ᠪᠠᠶ ᠭᠦᠸᠧ ᠳ᠋ᠦᠩ
ᠨᠡᠶᠢᠲᠡᠯᠡᠭᠰᠡᠨ ᠴᠠᠭ᠄
2021/11/25
    ᠡᠷᠡᠭᠲᠡᠶ᠂ ᠬᠢᠲᠠᠳ ᠦᠨᠳᠦᠰᠦᠲᠡᠨ᠂ 1979 ᠣᠨ ᠤ 6 ᠰᠠᠷ᠎ᠠ ᠳᠤ ᠳᠦᠷᠦᠵᠡᠶ᠂ 2002 ᠣᠨ ᠤ 7 ᠰᠠᠷ᠎ᠠ ᠳᠤ ᠠᠵᠢᠯ ᠳᠤ ᠣᠷᠣᠵᠠᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠲᠣ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠤᠢ᠃     ᠬᠤᠰᠢᠭᠤ ᠳᠠᠷᠤᠭ᠎ᠠ ᠶᠢ ᠬᠠᠪᠰᠤᠷᠤᠨ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠢᠨ᠎ᠡ᠃     ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ᠂ ᠭᠤᠸᠠᠩ ᠬᠤᠶ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠮᠧᠩ ᠾᠧ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ 几ᠦᠰᠦᠭᠲᠦ ᠪᠤᠯᠤᠩ ᠤᠨ ᠬᠤᠳᠠᠯᠳᠤᠭ᠎ᠠ ᠠᠷᠠᠯᠵᠢᠶ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃     ᠣᠷᠳᠣᠰ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠤᠷ᠂ ᠴᠠᠭ ᠠᠭᠤᠷ ᠤᠨ ᠲᠣᠪᠴᠢᠶ᠎ᠠ ᠲᠠᠢ ᠬᠠᠷᠢᠯᠴᠠᠨ᠎ᠠ᠃     2002.7—2007.7   ᠤᠷᠳᠤᠰ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠵᠦ ᠪᠠᠶᠢᠪᠠ ︵ᠡᠨᠡ ᠬᠤᠭᠤᠴᠠᠭᠠᠨ ᠳᠤ᠄ 2000 ᠣᠨ ᠤ 4 ᠰᠠᠷ᠎ᠠ ᠠᠴᠠ 2005 ᠣᠨ ᠤ 12 ᠰᠠᠷ᠎ᠠ ᠪᠣᠯᠲᠠᠯ᠎ᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠪᠠ︶︔     2007.7— 2009.7   ᠣᠷᠳᠣᠰ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠯᠪᠠᠨ ᠬᠡᠷ ᠲᠤ ᠠᠵᠢᠯᠯᠠᠵᠦ ᠪᠠᠶᠢᠪᠠ ︵ᠡᠨᠡ ᠬᠤᠭᠤᠴᠠᠭᠠᠨ ᠳᠤ᠄ 2009 ᠣᠨ ᠤ 3 ᠳ᠋ᠤᠭᠠᠷ ᠰᠠᠷ᠎ᠠ ᠳᠤ ᠣᠷᠳᠣᠰ ᠬᠤᠲᠠ ᠶᠢᠨ ᠠᠵᠢᠯᠴᠢ ᠠᠷᠪᠢᠴᠢ ᠪᠠᠷ ᠰᠤᠷᠤᠯᠴᠠᠬᠤ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠭᠡᠰᠢᠭᠦᠨ ᠤ ᠲᠤᠰᠢᠶᠠᠯ ᠢ ᠬᠠᠷᠢᠭᠤᠴᠠᠵᠦ  ᠪᠠᠶᠢᠪᠠ︶︔     2009.7— 2015. 3   ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠠᠵᠢᠯᠯᠠᠵᠤ ᠪᠠᠶᠢᠪᠠ ︵ᠡᠨᠡ ᠬᠤᠭᠤᠴᠠᠭᠠᠨ ᠳᠤ᠄ 2011 ᠣᠨ ᠤ 12 ᠰᠠᠷ᠎ᠠ ᠳᠤ ᠠᠯᠪᠠᠨ ᠲᠢᠩᠬᠢᠮ ᠤᠨ ᠳᠡᠳ᠋ ᠡᠷᠬᠢᠯᠡᠭᠴᠢ᠂ ᠨᠠᠷᠢᠨ ᠪᠢᠴᠢᠭ ᠤᠨ ᠰᠠᠯᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 2008 ᠣᠨ ᠤ 8 ᠰᠠᠷ᠎ᠠ ᠠᠴᠠ 2011 ᠣᠨ ᠤ 1 ᠰᠠᠷ᠎ᠠ ᠪᠣᠯᠲᠠᠯ᠎ᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠩᠭᠢ ᠶᠢᠨ ᠠᠵᠤ ᠠᠬᠤᠶ ᠶᠢᠨ ᠬᠠᠮᠢᠶᠠᠷᠤᠯᠳᠠ ᠶᠢᠨ ᠳᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠪᠠ︶︔     2015.3— 2018. 2   ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠰᠤᠳᠤᠯᠬᠤ ᠲᠠᠰᠤᠭ ᠤᠨ ᠡᠷᠬᠢᠯᠡᠭᠴᠢ ᠪᠠᠷ ᠠᠵᠢᠯᠯᠠᠵᠦ ᠪᠠᠶᠢᠪᠠ ︵ᠡᠨᠡ ᠬᠤᠭᠤᠴᠠᠭᠠᠨ ᠳᠤ᠄ 2016 ᠣᠨ ᠤ 10 ᠰᠠᠷ᠎ᠠ ᠳᠤ ᠳᠥᠷᠪᠡᠳᠦᠭᠡᠷ ᠬᠤᠭᠤᠴᠠᠭᠠᠨ ᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠢᠶᠠᠷ ᠰᠣᠩᠭᠤᠭᠳᠠᠪᠠ︶︔     2018.2 —2021.1    ᠣᠷᠳᠣᠰ ᠬᠤᠲᠠ ᠶᠢᠨ ᠲᠡᠮᠦᠷ ᠵᠠᠮ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠪ ᠤᠨ ᠳᠡᠳ᠋ ᠡᠷᠬᠢᠯᠡᠭᠴᠢ᠂ ᠳᠥᠷᠪᠡᠳᠦᠭᠡᠷ ᠬᠤᠭᠤᠴᠠᠭᠠᠨ ᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠢᠶᠠᠷ ᠠᠵᠢᠯᠯᠠᠵᠦ ᠪᠠᠶᠢᠪᠠ ︵ᠡᠨᠡ ᠬᠤᠭᠤᠴᠠᠭᠠᠨ ᠳᠤ᠄ 2019 ᠣᠨ ᠤ 7 ᠰᠠᠷ᠎ᠠ ᠠᠴᠠ    2020 ᠣᠨ ᠤ 7 ᠰᠠᠷ᠎ᠠ ᠪᠣᠯᠲᠠᠯ᠎ᠠ ᠲᠠᠯᠠᠳ ᠬᠤᠰᠢᠭᠤᠨ ᠳᠤ ᠲᠦᠷ ᠴᠠᠭ ᠲᠤᠰᠢᠶᠠᠯ ᠡᠭᠦᠷᠭᠡᠯᠡᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ︶︔    2021.1—ᠣᠲᠣ ᠪᠣᠯᠲᠠᠯ᠎ᠠ   ᠲᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠦ ᠪᠠᠶᠢᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ