ᠬᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠮᠠᠷᠺᠰ ᠤᠨ ᠦᠵᠡᠯ᠂ ᠳᠡᠯᠡᠬᠡᠶ ᠶᠢᠨ ᠨᠡᠶᠢᠭᠡᠮ ᠵᠢᠷᠤᠮ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠬᠠᠷᠠᠭᠤᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠨᠡᠪᠲᠡᠷᠡᠭᠦᠯᠵᠡᠶ᠃       ᠵᠢᠷᠭᠤᠳᠤᠭᠠᠷ ᠬᠡᠰᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ ᠲᠤᠷᠰᠢᠯᠭ᠎ᠠ︾᠃ ᠦᠨᠳᠦᠰᠦᠨ ᠴᠢᠨᠠᠷᠲᠠᠶ ᠪᠠ ᠠᠯᠤᠰ ᠬᠡᠳᠤ ᠶᠢᠨ ᠵᠢᠯᠣᠭᠤᠳᠬᠤ ᠠᠴᠢ ᠬᠤᠯᠪᠣᠭᠳᠠᠯ ᠪᠦᠬᠦᠢ ᠠᠷᠪᠠᠨ ᠵᠤᠷᠪᠤᠰ ᠲᠡᠤᠬᠡᠨ ᠲᠤᠷᠰᠢᠯᠭ᠎ᠠ ᠶᠢ ᠬᠤᠷᠢᠶᠠᠩᠭᠤᠶᠢᠯᠠᠵᠠᠶ᠂ ᠲᠤᠬᠠᠶᠢᠯᠠᠪᠠᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠂ ᠤᠨᠤᠯ ᠤᠨ ᠰᠢᠨ᠎ᠡ ᠡᠭᠦᠳᠤᠯᠲᠡ ᠶᠢ ᠪᠠᠷᠢᠮᠲᠠᠯᠠᠨ᠎ᠠ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠵᠠᠮ ᠢ ᠪᠠᠷᠢᠮᠲᠠᠯᠠᠨ᠎ᠠ᠂ ᠬᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠂ ᠵᠣᠷᠢᠭᠲᠠᠶ ᠪᠠᠷ ᠲᠡᠮᠡᠴᠡᠯ ᠬᠢᠬᠦ ᠶᠢ ᠪᠠᠷᠢᠮᠲᠠᠯᠠᠨ᠎ᠠ᠂ ᠨᠢᠭᠡᠳᠦᠮᠡᠯ ᠹᠷᠣᠨᠲ ᠢ ᠪᠠᠷᠢᠮᠲᠠᠯᠠᠨ᠎ᠠ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠨ᠎ᠠ᠃ ᠡᠨᠡ ᠠᠷᠪᠠᠨ ᠵᠤᠷᠪᠤᠰ ᠲᠡᠤᠬᠡᠨ ᠲᠤᠷᠰᠢᠯᠭ᠎ᠠ ᠪᠣᠯ ᠰᠢᠰᠲ᠋ᠧᠮ ᠨᠢ ᠪᠦᠷᠢᠨ ᠪᠦᠲᠦᠨ᠂ ᠬᠠᠷᠢᠯᠴᠠᠨ ᠨᠡᠪᠲᠡᠷᠡᠯᠴᠡᠭᠰᠡᠨ ᠣᠷᠭᠠᠨᠢᠭ ᠪᠦᠬᠦᠯᠢ ᠴᠣᠭᠴᠠ ᠮᠦᠨ᠂ ᠲᠡᠷᠡ ᠨᠢ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠲᠠᠰᠤᠷᠠᠯᠲᠠ ᠦᠭᠡᠢ ᠠᠮᠵᠢᠯᠲᠠ ᠣᠯᠬᠤ ᠶᠢᠨ ᠦᠨᠳᠦᠰᠦᠨ ᠪᠠᠲᠤᠯᠠᠭ᠎ᠠ ᠶᠢ ᠢᠯᠡᠷᠡᠭᠦᠯᠵᠦ᠂ ᠨᠠᠮ ᠤᠨ ᠢᠮᠠᠭᠲᠠ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠬᠦᠴᠦᠨ ᠴᠢᠳᠠᠯ ᠤᠨ ᠡᠬᠢ ᠰᠤᠷᠪᠤᠯᠵᠢ ᠶᠢ ᠢᠯᠡᠷᠡᠭᠦᠯᠵᠦ᠂ ᠨᠠᠮ ᠤᠨ ᠢᠮᠠᠭᠲᠠ ᠲᠡᠦᠬᠡ ᠶᠢᠨ ᠰᠠᠨᠠᠭᠠᠴᠢᠯᠠᠭ᠎ᠠ ᠶᠢ ᠡᠵᠡᠮᠰᠢᠵᠦ ᠪᠠᠶᠢᠬᠤ ᠶᠢᠨ ᠦᠨᠳᠦᠰᠦᠨ ᠰᠢᠯᠲᠠᠭᠠᠨ ᠢ ᠢᠯᠡᠷᠡᠭᠦᠯᠵᠦ᠂ ᠨᠠᠮ ᠤᠨ ᠡᠭᠦᠷᠢᠲᠡ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢᠶᠠᠨ ᠬᠠᠳᠠᠭᠠᠯᠠᠬᠤ᠂ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠬᠤ ᠶᠢᠨ ᠦᠨᠳᠦᠰᠦᠨ ᠠᠷᠭ᠎ᠠ ᠵᠠᠮ ᠢ ᠢᠯᠡᠷᠡᠭᠦᠯᠪᠡ᠃ ᠡᠨᠡ ᠠᠷᠪᠠᠨ ᠵᠤᠷᠪᠤᠰ ᠲᠡᠤᠬᠡᠨ ᠲᠤᠷᠰᠢᠯᠭ᠎ᠠ ᠪᠣᠯ ᠤᠷᠲᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠦᠨ᠂ ᠨᠠᠮ ᠪᠣᠯᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠥᠪ ᠬᠥᠷᠥᠩᠭᠡ ᠮᠥᠨ᠂ ᠡᠷᠬᠡᠪᠰᠢ ᠬᠤᠪᠢ ᠳᠠᠬᠢᠨ ᠨᠠᠨᠳᠢᠩᠨᠠᠵᠦ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠦ ᠰᠢᠨ᠎ᠡ ᠴᠠᠭ ᠦᠶ᠎ᠡ ᠶᠢᠨ ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠦᠭᠵᠢᠭᠦᠯᠬᠦ ᠬᠡᠷᠡᠭᠲᠡᠢ ᠭᠡᠰᠡᠨ ᠢ ᠴᠢᠬᠤᠯᠠᠴᠢᠯᠠᠪᠠ᠃       ᠳᠣᠯᠣᠳᠤᠭᠠᠷ ᠬᠡᠰᠡᠭ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ︾᠃ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠪᠦᠬᠦ ᠨᠠᠮ ᠢᠶᠠᠷ ᠢᠶᠠᠨ ᠰᠠᠨᠠᠭᠰᠠᠨ ᠳᠠᠭᠠᠨ ᠬᠦᠷᠬᠦ ᠪᠠᠷ ᠰᠢᠨᠳᠠᠷᠠᠰᠢ ᠦᠭᠡᠢ ᠲᠡᠮᠡᠴᠡᠬᠦ ᠵᠤᠷᠢᠭ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ ᠭᠠᠵᠠᠷ ᠠᠶᠠᠯᠠᠬᠤᠢ ᠳᠤᠷ ᠶᠡᠷᠡᠨ ᠭᠠᠵᠠᠷ ᠲᠤᠭᠤᠯᠤᠭᠰᠠᠨ ᠠᠨᠤ ᠬᠠᠭᠠᠰ ᠵᠠᠮᠨᠠᠭᠰᠠᠨ ᠲᠡᠲᠦᠢ ᠪᠤᠯᠠᠢ ᠭᠡᠬᠦ ᠰᠡᠷᠭᠡᠭ ᠲᠠᠨᠢᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠰᠡᠨ ᠢ ᠴᠢᠬᠤᠯᠠᠴᠢᠯᠠᠪᠠ︔ ᠡᠷᠬᠡᠪᠰᠢ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ᠠᠷᠠᠳ ᠲᠦᠮᠡᠨ ᠪᠠᠶᠠᠵᠢᠨ ᠴᠢᠨᠡᠭᠡᠯᠢᠭᠵᠢᠬᠦ᠂ ᠤᠯᠤᠰ ᠣᠷᠣᠨ ᠬᠦᠴᠦᠷᠬᠡᠭᠵᠢᠨ ᠪᠠᠳᠠᠷᠠᠬᠤ᠂ ᠳᠤᠮᠳᠠᠳᠤ ᠤᠯᠤᠰ ᠦᠵᠡᠰᠭᠦᠯᠡᠩᠲᠦ ᠰᠠᠶᠢᠬᠠᠨ ᠪᠤᠯᠬᠤ ᠶᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ ᠭᠡᠰᠡᠨ ᠢ ᠴᠢᠬᠤᠯᠠᠴᠢᠯᠠᠪᠠ︔ ᠡᠷᠬᠡᠪᠰᠢ ᠠᠷᠠᠳ ᠤᠯᠠᠨ ᠯᠤᠭ᠎ᠠ ᠶᠢᠨ ᠰᠠᠯᠵᠤ ᠪᠣᠯᠤᠰᠢ ᠦᠭᠡᠢ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠳᠠ ᠦᠭᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠶ ᠭᠡᠰᠡᠨ ᠢ ᠴᠢᠬᠤᠯᠠᠴᠢᠯᠠᠪᠠ︔ ᠡᠷᠬᠡᠪᠰᠢ ᠵᠤᠪᠠᠵᠦ ᠵᠦᠳᠡᠬᠦᠢ ᠳᠤᠷ ᠲᠤᠭᠲᠠᠨᠢᠵᠦ᠂ ᠵᠢᠷᠭᠠᠵᠦ ᠴᠡᠩᠬᠡᠬᠦᠢ ᠳᠤᠷ ᠰᠦᠨᠦᠮᠤᠢ ᠭᠡᠳᠡᠭ ᠢ ᠪᠠᠲᠦ ᠴᠡᠭᠡᠵᠢᠯᠡᠨ᠂ ᠴᠠᠭ ᠢᠮᠠᠭᠲᠠ ᠠᠯᠤᠰ ᠤᠨ ᠪᠤᠳᠤᠯᠭ᠎ᠠ ᠲᠠᠢ ᠪᠠᠶᠢᠵᠦ᠂ ᠠᠮᠤᠷ ᠲᠥᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠰᠡᠨ ᠢ ᠴᠢᠬᠤᠯᠠᠴᠢᠯᠠᠪᠠ︔ ᠵᠠᠯᠭᠠᠮᠵᠢᠯᠠᠭᠴᠢ ᠲᠠᠢ ᠪᠠᠶᠢᠯᠭᠠᠬᠤ ᠡᠨᠡ ᠬᠦ ᠦᠨᠳᠦᠰᠦᠨ ᠶᠡᠭᠡ ᠪᠤᠳᠤᠯᠭ᠎ᠠ ᠶᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ ᠭᠡᠰᠡᠨ ᠢ ᠴᠢᠬᠤᠯᠠᠴᠢᠯᠠᠪᠠ᠃ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠦᠴᠦᠭᠡᠳᠦᠷ ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ ᠪᠠᠨ ᠤᠮᠠᠷᠲᠠᠬᠤ ᠦᠭᠡᠢ᠂ ᠥᠨᠥᠳᠦᠷ ᠤᠨ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠡᠷᠡᠮᠡᠯᠵᠡᠯ ᠢᠶᠠᠨ ᠬᠥᠰᠡᠷᠳᠡᠭᠦᠯᠬᠦ ᠦᠭᠡᠢ ᠪᠠᠶᠢᠵᠦ᠂ ᠲᠡᠤᠬᠡ ᠪᠠᠷ ᠲᠣᠯᠢ ᠪᠣᠯᠭᠠᠵᠦ᠂ ᠢᠷᠡᠭᠡᠳᠦᠶ ᠪᠠᠨ ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠣᠯᠣᠰ ᠤᠨ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠤᠭᠡᠢ ᠭᠡᠵᠦ ᠤᠷᠢᠶᠠᠯᠠᠪᠠ᠃       ᠨᠥᠬᠦᠳ ᠡ︕ ᠡᠨᠡ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠬᠤ ᠪᠤᠯ ᠡᠨᠡ ᠤᠳᠠᠭᠠᠨ ᠤ ᠪᠥᠬᠦᠳᠡ ᠬᠤᠷᠠᠯ ᠤᠨ ᠭᠤᠤᠯ ᠡᠭᠦᠷᠭᠡ ᠮᠥᠨ᠃ ᠣᠯᠠᠨ ᠢᠶᠠᠷ ᠢᠶᠠᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠡᠦᠬᠡ᠂ ᠣᠳᠣ᠂ ᠢᠷᠡᠭᠡᠳᠦᠶ ᠶᠢ ᠨᠡᠪᠲᠡᠷᠡᠭᠦᠯᠦᠨ ᠡᠵᠡᠮᠳᠡᠵᠦ᠂ ᠭᠦᠨᠵᠡᠭᠡᠶ ᠰᠡᠳᠭᠢᠨ ᠪᠣᠳᠣᠯᠬᠢᠯᠠᠵᠤ᠂ ᠭᠦᠨᠵᠡᠭᠡᠶ ᠰᠤᠳᠤᠯᠤᠨ ᠶᠠᠷᠢᠯᠴᠠᠵᠤ᠂ ᠰᠡᠳᠭᠢᠯ ᠰᠠᠨᠠᠭ᠎ᠠ ᠪᠠᠨ ᠲᠥᠪᠯᠡᠷᠡᠭᠦᠯᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠪᠦᠲᠦᠭᠡᠯᠴᠢ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠤ᠂ ᠬᠠᠮᠲᠤ ᠪᠠᠷ ᠢᠶᠠᠨ ᠡᠨᠡ ᠤᠳᠠᠭᠠᠨ ᠤ ᠪᠥᠬᠦᠳᠡ ᠬᠤᠷᠠᠯ ᠢ ᠰᠠᠶᠢᠲᠤᠷ ᠬᠤᠷᠠᠯᠳᠤᠭᠤᠯᠤᠨ᠂ ᠰᠢᠢᠳᠪᠦᠷᠢ ᠶᠢᠨ ᠨᠤᠤᠷᠠᠭ ᠢ ᠰᠠᠶᠢᠲᠤᠷ ᠵᠠᠰᠠᠶ᠎ᠠ᠃        ︵ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ