ᠯᠢ ᠯᠢ ᠳᠠᠯᠠᠳ ᠬᠤᠰᠢᠭᠤᠨ ᠳᠤ ᠱᠠᠯᠠᠪᠳᠠᠭᠤᠯᠤᠨ ᠵᠢᠯᠤᠭᠤᠳᠬᠤ ᠳᠠᠭᠠᠨ ᠴᠢᠬᠤᠯᠠᠴᠢᠯᠠᠬᠰᠠᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠤᠯᠳᠡᠢ ᠳᠦᠯᠦᠪᠵᠢᠬᠦᠯᠤᠨ ᠰᠠᠶᠢᠳᠤᠷ ᠠᠳᠬᠤᠵᠤ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠡᠢ
ᠨᠡᠶᠢᠲᠡᠯᠡᠭᠰᠡᠨ ᠴᠠᠭ᠄
2021/11/3
     10 ᠰᠠᠷ᠎ᠠ ᠶᠢᠨ 27 ᠤ ᠡᠳᠤᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳᠠᠯᠠᠳ ᠬᠤᠰᠢᠭᠤᠨ ᠳᠤ ᠬᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠡᠯ᠎ᠠ ᠳᠦᠷᠤᠯ ᠤᠨ ᠠᠵᠢᠯ ᠢ ᠱᠠᠯᠠᠪᠳᠠᠭᠤᠯᠤᠨ ᠵᠢᠯᠤᠭᠤᠳᠪᠠ᠃ ᠳᠡᠷᠡ ᠶᠡᠷᠦᠩᠭᠡᠢ ᠱᠦᠵᠢ ᠰᠢ ᠶᠢᠨ ᠫᠢᠩ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠵᠤ᠂ ᠳᠦᠪ ᠪᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠠ ᠳᠦᠷᠤᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠤᠯᠳᠡᠢ ᠳᠦᠯᠦᠪᠵᠢᠬᠦᠯᠤᠨ ᠰᠠᠶᠢᠳᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠡ ᠶᠢᠨ ᠱᠤᠭᠤᠮ ᠢ ᠡᠷᠡᠰ ᠪᠠᠬᠢᠵᠢᠬᠦᠯᠤᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠸᠧᠢ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠢᠭᠡᠳᠤᠮᠡᠯ ᠹᠷᠤᠨᠲ ᠤᠨ ᠭᠡᠯᠳᠡᠰ ᠤᠨ ᠳᠠᠷᠤᠭ᠎ᠠ ᠪᠦᠷᠢᠨᠴᠢᠮᠡᠭ᠂ ᠬᠤᠳᠠ ᠶᠢᠨ ᠳᠡᠳ᠋ ᠳᠠᠷᠤᠭ᠎ᠠ ᠡᠷᠳᠡᠨᠢᠪᠢᠯᠢᠭ ᠳᠤᠰ ᠳᠤᠰ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃

11.3.李理调研达旗工作.jpg

  

    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯ ᠡᠨᠡ ᠤᠳᠠᠭᠠᠨ ᠤ ᠪᠠᠶᠢᠴᠠᠭᠠᠨ ᠰᠤᠳᠤᠯᠤᠯᠳᠠ ᠶᠢᠨ

ᠭᠤᠤᠯᠳᠠᠯᠭ᠎ᠠ ᠲᠠᠢ ᠠᠭᠤᠯᠭ᠎ᠠ ᠪᠤᠯᠤᠨ᠎ᠠ᠂ ᠯᠢ ᠯᠢ ᠳᠠᠯᠠᠳ ᠬᠤᠰᠢᠭᠤᠨ ᠤ ᠵᠠᠰᠠᠮᠠᠯ ᠵᠠᠮ ᠤᠨ ᠤᠷᠤᠵᠤ ᠭᠠᠷᠬᠤ

ᠠᠮᠠᠰᠠᠷ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠴᠡᠭ᠂ ᠳᠠᠯᠠᠳ ᠠᠵᠤ ᠠᠬᠤᠢ ᠶᠢᠨ ᠨᠡᠭᠡᠭᠡᠯᠳᠡ ᠶᠢᠨ

ᠤᠷᠤᠨ᠂ ᠪᠦᠷᠢᠶ᠎ᠠ ᠮᠠᠩᠬ᠎ᠠ ᠵᠤᠭᠠᠴᠠᠯ ᠤᠨ ᠤᠷᠤᠨ ᠵᠡᠷᠭᠡ ᠭᠠᠵᠠᠷ ᠤᠳ ᠢᠶᠠᠷ ᠬᠦᠨᠵᠡᠭᠡᠶᠢᠷᠡᠨ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ

ᠪᠠᠶᠢᠴᠠᠭᠠᠪᠠ᠃ ᠬᠠᠳᠤᠨ ᠭᠤᠤᠯ ᠳᠠᠭᠠᠤ ᠦᠨᠳᠤᠷ ᠬᠤᠷᠳᠤᠴᠠᠳᠤ ᠵᠠᠰᠠᠮᠠᠯ ᠵᠠᠮ ᠤᠨ ᠰᠠᠨ ᠱᠠᠩ ᠯᠢᠶᠠᠩ ᠤᠨ ᠪᠦᠭᠡᠮ

ᠬᠦᠴᠢᠯ ᠤᠨ ᠰᠢᠯᠭᠠᠨ ᠪᠠᠶᠢᠴᠠᠭᠠᠯᠳᠠ ᠶᠢᠨ ᠴᠡᠭ ᠲᠤ᠂ ᠯᠢ ᠯᠢ ᠤᠳᠤᠬᠠᠨ ᠳᠤ ᠮᠠᠨ ᠤ ᠬᠤᠳᠠ ᠶᠢᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠰᠠᠶᠢᠬᠠᠨ ᠵᠠᠩᠬᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠡᠯ᠎ᠠ

ᠭᠠᠵᠠᠷ ᠤᠷᠤᠨ ᠤ ᠡᠯ᠎ᠠ ᠰᠠᠯᠠᠭ᠎ᠠ ᠮᠦᠴᠢᠷ ᠤᠨ ᠬᠢᠨ ᠬᠢᠵᠢᠭ ᠤᠨ ᠪᠠᠶᠢᠳᠠᠯ ᠤᠨ ᠬᠦᠨᠳᠤ ᠨᠤᠴᠢᠳᠠᠢ ᠨᠠᠷᠢᠨ

ᠪᠤᠳᠤᠯᠢᠶᠠᠨᠳᠠᠢ ᠪᠠᠶᠢᠳᠠᠯ ᠢ ᠬᠦᠨᠵᠡᠭᠡᠢ ᠳᠠᠨᠢᠵᠤ᠂ ᠡᠯ᠎ᠠ ᠳᠦᠷᠤᠯ ᠤᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ

ᠴᠢᠩᠭ᠎ᠠ ᠳᠦᠷᠭᠡᠨ ᠨᠠᠷᠢᠯᠢᠭ ᠨᠠᠶᠢᠳᠠᠪᠤᠷᠢᠵᠢᠭᠤᠯᠤᠨ᠂ ᠠᠷᠠᠳ ᠤᠯᠠᠨ ᠤ ᠠᠮᠢ ᠨᠠᠰᠤᠨ ᠤ ᠠᠮᠤᠷ ᠳᠦᠪᠰᠢᠨ ᠪᠠ ᠪᠡᠶ᠎ᠠ

ᠮᠠᠬᠠᠪᠤᠳ ᠤᠨ ᠡᠷᠡᠬᠦᠯ ᠮᠡᠨᠳᠤ ᠶᠢ ᠡᠷᠡᠰ ᠰᠠᠶᠢᠳᠤᠷ ᠬᠠᠮᠠᠭᠠᠯᠠᠬᠤ ᠭᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠡᠨᠡ ᠬᠦ ᠰᠢᠵᠢᠮ ᠢ ᠴᠠᠭ ᠢᠮᠠᠬᠳᠠ ᠡᠵᠡᠮᠳᠡᠨ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂

ᠱᠠᠭᠠᠷᠳᠠᠯᠭ᠎ᠠ ᠶᠤᠰᠤᠭᠠᠷ ᠪᠡᠶ᠎ᠠ ᠶᠢᠨ ᠬᠠᠯᠠᠭᠤᠨ ᠢ ᠰᠠᠶᠢᠳᠤᠷ ᠭᠡᠮᠵᠢᠨ᠂ ᠪᠦᠭᠡᠮ ᠬᠦᠴᠢᠯ ᠤᠨ ᠰᠢᠯᠭᠠᠨ

ᠪᠠᠶᠢᠴᠠᠭᠠᠯᠳᠠ ᠶᠢ ᠰᠠᠶᠢᠳᠤᠷ ᠬᠢᠵᠤ᠂ ᠵᠠᠮ ᠢᠶᠠᠷ ᠦᠡᠭᠭᠡᠷᠡᠬᠦ ᠳᠡᠷᠭᠡ ᠮᠠᠰᠢᠨ ᠢ ᠪᠠᠶᠢᠴᠠᠭᠠᠬᠤ ᠳᠠᠭᠠᠨ ᠠᠯᠢ ᠪᠤᠯᠬᠤ ᠪᠠᠷ

ᠬᠦᠮᠤᠨ ᠬᠠᠷ᠎ᠠ ᠲᠠᠢ ᠤᠢᠢᠷᠠᠳᠤᠭᠤᠯᠬᠤ ᠦᠭᠡᠢ ᠪᠠᠶᠢᠯᠭᠠᠵᠤ᠂ ᠢᠯᠠᠩᠭᠤᠶ᠎ᠠ ᠮᠠᠨ ᠤ ᠬᠤᠳᠠ ᠶᠢᠨ ᠨᠡᠬᠦᠷᠡᠰᠤᠨ ᠤ

ᠠᠵᠢᠯ ᠳᠦᠷᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠢᠮᠠᠨ ᠲᠦᠷᠦᠯ ᠤᠨ ᠠᠷᠭ᠎ᠠ ᠭᠡᠮᠵᠢᠶ᠎ᠠ ᠶᠢ

ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠬᠦᠷᠡᠰᠤᠨ ᠤ ᠬᠠᠨᠭ᠍ᠭᠠᠯᠭ᠎ᠠ ᠶᠢ

ᠪᠠᠳᠤᠯᠠᠬᠤ᠂ ᠠᠵᠤ ᠠᠬᠤᠢᠢᠯᠠᠯ ᠤᠨ ᠤᠢᠢᠯᠡᠳᠪᠤᠷᠢᠯᠡᠯ ᠡᠵᠡᠩᠨᠡᠯᠳᠡ ᠵᠡᠷᠭᠡ ᠡᠯ᠎ᠠ ᠳᠦᠷᠤᠯ ᠤᠨ ᠠᠵᠢᠯ ᠢ ᠨᠢᠭᠡᠳᠤᠯᠳᠡᠢ

ᠰᠠᠶᠢᠳᠤᠷ ᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠳᠠᠶᠢᠯᠠᠯᠳᠤᠭᠠᠨ ᠤ

ᠢᠯᠠᠯᠳᠠ ᠶᠢ ᠡᠷᠡᠰ ᠤᠯᠬᠤ ᠭᠡᠷᠡᠭᠳᠡᠢ ᠭᠡᠵᠤ ᠴᠢᠬᠤᠯᠠᠴᠢᠯᠠᠪᠠ᠃

    ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢ

ᠠᠬᠢᠭᠤᠯᠬᠤ ᠪᠤᠯ ᠡᠷᠭᠡᠪᠰᠢ ᠰᠠᠶᠢᠳᠤᠷ ᠠᠳᠬᠤᠬᠤ ᠴᠢᠬᠤᠯᠠ ᠶᠡᠭᠡ ᠤᠯᠤᠰ ᠳᠦᠷᠦ ᠶᠢᠨ ᠡᠬᠦᠷᠭᠡ ᠪᠠᠶᠢᠵᠤ᠂ ᠮᠠᠨ ᠤ

ᠬᠤᠳᠠ ᠶᠢᠨ ᠰᠢᠨ᠎ᠠ ᠵᠠᠮ ᠢᠶᠠᠷ ᠰᠠᠶᠢᠳᠤᠷ ᠵᠠᠮᠨᠠᠨ᠂ ᠤᠷᠢᠳ ᠢᠶᠠᠷ ᠭᠡᠷᠡᠭᠵᠢᠬᠦᠯᠬᠦ ᠤᠷᠤᠨ ᠢ ᠪᠦᠳᠤᠭᠡᠨ

ᠪᠠᠶᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠳᠠᠯᠠᠳ ᠠᠵᠤ ᠠᠬᠤᠢ ᠶᠢᠨ ᠨᠡᠭᠡᠭᠡᠯᠳᠡ ᠶᠢᠨ

ᠤᠷᠤᠨ ᠳᠤ᠂ ᠯᠢ ᠯᠢ ᠠᠮᠤᠷ ᠳᠦᠪᠰᠢᠨ ᠪᠠ ᠤᠷᠴᠢᠨ ᠳᠤᠭᠤᠷᠢᠨ ᠤ ᠬᠠᠮᠠᠭᠠᠯᠠᠯᠳᠠ ᠪᠤᠯ ᠬᠢᠮᠢ ᠶᠢᠨ ᠠᠵᠤ

ᠤᠢᠢᠯᠡᠳᠪᠤᠷᠢ ᠶᠢᠨ ᠠᠵᠤ ᠠᠬᠤᠢᠢᠯᠠᠯ ᠤᠨ ᠠᠮᠢᠨ ᠰᠤᠳᠠᠰᠤ ᠪᠤᠯᠤᠨ᠎ᠠ᠂ ᠠᠶᠤᠯ ᠦᠭᠡᠢ ᠤᠢᠢᠯᠡᠳᠪᠤᠷᠢᠯᠡᠯ ᠪᠠ

ᠤᠷᠴᠢᠨ ᠳᠤᠭᠤᠷᠢᠨ ᠤ ᠬᠠᠮᠠᠭᠠᠯᠠᠯᠳᠠ ᠶᠢᠨ ︽ᠭᠤᠷᠪᠠᠨ ᠵᠡᠷᠭᠡ ᠪᠠᠷ︾ ᠬᠠᠮᠢᠶᠠᠷᠤᠯᠳᠠ ᠶᠢᠨ ᠳᠦᠷᠢᠮ ᠢ ᠴᠢᠩᠭ᠎ᠠ

ᠨᠠᠶᠢᠳᠠᠪᠤᠷᠢᠵᠢᠭᠤᠯᠵᠤ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠠᠵᠤ ᠠᠬᠤᠢᠢᠯᠠᠯ ᠳᠤ ᠰᠢᠯᠢᠳᠡᠭ ᠤᠢᠢᠯᠡᠴᠢᠯᠡᠭᠡ

ᠬᠠᠨᠭ᠍ᠭᠠᠬᠤ ᠶᠢᠨ ᠬᠠᠮᠳᠤ ᠬᠢᠨᠠᠨ ᠬᠠᠮᠢᠶᠠᠷᠬᠤ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠤ᠂ ᠳᠦᠷᠤᠯ

ᠵᠦᠢᠯ ᠤᠨ ᠡᠷᠳᠡ ᠪᠠᠶᠢᠭᠤᠯᠤᠬᠳᠠᠵᠤ ᠡᠷᠳᠡ ᠠᠰᠢᠬᠯᠠᠯᠳᠠ ᠳᠤ ᠤᠷᠤᠬᠤ ᠶᠢ ᠠᠬᠢᠭᠤᠯᠬᠤ ᠭᠡᠷᠡᠭᠳᠡᠢ ᠭᠡᠪᠡ᠃

     ᠯᠢ ᠯᠢ ᠪᠠᠰᠠ ᠨᠢᠭᠡᠳᠤᠭᠡᠷ ᠨᠤᠮᠧᠷᠳᠤ ᠴᠠᠬᠢᠯᠭᠠᠨ ᠬᠤᠪᠢᠰᠬᠠᠬᠤ ᠦᠷᠳᠡᠭᠡᠨ ᠤ ᠪᠦᠳᠤᠭᠡᠨ ᠪᠠᠶᠢᠭᠤᠯᠤᠯᠳᠠ ᠶᠢᠨ

ᠠᠬᠤᠢ ᠳᠠᠯᠠᠪᠠᠢ ᠪᠠ ᠰᠢᠨ ᠤᠤ ᠨᠡᠬᠦᠷᠡᠰᠤᠨ ᠤ ᠳᠤᠤᠷ᠎ᠠ ᠨᠡᠬᠦᠷᠡᠰᠦᠳᠦ᠋ᠷᠦᠭᠴᠢᠳᠤ ᠤᠢᠢᠯᠡᠳᠪᠤᠷᠢᠯᠡᠯ ᠠᠮᠢ

ᠠᠬᠤᠢ ᠶᠢᠨ ᠡᠷᠬᠢᠯᠳᠡᠳᠤ ᠠᠵᠤ ᠤᠢᠢᠯᠡᠰ ᠤᠨ ᠳᠠᠭᠤᠷᠢᠶᠠᠯ ᠦᠵᠡᠬᠦᠯᠬᠦ ᠰᠠᠭᠤᠷᠢᠨ ᠭᠠᠵᠠᠷ ᠵᠢᠴᠢ ᠸᠠᠩ ᠤᠨ ᠵᠤᠤ

ᠪᠠᠯᠭᠠᠰᠤᠨ ᠤ ᠳᠠᠷᠢᠶᠠᠨ ᠭᠠᠵᠠᠷ ᠢ ᠰᠠᠶᠢᠵᠢᠷᠠᠭᠤᠯᠬᠤ ᠳᠠᠭᠤᠷᠢᠶᠠᠯ ᠦᠵᠡᠬᠦᠯᠬᠦ ᠰᠠᠭᠤᠷᠢᠨ ᠭᠠᠵᠠᠷ ᠲᠤ ᠬᠦᠷᠴᠤ

ᠴᠢᠬᠤᠯᠠ ᠵᠢᠭᠠᠪᠤᠷᠢ ᠦᠭᠴᠡᠢ᠃

     ᠸᠠᠩ ᠤᠨ ᠵᠤᠤ ᠪᠠᠯᠭᠠᠰᠤᠨ ᠤ ᠳᠠᠷᠢᠶᠠᠨ ᠭᠠᠵᠠᠷ ᠢ ᠰᠠᠶᠢᠵᠢᠷᠠᠭᠤᠯᠬᠤ ᠳᠠᠭᠤᠷᠢᠶᠠᠯ ᠦᠵᠡᠬᠦᠯᠬᠦ ᠳᠦᠷᠤᠯ

ᠵᠦᠢᠯ ᠤᠨ ᠤᠷᠤᠨ ᠳᠤ᠂ ᠯᠢ ᠯᠢ ᠬᠦᠷᠤᠰᠤ ᠰᠢᠷᠤᠢ ᠶᠢᠨ ᠦᠭᠡᠷᠡᠴᠢᠯᠡᠯᠳᠡ ᠬᠢᠭᠰᠡᠨ ᠪᠠ ᠰᠢᠨ᠎ᠠ ᠮᠡᠷᠭᠡᠵᠢᠯ ᠢ

ᠳᠡᠯᠭᠡᠷᠡᠬᠦᠯᠤᠨ ᠭᠡᠷᠡᠭᠯᠡᠵᠤ ᠪᠠᠶᠢᠭ᠎ᠠ ᠪᠠᠶᠢᠳᠠᠯ ᠢ ᠨᠠᠷᠢᠯᠢᠭ ᠤᠢᠢᠯᠠᠭᠠᠵᠤ ᠪᠠᠶᠢᠭ᠎ᠠ ᠨᠢ᠃

 

ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ