ᠶᠠᠨ ᠰᠢᠤᠸᠠᠢ ᠵᠢᠶᠦ᠋ᠨ
ᠨᠡᠶᠢᠲᠡᠯᠡᠭᠰᠡᠨ ᠴᠠᠭ᠄
2021/11/24
     1994.09 — 1996.07  ᠤᠯᠠᠭᠠᠨᠴᠠᠪ ᠠᠶᠢᠮᠠᠭ ᠤᠨ ᠠᠷᠠᠳ ᠤᠨ ᠴᠠᠭᠳᠠᠭ᠎ᠠ ᠶᠢᠨ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ;   1996.07 — 1996.08   ᠠᠵᠢᠯ ᠬᠦᠯᠢᠶᠡᠵᠦ ᠪᠠᠶᠢᠵᠠᠢ;   1996.08 — 2010.11  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠤᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠳᠤᠪᠴᠢᠶᠠᠨ ᠳᠤ ᠠᠵᠢᠯᠯᠠᠵᠤ ᠪᠠᠶᠢᠵᠠᠢ ; 2001.01 ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ 2004.04 ᠳᠤ ᠭᠦᠩᠴᠢᠷᠭ᠎ᠠ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 2005.06 ᠳᠤ ᠳᠡᠳ᠋ ᠰᠠᠯᠠᠭᠠᠨ ᠤ ᠳᠡᠰ ᠤᠨ ᠲᠤᠷᠰᠢᠨ ᠪᠠᠶᠢᠴᠠᠭᠠᠭᠴᠢ ᠶᠢᠨ ᠲᠤᠰᠢᠶᠠᠯ ᠢ ᠬᠠᠷᠢᠭᠤᠴᠠᠵᠤ᠂ 2006.04 ᠣᠨ ᠳᠤ ᠥᠪᠥᠷ ᠮᠣᠩᠭᠤᠯ ᠤᠨ ᠮᠧᠩ ᠰᠢ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 2007.04 ᠳᠤ ᠴᠢ ᠫᠠᠨ ᠵᠢᠩ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 2008.06 ᠣᠨ ᠳᠤ ᠡᠷᠬᠢᠯᠡᠭᠴᠢ ᠭᠡᠰᠢᠭᠦᠨ ᠤ ᠲᠤᠰᠢᠶᠠᠯ ᠢ ᠬᠠᠷᠢᠭᠤᠴᠠᠵᠦ ᠪᠠᠶᠢᠵᠠᠢ ︵ᠡᠨᠡ  ᠬᠤᠭᠤᠴᠠᠭᠠᠨ ᠳᠤ᠄ 1996.04 — 2000.12 ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠲᠤᠰᠬᠠᠢ ᠠᠩᠭᠢ ᠳᠤ ᠰᠤᠷᠤᠯᠴᠠᠵᠦ ᠪᠠᠶᠢᠵᠠᠢ᠂ 2003.04 — 2007.06 ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠵᠢᠩᠬᠢᠨᠢ ᠠᠩᠭᠢ ᠳᠤ ᠰᠤᠷᠤᠯᠴᠠᠵᠦ ᠪᠠᠶᠢᠵᠠᠢ︶᠃   2010.11 — 2018.09   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠤᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠳᠤᠪᠴᠢᠶᠠᠨ ᠤ ᠨᠠᠮ ᠤᠨ ᠬᠤᠷᠢᠶ᠎ᠡ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ;   2018.09 — 2020.12   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠤᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠳᠤᠪᠴᠢᠶᠠᠨ ᠤ ᠨᠠᠮ ᠤᠨ ᠬᠤᠷᠢᠶ᠎ᠡ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ ᠤᠨ ᠴᠠᠭᠳᠠᠭᠠᠨ ᠳᠠᠷᠤᠭ᠎ᠠ ᠪᠠᠷ ᠠᠵᠢᠯᠯᠠᠵᠦ ᠪᠠᠶᠢᠵᠠᠢ;    2020.12 — 2021.02  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠳᠤᠪᠴᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠤᠯᠤᠰ ᠲᠦᠷᠦ ᠶᠢᠨ ᠭᠡᠰᠢᠭᠦᠨ᠂ ᠨᠢᠭᠡᠳᠦᠭᠡᠷ ᠳᠡᠰ ᠤᠨ ᠴᠠᠭᠳᠠᠭᠠᠨ ᠳᠠᠷᠤᠭ᠎ᠠ ᠪᠠᠷ ᠠᠵᠢᠯᠯᠠᠵᠦ ᠪᠠᠶᠢᠵᠠᠢ;    2021.02 — ᠤᠳᠤ ᠪᠤᠯᠳᠠᠯ᠎ᠠ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠳᠠᠯᠠᠳ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠤᠢ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ