ᠡᠶᠢᠮᠦ ᠡᠮ ᠲᠠᠩ ᠬᠠᠳᠠᠭᠠᠯᠠᠵᠤ ᠪᠠᠶᠢᠪᠠᠯ ᠳᠦᠷᠬᠡᠨ ᠬᠠᠶᠠ︕
ᠨᠡᠶᠢᠲᠡᠯᠡᠭᠰᠡᠨ ᠴᠠᠭ᠄
2021/11/9
                               ᠠᠶᠢᠯ ᠪᠤᠯᠭᠠᠨ ᠤ ᠠᠪᠳᠠᠷ᠎ᠠ ᠳᠤ ᠪᠠᠴᠢᠮ ᠦᠶ᠎ᠡ ᠳᠤ ᠬᠡᠷᠡᠭᠯᠡᠬᠦ ᠭᠠᠭᠴᠠ ᠬᠤᠶᠠᠷ ᠡᠮ ᠲᠠᠩ ᠪᠠᠶᠢᠳᠠᠭ᠃                          ᠣᠶᠢᠷ᠎ᠠ ᠳᠤ᠂ ᠤᠯᠤᠰ ᠤᠨ ᠡᠮ ᠲᠠᠩ ᠤᠨ ᠵᠣᠶᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠮᠡᠳᠡᠭᠳᠡᠯ ᠨᠡᠶᠢᠲᠡᠯᠡᠵᠦ᠂ ᠪᠠᠷᠢᠮᠵᠢᠶᠠᠨ ᠳᠤ ᠨᠡᠶᠢᠴᠡᠬᠦ ᠦᠭᠡᠢ 7 ᠪᠦᠯᠦᠭ ᠡᠮ ᠲᠠᠩ ᠢ ᠨᠡᠶᠢᠬᠡᠮ ᠨᠡᠶᠢᠳᠡ ᠳᠤ  ᠵᠠᠷᠯᠠᠨ ᠮᠡᠳᠡᠭᠳᠡᠪᠡ᠃                            ᠡᠬᠦᠨ ᠳᠤ᠂ ᠰᠢᠬᠢᠷ ᠡᠪᠡᠰᠦᠨ ᠤ ᠬᠤᠯᠢᠮᠠᠭ ᠰᠢᠩᠭᠡᠨ᠂ ᠬᠡᠦᠬᠡᠳ ᠤᠨ ᠬᠠᠨᠢᠶᠠᠳᠤ ᠶᠢ ᠵᠣᠭᠰᠣᠭᠠᠬᠤ ᠰᠢᠬᠢᠷᠲᠦ ᠡᠭᠡᠳᠡᠩ ᠵᠡᠷᠭᠡ ᠶᠡᠷᠦᠳᠡ ᠶᠢᠨ ᠬᠡᠷᠡᠭᠯᠡᠳᠡᠭ ᠡᠮ ᠪᠠᠭᠳᠠᠵᠦ ᠪᠠᠶᠢᠭ᠎ᠠ ᠶᠤᠮ ᠪᠠᠶᠢᠨ᠎ᠠ᠃                           ᠪᠠᠷᠢᠮᠵᠢᠶᠠᠨ ᠳᠤ ᠨᠡᠶᠢᠴᠡᠬᠦ ᠦᠭᠡᠢ ᠡᠳᠡᠭᠡᠷ ᠡᠮ ᠲᠠᠩ ᠤᠨ ᠵᠦᠢᠯ ᠢ ᠬᠢᠨᠠᠨ  ᠬᠠᠮᠢᠶᠠᠷᠬᠤ  ᠰᠠᠯᠠᠭ᠎ᠠ ᠮᠥᠴᠢᠷ ᠠᠴᠠ ᠨᠢᠭᠡᠨᠲᠡ ᠬᠠᠮᠢᠶ᠎ᠠ ᠪᠦᠬᠦᠢ ᠠᠵᠤ ᠠᠬᠤᠶᠢᠯᠠᠯ ᠪᠠ ᠨᠢᠭᠡᠴᠡ ᠳᠤ ᠱᠠᠭᠠᠷᠳᠠᠨ᠂ ᠪᠣᠷᠣᠯᠠᠭᠤᠯᠭ᠎ᠠ ᠶᠢ ᠨᠢ ᠲᠦᠷ  ᠵᠣᠭᠰᠣᠭᠠᠬᠤ  ᠪᠤᠶᠤ ᠪᠤᠴᠠᠭᠠᠵᠦ ᠬᠤᠷᠢᠶᠠᠬᠤ ᠪᠠᠷ ᠳᠠᠮᠵᠢᠨ ᠠᠳᠡᠯ ᠣᠰᠣᠯ ᠢ ᠴᠢᠳᠠᠬᠤ ᠶᠢᠨ ᠳᠣᠳᠣᠷ᠎ᠠ ᠬᠢᠵᠠᠭᠠᠷᠯᠠᠬᠤ ᠪᠠᠷ ᠪᠠᠶᠢᠨ᠎ᠠ᠃    

11.5.医药图.jpg

 

ᠢᠷᠡᠯᠲᠡ᠄ ᠠᠷᠠᠳ ᠤᠨ ᠰᠦᠯᠵᠢᠶ᠎ᠡ