ᠰᠢ ᠶᠢᠨ ᠫᠢᠩ ᠪᠡᠭᠡᠵᠢᠩ ᠬᠤᠲᠠ ᠶᠢᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠳᠤ ᠣᠷᠣᠯᠴᠠᠬᠤ ᠳᠠᠭᠠᠨ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠥᠬᠡᠶ ᠬᠥᠭᠵᠢᠭᠦᠯᠵᠦ ᠰᠣᠩᠭᠤᠭᠤᠯᠢ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/11/9
    ᠯᠢ ᠺᠧ ᠴᠢᠶᠠᠩ ᠯᠢ ᠵᠠᠨ ᠱᠦ ᠸᠠᠩ ᠶᠠᠩ ᠸᠠᠩ ᠬᠣ᠋ ᠨᠢᠩ ᠵᠣᠣ ᠯᠧ ᠵᠢᠶ ᠬᠠᠨ ᠵᠧᠩ ᠸᠠᠩ ᠴᠢ ᠱᠠᠨ ᠵᠢᠶᠠᠩ ᠽᠧ ᠮᠢᠨ ᠬᠣ᠋ ᠶᠢᠨ ᠲᠤᠤ ᠥᠪᠡᠷ ᠥᠪᠡᠷ ᠤᠨ ᠰᠣᠩᠭᠤᠭᠤᠯᠢ ᠶᠢᠨ ᠲᠣᠭᠤᠷᠢᠭ ᠲᠠᠭᠠᠨ ᠪᠢᠯᠧᠲ ᠥᠭᠬᠦ ᠳᠤ ᠣᠷᠣᠯᠴᠠᠬᠰᠠᠠ ᠪᠤᠶᠤ ᠪᠤᠰᠤᠳ ᠲᠤ ᠨᠠᠶᠢᠳᠠᠵᠤ ᠪᠢᠯᠧᠲ ᠥᠭᠴᠠᠢ   

11.9.2.jpg

   11 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ

ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠵᠥᠩ ᠨᠠᠨ ᠬᠠᠶ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ

ᠷᠧᠨ ᠲᠠᠩ ᠳᠠᠬᠢ ᠪᠢᠯᠧᠲ ᠥᠭᠬᠦ ᠥᠷᠲᠡᠭᠡ ᠳᠤ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠳᠤ

ᠪᠢᠯᠧᠲ ᠥᠭᠴᠦ ᠪᠠᠶᠢᠭ᠎ᠠ ᠨᠢ᠃

    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ

    ᠰᠢᠨᠬᠤᠸᠠ ᠬᠤᠷᠢᠶᠠᠠ ᠤ ᠪᠡᠭᠡᠵᠢᠩ ᠤᠨ 11 ᠰᠠᠷ᠎ᠠ ᠶᠢᠨ 5 ᠤ ᠴᠠᠬᠢᠯᠭᠠᠠ ᠮᠡᠲᠡᠭᠡ 11 ᠰᠠᠷ᠎ᠠ ᠶᠢᠨ 5 ᠤ ᠡᠲᠦᠷ ᠪᠤᠯ ᠪᠡᠭᠡᠵᠢᠩ ᠬᠤᠲᠠ ᠶᠢᠨ ᠲᠤᠭᠤᠷᠢᠭ

ᠪᠤᠯᠤᠨ ᠰᠢᠶᠠᠩ ᠪᠠᠯᠭᠠᠰᠤ ᠬᠤᠶᠠᠷ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠤᠭᠤᠴᠠᠭ᠎ᠠ ᠰᠤᠯᠢᠬᠤ

ᠰᠤᠩᠭᠤᠭᠤᠯᠢ ᠶᠢᠨ ᠪᠢᠯᠧᠲ ᠦᠭᠬᠦ ᠡᠲᠦᠷ ᠮᠦᠨ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠢ ᠴᠧᠩ ᠲᠣᠭᠤᠷᠢᠭ ᠤᠨ ᠵᠦᠩ ᠨᠠᠨ ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ ᠷᠧᠨ

ᠲᠠᠩ ᠳᠠᠬᠢ ᠪᠢᠯᠧᠲ ᠥᠭᠬᠦ ᠦᠷᠳᠡᠭᠡ ᠳᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠤᠩᠭᠤᠭᠤᠯᠢ ᠶᠢᠨ

ᠪᠢᠯᠧᠲ ᠦᠭᠬᠦ ᠳᠤ ᠤᠷᠤᠯᠴᠠᠬᠤ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠪᠣᠯ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠰᠠᠭᠤᠷᠢ ᠮᠥᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢᠨ ᠴᠢᠬᠤᠯᠠ ᠢᠯᠡᠷᠡᠯ ᠮᠥᠨ᠃

ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠯᠡᠬᠦ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ

ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠳᠠ ᠦᠭᠡᠢ

ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠨᠡᠩ ᠰᠠᠶᠢᠲᠤᠷ ᠪᠠᠲᠤᠯᠠᠬᠤ ᠬᠡᠷᠡᠭᠲᠡᠢ᠃ ᠰᠣᠩᠭᠤᠭᠤᠯᠢ ᠶᠢᠨ ᠪᠦᠬᠦ ᠶᠠᠪᠤᠴᠠ ᠳᠤ ᠬᠢᠨᠠᠯᠲᠠ

ᠲᠠᠯᠪᠢᠬᠤ ᠶᠢ ᠴᠢᠩᠭᠠᠳᠬᠠᠵᠤ᠂ ᠰᠣᠩᠭᠤᠭᠤᠯᠢ ᠶᠢᠨ ᠳᠤᠮᠳᠠᠬᠢ ᠲᠥᠪ ᠪᠤᠰᠤ ᠰᠤᠷᠲᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠰᠣᠩᠭᠤᠭᠤᠯᠢ ᠶᠢᠨ ᠠᠵᠢᠯ ᠤᠨ

ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠵᠤ᠂ ᠰᠣᠩᠭᠤᠭᠤᠯᠢ ᠶᠢᠨ ᠦᠷ᠎ᠡ ᠳ᠋ᠦᠩ ᠳᠤ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠶᠢ

ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠸᠠᠢ ᠷᠧᠨ ᠲᠠᠩ ᠳᠠᠬᠢ ᠪᠢᠯᠧᠲ ᠥᠭᠬᠦ ᠦᠷᠳᠡᠭᠡ ᠳᠤ᠂ ᠲᠠᠪᠤᠨ ᠣᠳᠣᠲᠤ ᠤᠯᠠᠭᠠᠨ ᠲᠤᠭ

ᠤᠨᠴᠠ ᠶᠢᠨ ᠢᠯᠡᠲᠡᠢ ᠬᠠᠷᠠᠭᠳᠠᠨ᠎ᠠ᠂ ᠤᠯᠤᠰ ᠤᠨ ᠰᠦᠯᠳᠡ ᠶᠢ ᠰᠢᠭᠢᠳᠭᠡᠭᠰᠡᠨ ᠤᠯᠠᠭᠠᠨ ᠦᠩᠭᠡ ᠲᠠᠢ ᠪᠢᠯᠧᠲ ᠤᠨ ᠬᠠᠶᠢᠷᠴᠠᠭ ᠢ ᠭᠤᠣᠯ ᠳᠤᠮᠳᠠ ᠨᠢ ᠲᠠᠯᠪᠢᠵᠤ᠂

ᠪᠢᠯᠧᠲ ᠥᠭᠬᠦ ᠠᠵᠢᠯ ᠵᠢᠷᠤᠮᠵᠢᠯ ᠲᠠᠢ ᠡᠮᠬᠢ ᠳᠢᠭᠯᠢᠮ ᠲᠠᠢ ᠶᠠᠪᠤᠭᠳᠠᠵᠤ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠲᠥᠪ ᠬᠢᠴᠢᠶᠡᠩᠭᠦᠢ ᠬᠥᠭᠵᠢᠶᠡᠨᠳᠠᠢ

ᠪᠠᠶᠢᠯ᠎ᠠ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ ᠬᠤᠸᠠᠢ ᠷᠧᠨ ᠲᠠᠩ ᠳᠠᠬᠢ ᠪᠢᠯᠧᠲ ᠥᠭᠬᠦ ᠦᠷᠳᠡᠭᠡ ᠳᠤ ᠢᠷᠠᠵᠤ᠂

ᠬᠤᠯᠪᠣᠭᠳᠠᠯ ᠪᠦᠬᠦᠢ ᠰᠣᠩᠭᠤᠭᠤᠯᠢ ᠶᠢᠨ ᠶᠠᠪᠤᠳᠠᠯ ᠤᠨ ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠢ ᠰᠣᠨᠣᠰᠴᠤ᠂ ᠰᠣᠩᠭᠤᠭᠤᠯᠢ ᠶᠢᠨ ᠠᠷᠠᠳ ᠤᠨ ᠦᠨᠡᠮᠯᠡᠯ ᠢᠶᠠᠨ

ᠠᠪᠴᠤ ᠠᠵᠢᠯᠳᠠᠨ ᠳᠤ ᠥᠭᠴᠦ ᠬᠢᠨᠠᠨ ᠪᠠᠶᠢᠴᠠᠭᠠᠯᠭᠠᠵᠤ᠂ ᠨᠢᠭᠡ ᠰᠤᠩᠭᠤᠭᠤᠯᠢ ᠶᠢᠨ ᠪᠢᠯᠧᠲ ᠢ ᠠᠪᠴᠤ᠂ ᠪᠢᠯᠧᠲ ᠲᠠᠬᠯᠠᠬᠤ ᠭᠠᠵᠠᠷ ᠲᠤ ᠰᠣᠩᠭᠤᠭᠤᠯᠢ ᠶᠢᠨ

ᠪᠢᠯᠧᠲ ᠢᠶᠠᠨ ᠨᠠᠷᠢᠨ ᠬᠢᠨᠠᠮᠠᠭᠠᠢ ᠲᠠᠭᠯᠠᠭᠰᠠᠨ ᠤ ᠲᠠᠷᠠᠭ᠎ᠠ᠂ ᠪᠢᠯᠧᠲ ᠤᠨ ᠬᠠᠶᠢᠷᠴᠠᠭ ᠤᠨ ᠡᠮᠦᠨ᠎ᠡ ᠬᠦᠷᠴᠦ ᠲᠥᠪ ᠴᠢᠩᠭ᠎ᠠ ᠪᠠᠷ ᠥᠪᠡᠷ ᠤᠨ ᠪᠢᠯᠧᠲ ᠢᠶᠠᠨ ᠥᠭᠪᠠ

᠃ ᠲᠤᠰ ᠡᠳᠦᠷ ᠤᠨ ᠦᠳᠡ ᠶᠢᠨ ᠡᠮᠦᠨ᠎ᠡ᠂ ᠯᠢ ᠺᠧ ᠴᠢᠶᠠᠩ ᠰᠢ ᠴᠧᠩ ᠲᠣᠭᠤᠷᠢᠭ ᠤᠨ ᠸᠧᠨ ᠶᠢᠨ ᠵᠡᠭᠡᠯᠢ ᠶᠢᠨ ᠰᠣᠩᠭᠤᠭᠤᠯᠢ ᠶᠢᠨ ᠲᠣᠭᠤᠷᠢᠭ ᠤᠨ ᠽᠢ

ᠭᠤᠸᠠᠩ ᠭᠧ ᠳᠠᠬᠢ ᠪᠢᠯᠧᠲ ᠥᠭᠬᠦ ᠦᠷᠳᠡᠭᠡ ᠳᠤ ᠪᠢᠯᠧᠲ ᠥᠭᠴᠦ᠂ ᠯᠢ ᠵᠠᠨ ᠱᠣ᠋ ᠰᠢ ᠴᠧᠩ ᠲᠤᠭᠤᠷᠢᠭ ᠤᠨ ᠵᠦᠩ ᠨᠠᠨ ᠬᠠᠢ ᠶᠢᠨ ᠰᠣᠩᠭᠤᠭᠤᠯᠢ ᠶᠢᠨ

ᠲᠣᠭᠤᠷᠢᠭ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠪᠢᠯᠧᠲ ᠥᠭᠬᠦ ᠦᠷᠳᠡᠭᠡ ᠳᠤ ᠪᠢᠯᠧᠲ ᠥᠭᠴᠦ᠂ ᠸᠠᠩ ᠶᠠᠩ ᠰᠢ ᠴᠧᠩ ᠲᠣᠭᠤᠷᠢᠭ ᠤᠨ ᠮᠥᠩᠭᠦᠨ

ᠭᠦᠢᠯᠭᠡᠭᠡᠨ ᠤ ᠵᠡᠭᠡᠯᠢ ᠶᠢᠨ ᠬᠤᠶᠠᠳᠤᠭᠠᠷ ᠰᠣᠩᠭᠤᠭᠤᠯᠢ ᠶᠢᠨ ᠲᠣᠭᠤᠷᠢᠭ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠢᠯᠧᠲ

ᠥᠭᠬᠦ ᠦᠷᠳᠡᠭᠡ ᠳᠤ ᠪᠢᠯᠧᠲ ᠥᠭᠴᠦ᠂ ᠸᠠᠩ ᠬᠣ᠋ ᠨᠢᠩ ᠵᠦᠩ ᠨᠠᠨ ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ ᠷᠧᠨ ᠲᠠᠩ ᠳᠠᠬᠢ ᠪᠢᠯᠧᠲ ᠥᠭᠬᠦ

ᠦᠷᠳᠡᠭᠡ ᠳᠤ ᠪᠢᠯᠧᠲ ᠥᠭᠴᠦ᠂ ᠵᠤᠤ ᠯᠧ ᠵᠶᠢ ᠰᠢ ᠴᠧᠩ ᠲᠣᠭᠤᠷᠢᠭ ᠤᠨ ᠳ᠋ᠠ ᠵᠢᠤᠸᠠᠢ ᠳᠠᠬᠢ ᠰᠣᠩᠭᠤᠭᠤᠯᠢ ᠶᠢᠨ ᠲᠣᠭᠤᠷᠢᠭ ᠤᠨ ᠲᠥᠪ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠪᠢᠯᠧᠲ ᠥᠭᠬᠦ ᠦᠷᠳᠡᠭᠡ ᠳᠤ ᠪᠢᠯᠧᠲ ᠥᠭᠴᠦ᠂ ᠬᠠᠨ ᠵᠧᠩ ᠸᠧᠨ ᠶᠢᠨ

ᠵᠡᠭᠡᠯᠢ ᠶᠢᠨ ᠰᠣᠩᠭᠤᠭᠤᠯᠢ ᠶᠢᠨ ᠲᠣᠭᠤᠷᠢᠭ ᠤᠨ ᠽᠢ ᠭᠤᠸᠠᠩ ᠭᠧ ᠳᠠᠬᠢ ᠪᠢᠯᠧᠲ ᠥᠭᠬᠦ ᠦᠷᠲᠡᠭᠡ ᠳᠤ ᠪᠢᠯᠧᠲ ᠦᠭᠴᠠᠢ᠃ ᠸᠠᠩ ᠴᠢ ᠱᠠᠨ ᠠᠵᠢᠯᠲᠠᠨ ᠳᠤ

ᠨᠠᠶᠢᠳᠠᠵᠤ ᠵᠦᠩ ᠨᠠᠨ ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ ᠷᠧᠨ ᠳᠠᠩ ᠳᠠᠬᠢ ᠪᠢᠯᠧᠲ ᠥᠭᠬᠦ ᠥᠷᠲᠡᠭᠡ ᠳᠤ ᠪᠢᠯᠧᠲ ᠥᠭᠪᠡ᠃ ᠵᠢᠶᠠᠩ ᠽᠧ

ᠮᠢᠨ᠂ ᠬᠣ᠋ ᠶᠢᠨ ᠲᠤᠤ ᠲᠤᠰ ᠲᠤᠰ ᠠᠵᠢᠯᠳᠠᠨ ᠳᠤ ᠨᠠᠶᠢᠳᠠᠵᠤ᠂ ᠵᠦᠩ ᠨᠠᠨ ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ ᠷᠧᠨ ᠲᠠᠩ ᠳᠠᠬᠢ ᠪᠢᠯᠧᠲ

ᠥᠭᠬᠦ ᠦᠷᠳᠡᠭᠡ ᠳᠤ ᠪᠢᠯᠧᠲ ᠥᠭᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ

ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ

ᠨᠥᠬᠦᠳ ᠪᠠ ᠤᠳᠤᠷᠢᠳᠬᠤ ᠲᠤᠰᠢᠶᠠᠯ ᠠᠴᠠ ᠪᠠᠨ ᠪᠠᠭᠤᠭᠰᠠᠨ ᠨᠥᠬᠦᠳ ᠲᠤᠰ ᠲᠤᠰ ᠤᠨ ᠰᠣᠩᠭᠤᠭᠤᠯᠢ ᠶᠢᠨ ᠲᠣᠭᠤᠷᠢᠭ ᠲᠠᠭᠠᠨ ᠪᠢᠯᠧᠲ ᠥᠭᠬᠦᠭᠰᠡᠡ ᠪᠤᠶᠤ

ᠪᠤᠰᠤᠳ ᠲᠤ ᠨᠠᠶᠢᠳᠠᠵᠤ ᠪᠢᠯᠧᠲ ᠥᠭᠴᠠᠢ᠃ 5 ᠤ ᠡᠳᠦᠷ᠂ ᠪᠡᠭᠡᠵᠢᠩ ᠬᠤᠲᠠ ᠨᠡᠶᠢᠲᠡ 13448 ᠪᠢᠯᠧᠲ ᠥᠭᠬᠦ ᠥᠷᠲᠡᠭᠡ ᠲᠤᠬᠢᠷᠠᠭᠤᠯᠵᠤ᠂ ᠵᠥᠷᠢᠶᠡᠲᠦ

ᠰᠣᠩᠭᠤᠭᠤᠯᠢ ᠪᠠᠷ ᠳᠡᠮᠵᠢᠨ᠂ ᠰᠢᠨ᠎ᠡ ᠨᠢᠭᠡ ᠬᠤᠭᠤᠴᠠᠭᠠᠨ ᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 4898

ᠬᠥᠮᠦᠨ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 11137 ᠬᠥᠮᠦᠨ ᠢ ᠰᠣᠩᠭᠤᠨ ᠭᠠᠷᠭᠠᠬᠤ ᠪᠤᠯᠤᠨ᠎ᠠ᠃

   

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ