ᠵᠠᠩ ᠸᠧᠶ ᠰᠢᠶᠦ᠋ᠩ
ᠨᠡᠶᠢᠲᠡᠯᠡᠭᠰᠡᠨ ᠴᠠᠭ᠄
2021/11/22
   ᠡᠷᠡᠭᠲᠡᠶ᠂ ᠬᠢᠲᠠᠳ ᠦᠨᠳᠦᠰᠦᠲᠡᠨ᠂ 1982 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠬᠥᠮᠦᠨ᠂ 2006 ᠣᠨ ᠤ 1 ᠰᠠᠷ᠎ᠠ ᠳᠤ ᠠᠵᠢᠯ ᠳᠤ ᠤᠷᠤᠵᠦ᠂ 2004 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳᠠᠯᠠᠳ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃    2006.01 — 2008.05  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠪᠠᠷᠠᠭᠤᠨ ᠤᠷᠤᠨ ᠢ ᠨᠡᠭᠡᠭᠡᠨ ᠬᠦᠭᠵᠢᠭᠦᠯᠬᠦ ᠠᠯᠪᠠᠨ ᠭᠡᠷ ᠲᠤ ᠠᠵᠢᠯᠯᠠᠵᠦ ᠪᠠᠶᠢᠵᠠᠢ;    2008.05 — 2009.05  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠲᠤ ᠠᠵᠢᠯᠯᠠᠵᠤ ᠪᠠᠶᠢᠵᠠᠢ;    2009.05 — 2011.03  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠡ ᠶᠢᠨ ᠶᠡᠷᠦᠩᠬᠡᠶᠢᠯᠡᠭᠰᠡᠨ ᠪᠠᠶᠢᠴᠠᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ  ᠪᠠᠷ ᠠᠵᠢᠯᠯᠠᠵᠦ ᠪᠠᠶᠢᠵᠠᠢ;   2011.03 — 2012.04   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠡ ᠶᠢᠨ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠵᠦ ᠪᠠᠶᠢᠵᠠᠢ;   2012. 04 — 2015. 11  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠡ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠶᠡᠷᠦᠩᠬᠡᠶᠢᠯᠡᠭᠰᠡᠨ ᠪᠠᠶᠢᠴᠠᠭᠠᠨ ᠰᠤᠳᠤᠯᠬᠤ ᠲᠠᠰᠤᠭ ᠤᠨ ᠡᠷᠬᠢᠯᠡᠭᠴᠢ ᠪᠠᠷ ᠠᠵᠢᠯᠯᠠᠵᠦ ᠪᠠᠶᠢᠵᠠᠢ;    2015.11 — 2016.01  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠠᠵᠢᠯᠯᠠᠵᠦ ᠪᠠᠶᠢᠵᠠᠢ;    2016.01 — 2016.04  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠡ ᠶᠢᠨ ᠠᠯᠪᠠᠨ ᠭᠡᠷ ᠤᠨ ᠵᠢᠩᠬᠢᠨᠢ ᠰᠠᠯᠠᠭᠠᠨ ᠲᠡᠰ ᠤᠨ ᠤᠳᠤᠷᠢᠳᠬᠤ ᠲᠤᠰᠢᠶᠠᠯ ᠤᠨ ᠬᠠᠷᠠᠭᠠᠯᠵᠠᠯ ᠲᠠᠢ ᠺᠠᠳ᠋ᠷ ᠪᠠᠷ ᠠᠵᠢᠯᠯᠠᠵᠦ ᠪᠠᠶᠢᠵᠠᠢ;   2016.04 — 2019.03  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ ᠪᠠᠷ ᠠᠵᠢᠯᠯᠠᠵᠦ ᠪᠠᠶᠢᠵᠠᠢ;   2019.03 — 2020.06  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠠᠷ ᠠᠵᠢᠯᠯᠠᠵᠦ ᠪᠠᠶᠢᠵᠠᠢ᠂ 2020.01ᠠᠯᠳᠠᠨᠰᠢᠷᠡᠭᠡ ᠪᠠᠯᠭᠠᠰᠤᠨ ᠤ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠨ ᠪᠠᠷ ᠳᠡᠪᠰᠢᠭᠦᠯᠵᠡᠢ;  2020.06 — 2021.04  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤᠨ ᠤ ᠨᠠᠮ ᠤᠨ ᠬᠤᠷᠢᠶ᠎ᠡ ᠶᠢᠨ ᠱᠦᠵᠢ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠨ ᠤ ᠳᠤᠰᠢᠶᠡᠯ ᠢ ᠬᠠᠪᠰᠤᠷᠭᠠᠨ ᠬᠠᠷᠢᠭᠤᠴᠠᠵᠦ ᠪᠠᠶᠢᠵᠠᠢ;  2021.04 — 2021.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠨ ᠪᠠᠷ ᠠᠵᠢᠯᠯᠠᠵᠦ ᠪᠠᠶᠢᠵᠠᠢ ;  2021.06 — ᠤᠳᠤ ᠪᠤᠯᠳᠠᠯ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠳᠠᠯᠠᠳ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠦ ᠪᠠᠶᠢᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ