ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠨᠠᠮ ᠤᠨ ᠠᠷᠪᠠ ᠶᠢᠰᠦᠳᠦᠭᠡᠷ  ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠵᠢᠴᠢ《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ》 ᠶᠢ ᠦᠨᠳᠦᠰᠦᠨ ᠱᠠᠳᠤᠨ ᠳᠤ ᠬᠦᠷᠭᠡᠬᠦ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2021/11/26
    11 ᠰᠠᠷ᠎ᠠ ᠶᠢᠨ 24 ᠤ ᠡᠳᠦᠷ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠶᠢᠨ  ᠬᠢᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠪᠤᠯᠤᠨ ᠵᠠᠷᠢᠮ ᠬᠤᠰᠢᠭᠤ ᠲᠤᠭᠤᠷᠢᠭ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠶᠢᠨ ᠠᠵᠢᠯᠳᠠᠨ ᠲᠠᠢ ᠬᠠᠮᠳᠤ ᠪᠠᠷ ᠦᠨᠳᠦᠰᠦᠨ ᠱᠠᠳᠤᠨ ᠳᠤ ᠭᠦᠨᠵᠡᠭᠡᠶᠢᠷᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠵᠢᠴᠢ《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ》 ᠶᠢ ᠦᠨᠳᠦᠰᠦᠨ ᠱᠠᠳᠤᠨ ᠳᠤ ᠬᠦᠷᠭᠡᠬᠦ ᠠᠵᠢᠯᠯᠠᠭ᠎ᠠ ᠦᠷᠨᠢᠭᠦᠯᠪᠠ᠃ 

11.24宣传活动集体照.jpg

    ᠳᠤᠰ ᠤᠳᠠᠭᠠᠨ ᠤ ᠠᠵᠢᠯᠯᠠᠭ᠎ᠠ ᠳᠤ ᠡᠵᠡᠨ ᠬᠤᠷᠤᠭ᠎ᠠ ᠬᠤᠰᠢᠭᠤᠨ ᠤ ᠬᠤᠷᠤᠭ᠎ᠠ ᠪᠠᠯᠭᠠᠰᠤᠨ ᠤ ᠨᠡᠶᠢᠬᠡᠮ ᠲᠤᠭᠤᠷᠢᠭ ᠤᠨ ᠨᠠᠮ ᠤᠨ ᠭᠡᠰᠢᠭᠦᠨ ᠪᠠ ᠤᠯᠠᠨ

ᠲᠦᠮᠡᠨ ᠳᠤ ᠦᠢᠯᠡᠴᠢᠯᠡᠬᠦ ᠳᠦᠪ ᠲᠤ ᠬᠦᠷᠴᠦ᠂ ᠤᠬᠠᠭᠤᠯᠭ᠎ᠠ ᠶᠢᠨ ᠬᠠᠭᠤᠳᠠᠰᠤ ᠳᠠᠷᠬᠠᠭᠠᠨᠨ᠂ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠶᠢᠨ

ᠠᠭᠤᠯᠭ᠎ᠠ ᠴᠢᠳᠠᠮᠵᠢ᠂ ᠰᠦᠯᠵᠢᠶᠡᠨ ᠤ ᠸᠢᠴᠠᠲ ᠤᠨ ᠤᠯᠠᠨ ᠨᠡᠶᠢᠳᠡ ᠶᠢᠨ ᠳᠠᠪᠴᠠᠩ ᠢ ᠠᠰᠢᠭᠯᠠᠬᠤ ᠳᠤᠬᠠᠢ ᠲᠠᠨᠢᠯᠴᠠᠭᠤᠯᠵᠠᠢ᠃ ᠳᠠᠷᠠᠭ᠎ᠠ ᠳᠤ ᠨᠢ ᠮᠠᠯᠴᠢᠨ

ᠡᠷᠦᠭᠡ ᠳᠤ ᠬᠦᠷᠴᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ  ᠤᠬᠠᠭᠤᠯᠤᠨ ᠲᠠᠶᠢᠯᠪᠤᠷᠢᠯᠠᠵᠦ᠂

ᠳᠡᠳᠡᠨ ᠤ ᠬᠤᠷᠠᠯ ᠤᠨ ᠵᠤᠷᠢᠭ ᠰᠠᠨᠠᠭᠠᠨ ᠤ ᠳᠤᠬᠠᠢ ᠤᠶᠢᠯᠠᠭᠠᠯᠳᠠ ᠶᠢ ᠳᠡᠭᠡᠭᠰᠢᠯᠡᠬᠦᠯᠬᠦ ᠶᠢᠨ ᠬᠠᠮᠳᠤ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ

ᠪᠢᠴᠢᠭ ᠮᠠᠲ᠋ᠧᠷᠢᠶᠠᠯ ᠤᠳ ᠢ ᠳᠠᠷᠬᠠᠭᠠᠨᠨ ᠦᠭᠴᠦ᠂ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠪᠠᠨ ᠲᠠᠨᠢᠯᠴᠠᠭᠤᠯᠤᠨ᠂ ᠭᠠᠷ ᠤᠳᠠᠰᠤᠨ ᠳᠡᠭᠡᠷ᠎ᠡ

ᠰᠦᠯᠵᠢᠶ᠎ᠡ ᠪᠠ ᠰᠦᠯᠵᠢᠶᠡᠨ ᠤ ᠸᠢᠴᠠᠲ ᠤᠨ ᠳᠠᠪᠴᠠᠩ ᠢ ᠬᠡᠷᠬᠢᠨ ᠠᠩᠬᠠᠷᠤᠨ ᠠᠰᠢᠭᠯᠠᠬᠤ ᠳᠤᠬᠠᠢ ᠵᠢᠭᠠᠨ ᠦᠭᠴᠦ᠂ ᠳᠡᠳᠡᠨ ᠤ ᠬᠦᠰᠡᠯ ᠱᠠᠭᠠᠷᠳᠠᠯᠭ᠎ᠠ ᠶᠢ

ᠰᠤᠨᠤᠰᠪᠠ᠃

 

11.24宣传活动2.jpg

   

    ᠳᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢᠳᠠ ᠬᠤᠶᠢᠰᠢᠳᠡ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠵᠢᠨ‌ᠠᠵᠢᠯ ᠢᠶᠠᠨ ᠬᠡᠷᠬᠢᠨ

ᠰᠠᠶᠢᠳᠦᠷ ᠬᠢᠬᠦ ᠳᠤ ᠨᠡᠩ ᠳᠤᠳᠤᠷᠬᠠᠢ ᠬᠠᠷᠠᠯᠳᠠ ᠲᠠᠢ ᠪᠤᠯᠵᠠᠢ᠃

11.24发传单4.jpg

 

 

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ