ᠨᠢᠳᠤᠨ ᠳᠤ ᠳᠤᠰᠠᠳᠠᠢ ᠪᠠ ᠬᠠᠷᠰᠢ ᠢᠳᠡᠭᠡᠨ
ᠨᠡᠶᠢᠲᠡᠯᠡᠭᠰᠡᠨ ᠴᠠᠭ᠄
2021/11/9
     ᠬᠤᠯᠤᠤᠪᠠᠩ                ᠸᠢᠲ᠋ᠠᠮᠢᠨ A ᠪᠤᠯ ᠨᠢᠳᠤᠨ ᠤ ᠡᠷᠡᠭᠦᠯ ᠮᠡᠨᠳᠦ ᠳᠤ ᠳᠤᠳᠠᠭᠳᠠᠵᠤ ᠪᠤᠯᠤᠰᠢ ᠦᠭᠡᠢ  ᠪᠢᠴᠢᠯ ᠡᠯᠧᠮᠧᠨ᠋ᠲ  ᠪᠤᠯᠤᠨ᠎ᠠ᠃ ᠸᠢᠲ᠋ᠠᠮᠢᠨ A ᠳᠤ ᠨᠢᠳᠤᠨ ᠤ ᠡᠷᠡᠭᠦᠯ ᠮᠡᠨᠳᠦ ᠳᠤ ᠳᠤᠰᠠᠳᠠᠢ ᠢᠰᠦᠯᠳᠦᠯ ᠢ ᠡᠰᠡᠷᠭᠦᠴᠡᠭᠴᠢ ᠡᠳ᠋ β  — ᠬᠤᠯᠤᠤᠪᠠᠩ ᠢ ᠠᠭᠤᠯᠳᠠᠬ᠃ ᠬᠤᠯᠤᠤᠪᠠᠩ ᠢᠳᠡᠬᠦ ᠪᠤᠯ ᠸᠢᠲ᠋ᠠᠮᠢᠨ A ᠶᠢ ᠰᠢᠩᠭᠡᠭᠡᠨ ᠠᠪᠬᠤ ᠰᠠᠶᠢᠨ ᠠᠷᠭ᠎ᠠ  ᠪᠤᠯᠤᠨ᠎ᠠ᠃ ᠡᠭᠦᠨ ᠠᠴᠠ ᠭᠠᠳᠠᠨ᠎ᠠ᠂ ᠪᠦᠭᠡᠷᠡᠩᠬᠡᠢ ᠴᠠᠭᠠᠨ ᠨᠤᠭᠤᠭ᠎ᠠ᠂ ᠬᠡᠷ ᠤᠨ ᠢᠲᠡᠷ᠎ᠡ ᠪᠤᠯ ᠮᠦᠨ ᠸᠢᠲ᠋ᠠᠮᠢᠨ A  ᠡᠯᠪᠡᠭ ᠠᠭᠤᠯᠳᠠᠭ ᠢᠳᠡᠰᠢᠨ ᠨᠤᠭᠤᠭ᠎ᠠ ᠪᠤᠯᠤᠨ᠎ᠠ᠃ ᠬᠦᠮᠦᠨ ᠤ ᠪᠡᠶ᠎ᠡ ᠳᠤ ᠸᠢᠲ᠋ᠠᠮᠢᠨ A ᠳᠤᠳᠠᠭᠳᠠᠪᠠᠯ ᠳᠠᠬᠢᠶᠠᠨ  ᠬᠠᠷᠠᠩ ᠡᠪᠡᠳᠴᠢᠨ ᠤᠯᠤᠨ᠎ᠠ᠃              ᠦᠷᠭᠡᠰᠦᠳᠦ ᠨᠤᠭᠤᠭ᠎ᠠ              ᠦᠷᠭᠡᠰᠦᠳᠦ ᠨᠤᠭᠤᠭ᠎ᠠ ᠨᠢ ᠵᠠᠷᠢᠮ ᠨᠢᠳᠤᠨ ᠤ ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ᠃  ᠦᠷᠭᠡᠰᠦᠳᠦ ᠨᠤᠭᠤᠭ᠎ᠠ ᠳᠤ ᠨᠢᠭᠡ ᠵᠦᠢᠯ ᠤᠨ ᠰᠢᠷ᠎ᠡ ᠪᠡᠶᠡᠳᠦ ᠡᠳ᠋ ᠭᠡᠳᠡᠭ ᠪᠤᠳᠠᠰ ᠠᠭᠤᠯᠳᠠᠭ ᠨᠢ ᠴᠠᠭᠠᠨ ᠬᠠᠷᠠᠩ  ᠡᠪᠡᠳᠴᠢᠨ ᠪᠠ ᠰᠢᠷ᠎ᠡ ᠳᠤᠯᠪᠤ ᠶᠢᠨ ᠤᠷᠪᠠᠯᠳᠠ ᠶᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ᠃                ᠳᠠᠭᠢᠶᠠᠨ ᠦᠨᠳᠡᠭᠡ               ᠳᠠᠬᠢᠶᠠᠨ ᠦᠨᠳᠡᠭᠡ ᠨᠢᠳᠤ᠂ ᠬᠠᠷᠠᠭ᠎ᠠ ᠳᠤ ᠰᠠᠶᠢᠨ᠃ ᠳᠠᠬᠢᠶᠠᠨ ᠦᠨᠳᠡᠭᠡᠨ ᠳᠤ ᠠᠭᠤᠯᠳᠠᠭ ᠳᠠᠪᠤᠰᠠᠩ ᠤᠨ ᠠᠮᠢᠨᠣ᠋ ᠬᠦᠴᠢᠯ᠂ ᠬᠦᠬᠦᠷ᠂ ᠦᠨᠳᠡᠭᠡᠨ ᠤ ᠹᠤᠰᠹᠤᠷᠳᠤ ᠦᠭᠡᠬᠦ᠂ ᠠᠮᠢᠨᠣ᠋ ᠬᠦᠴᠢᠯ ᠪᠠ ᠰᠢᠷ᠎ᠡ ᠪᠡᠶᠡᠳᠦ ᠡᠳ᠋ ᠵᠡᠷᠭᠡ ᠨᠢ ᠪᠦᠷ ᠴᠠᠭᠠᠨ ᠬᠠᠷᠠᠩ ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ᠃               ᠨᠤᠭᠤᠭᠠᠨ ᠴᠡᠴᠡᠭᠳᠦ ᠨᠤᠭᠤᠭ᠎ᠠ               ᠨᠤᠭᠤᠭᠠᠨ ᠴᠡᠴᠡᠭᠳᠦ ᠨᠤᠭᠤᠭ᠎ᠠ ᠨᠢ ᠬᠠᠷᠠᠭ᠎ᠠ ᠶᠢ ᠰᠠᠶᠢᠵᠢᠷᠠᠭᠤᠯᠬᠤ ᠪᠠ ᠴᠠᠭᠠᠨ ᠬᠠᠷᠠᠩ ᠡᠪᠡᠳᠴᠢᠨ ᠢ  ᠰᠡᠷᠭᠡᠶᠢᠯᠡᠬᠦ ᠦᠢᠯᠡᠳᠦᠯ ᠲᠠᠢ᠃ ᠨᠤᠭᠤᠭᠠᠨ ᠴᠡᠴᠡᠭᠳᠦ ᠨᠤᠭᠤᠭ᠎ᠠ ᠳᠤ ᠠᠭᠤᠯᠳᠠᠭ ᠰᠢᠷ᠎ᠠ ᠪᠡᠶᠡᠳᠦ ᠡᠳ᠋ ᠪᠠ ᠡᠷᠳᠡᠨᠢ  ᠰᠢᠰᠢ ᠶᠢᠨ ᠰᠢᠷ᠎ᠠ ᠭᠡᠳᠡᠭ ᠬᠤᠯᠤᠤᠪᠠᠩ ᠤᠨ ᠡᠳ᠋ ᠤᠨ ᠳᠦᠷᠦᠯ ᠤᠨ ᠪᠤᠳᠠᠰ ᠨᠢ ᠨᠢᠳᠤᠨ ᠤ ᠪᠤᠯᠤᠷᠯᠢᠬ ᠴᠤᠭᠴᠠ ᠳᠤ  ᠶᠡᠭᠡ ᠳᠤᠰᠠ ᠲᠠᠢ ᠪᠠᠶᠢᠳᠠᠭ ᠪᠠ ᠨᠢᠳᠤᠨ ᠤ ᠡᠰ ᠤᠨ ᠴᠢᠯᠦᠭᠡᠳᠦ ᠪᠦᠯᠦᠭ ᠤᠨ ᠳᠠᠷᠤᠯᠳᠠ ᠳᠤ ᠤᠴᠠᠷᠠᠬᠤ ᠠᠴᠠ  ᠬᠠᠮᠠᠭᠠᠯᠠᠳᠠᠭ᠃                 ᠬᠠᠷ᠎ᠠ ᠴᠤᠺᠤᠯᠡᠳ᠋                ᠬᠠᠷ᠎ᠠ ᠴᠤᠺᠤᠯᠠᠳ᠋ ᠲᠤ ᠠᠭᠤᠯᠳᠠᠭ ᠰᠢᠷ᠎ᠠ ᠺᠧᠲ᠋ᠤᠨ ᠤ ᠳᠦᠷᠦᠯ ᠤᠨ ᠬᠢᠮᠢ ᠶᠢᠨ ᠨᠡᠶᠢᠯᠡᠮᠡᠯ ᠪᠤᠳᠠᠰ ᠨᠢ  ᠨᠢᠳᠤᠨ ᠤ ᠴᠢᠰᠦᠨ ᠰᠤᠳᠠᠯ ᠢ ᠬᠠᠮᠠᠭᠠᠯᠠᠬᠤ ᠦᠢᠯᠡᠳᠦᠯ ᠲᠠᠢ ᠪᠠᠶᠢᠵᠤ᠂ ᠡᠭᠦᠨ ᠤ ᠤᠯᠠᠮ ᠠᠴᠠ ᠨᠢᠳᠤᠨ ᠤ ᠡᠪᠡᠷᠯᠢᠭ  ᠪᠦᠷᠭᠦᠪᠴᠢ ᠪᠠ ᠪᠤᠯᠤᠷᠯᠢᠬ ᠴᠤᠭᠴᠠ ᠶᠢ ᠪᠠᠬᠢᠵᠢᠭᠦᠯᠳᠡᠭ᠃ ᠰᠠᠨᠠᠭᠤᠯᠬᠤ ᠨᠢ᠂ ᠵᠦᠪᠬᠡᠨ ᠴᠡᠪᠡᠷ ᠬᠠᠷ᠎ᠠ ᠴᠤᠺᠤᠯᠠᠳ᠋ ᠲᠤ ᠰᠠᠶ᠋ᠢ ᠢᠢᠮᠦᠷᠬᠦ ᠦᠢᠯᠡᠳᠦᠯ ᠲᠠᠢ ᠪᠠᠶᠢᠳᠠᠭ᠃                 ᠰᠠᠷᠢᠮᠰᠠᠭ               ᠰᠠᠷᠢᠮᠰᠠᠭ ᠨᠢ ᠪᠠᠺᠲ᠋ᠧᠷᠢ ᠶᠢ ᠳᠠᠷᠤᠬᠤ ᠦᠢᠯᠡᠳᠦᠯ ᠴᠢᠳᠠᠪᠬᠢ ᠲᠠᠢ ᠪᠠᠶᠢᠵᠤ᠂  ᠤᠯᠠᠨ ᠵᠦᠢᠯ ᠤᠨ  ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ ᠢᠶᠠᠷ ᠢᠶᠠᠨ ᠬᠡᠮᠵᠢᠶ᠎ᠠ ᠲᠠᠢ ᠢᠳᠡᠪᠡᠯ ᠬᠦᠮᠦᠨ ᠤ ᠪᠡᠶ᠎ᠡ ᠳᠤ ᠶᠡᠭᠡ ᠳᠤᠰᠠᠳᠠᠢ᠃ ᠭᠡᠪᠡᠴᠦ ᠬᠡᠷᠪᠡ ᠤᠷᠳᠤ ᠬᠤᠭᠤᠴᠠᠭ᠎ᠠ ᠪᠠᠷ ᠭᠡᠳᠦᠷᠡᠳᠡᠯ᠎ᠠ ᠢᠳᠡᠪᠡᠯ ᠨᠢᠳᠤᠨ ᠤ ᠡᠪᠡᠳᠴᠢᠨ ᠡᠭᠦᠰᠭᠡᠳᠡᠭ᠃                ᠭᠤᠱᠤᠭᠤᠨ ᠢᠳᠡᠭᠡᠨ                ᠭᠤᠱᠤᠭᠤᠨ ᠢᠳᠡᠭᠡᠨ ᠢ ᠭᠡᠳᠦᠷᠡᠳᠡᠯ᠎ᠠ ᠢᠳᠡᠪᠡᠯ ᠨᠢᠳᠤᠨ ᠳᠤ ᠠᠰᠢᠬ ᠦᠭᠡᠢ᠃ ᠤᠷᠳᠤ ᠬᠤᠭᠤᠴᠠᠭ᠎ᠠ ᠪᠠᠷ ᠭᠤᠱᠤᠭᠤᠨ ᠢᠳᠡᠭᠡᠨ ᠤ ᠰᠡᠳᠡᠯᠳᠡ ᠶᠢ ᠬᠦᠯᠢᠶᠡᠪᠡᠯ ᠨᠡᠶᠢᠯᠡᠮᠡᠯ  ᠪᠦᠷᠭᠦᠪᠴᠢ ᠶᠢᠨ ᠦᠷᠪᠢᠰᠦᠯ᠂ ᠨᠢᠳᠤᠨ ᠤ ᠯᠤᠬᠰᠢᠭᠤᠨ ᠰᠤᠳᠠᠯ ᠤᠨ ᠬᠠᠳᠠᠭᠤᠷᠠᠯ᠂  ᠨᠢᠳᠤ ᠬᠠᠭᠤᠷᠠᠶᠢᠰᠢᠬᠤ ᠡᠪᠡᠳᠴᠢᠨ ᠪᠠ ᠬᠠᠷᠠᠭ᠎ᠠ ᠮᠠᠭᠤᠳᠠᠬᠤ  ᠵᠡᠷᠭᠡ  ᠨᠠᠰᠤᠳᠠᠶᠢᠴᠤᠳ ᠤᠨ ᠰᠢᠨᠵᠢ ᠲᠠᠢ ᠡᠪᠡᠳᠴᠢᠨ ᠡᠷᠳᠡ ᠡᠭᠦᠰᠳᠡᠭ᠃ ᠡᠶᠢᠮᠦ ᠠᠴᠠ ᠤᠮᠠᠷᠠᠳᠤ ᠤᠷᠤᠨ ᠤ ᠬᠦᠮᠦᠨ  ᠤᠷᠳᠤ ᠬᠤᠭᠤᠴᠠᠭ᠎ᠠ ᠪᠠᠷ ᠭᠤᠱᠤᠭᠤᠨ ᠢᠳᠡᠭᠡᠨ ᠢᠳᠡᠪᠡᠯ ᠨᠢᠳᠤᠨ ᠳᠤ ᠴᠢᠨᠢ ᠬᠤᠤᠷ ᠨᠦᠯᠦᠭᠡ ᠪᠤᠯᠵᠤ ᠮᠡᠳᠡᠨ᠎ᠠ᠃           
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ