︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ︾  ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/1
    ᠨᠢᠭᠡ᠂ ᠲᠣᠭᠲᠠᠭᠠᠭᠰᠠᠨ ᠠᠬᠤᠶ ᠪᠠᠶᠢᠳᠠᠯ ᠵᠢᠴᠢ ᠠᠴᠢ ᠬᠤᠯᠪᠣᠭᠳᠠᠯ     ᠬᠥᠬᠡᠬᠤᠲᠠ ᠪᠤᠭᠤᠲᠤ ᠣᠷᠳᠣᠰ ᠤᠯᠠᠭᠠᠨᠴᠠᠪ ᠪᠣᠯ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠢᠯᠠᠵᠤ᠂ ᠬᠠᠲᠤᠨ ᠭᠤᠤᠯ ᠤᠨ ᠰᠠᠪᠠ ᠭᠠᠵᠠᠷ  ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠬᠡᠰᠡᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ ᠤᠨ ᠴᠢᠬᠤᠯᠠ ᠲᠤᠯᠭᠠᠭᠤᠷᠢᠯᠠᠯ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠬᠦ ᠣᠷᠣᠨ ᠪᠦᠰᠡ ᠪᠠ ᠠᠵᠤ ᠠᠬᠤᠶ ᠶᠢᠨ ᠬᠥᠭᠵᠢᠯᠲᠡ ᠶᠢᠨ ᠭᠤᠤᠯ ᠣᠷᠣᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠵᠠᠬ᠎ᠠ ᠳᠡᠯᠭᠡᠭᠦᠷ ᠲᠤ ᠪᠥᠬᠦ ᠲᠠᠯ᠎ᠠ ᠪᠠᠷ ᠠᠭᠤᠰᠤᠯᠴᠠᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ 2018 ᠣᠨ ᠤ 3 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ ᠂ ︽ᠬᠥᠬᠡᠬᠤᠲᠠ ᠪᠤᠭᠤᠲᠤ ᠤᠷᠳᠤᠰ ᠭᠤᠷᠪᠠᠨ ᠬᠤᠳᠠ ᠣᠷᠣᠨ ᠵᠠᠢ ᠭᠠᠵᠠᠷ ᠵᠦᠢ ᠶᠢᠨ ᠲᠠᠯ᠎ᠠ ᠪᠠᠷ ᠲᠥᠪᠯᠡᠷᠡᠩᠭᠦᠢ᠂ ᠠᠵᠤ ᠦᠢᠯᠡᠰ ᠤᠨ ᠰᠠᠭᠤᠷᠢ ᠨᠡᠯᠢᠶᠡᠳ ᠰᠠᠶᠢᠨ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ ᠪᠣᠯᠬᠤᠷ᠂ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠲᠤᠬᠢᠷᠠᠭᠤᠯᠤᠯᠳᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠷᠢᠰᠦᠯᠳᠦᠬᠦ ᠬᠦᠴᠦᠨ ᠲᠠᠢ ᠨᠡᠮᠡᠭᠳᠡᠯ ᠤᠨ ᠲᠦᠢᠯ ᠢ ᠪᠦᠷᠢᠯᠳᠦᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2019 ᠣᠨ ᠳᠤ ᠤᠯᠠᠭᠠᠨᠴᠠᠪ ᠬᠤᠲᠠ ᠶᠢ ᠨᠢᠭᠡ ᠴᠣᠭᠴᠠᠵᠢᠭᠰᠠᠨ ᠬᠥᠭᠵᠢᠯᠲᠡ ᠶᠢᠨ ᠬᠡᠪᠴᠢᠶᠡᠨ ᠳᠤ ᠣᠷᠤᠭᠤᠯᠵᠠᠢ᠃ ᠤᠯᠠᠨ ᠵᠢᠯ ᠤᠨ ᠴᠢᠷᠮᠠᠶᠢᠯᠭ᠎ᠠ ᠪᠠᠷ ᠲᠠᠮᠵᠢᠨ᠂ ᠲᠦᠷᠪᠡᠨ ᠬᠤᠳᠠ ᠣᠳᠤ ᠶᠠᠭ ᠰᠠᠭᠤᠷᠢ ᠶᠢ ᠲᠠᠯᠪᠢᠬᠤ᠂ ᠲᠣᠭᠲᠠᠴᠠ ᠶᠢ ᠪᠠᠶᠢᠭᠤᠯᠬᠤ᠂ ᠰᠢᠪᠲᠤᠯᠤᠯᠲᠠ ᠶᠢ ᠡᠷᠢᠯᠬᠢᠯᠡᠬᠦ ᠬᠠᠮᠵᠢᠯᠴᠠᠨ ᠬᠥᠭᠵᠢᠬᠦ ᠱᠠᠲᠤᠨ ᠠᠴᠠ ᠨᠢᠭᠡ ᠴᠤᠬᠴᠠᠵᠢᠬᠰᠡᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠳᠤ ᠲᠡᠶᠢᠰᠢ ᠤᠷᠤᠭᠰᠢᠯᠠᠵᠤ ᠪᠠᠶᠢᠨ᠎ᠠ᠃     ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠶᠢ ᠴᠢᠩᠭᠠᠷᠠᠭᠤᠯᠤᠨ᠂ ᠠᠵᠤ ᠠᠬᠤᠶ ᠶᠢᠨ ᠲᠥᠪᠯᠡᠷᠡᠯ ᠤᠨ ᠬᠡᠮᠵᠢᠶ᠎ᠡ᠂ ᠣᠷᠣᠨ ᠪᠦᠰᠡ ᠶᠢᠨ ᠬᠤᠯᠪᠣᠯᠳᠤᠬᠤ ᠴᠢᠨᠠᠷ ᠪᠠ ᠲᠥᠷᠥ ᠶᠢᠨ ᠪᠣᠳᠣᠯᠭ᠎ᠠ ᠶᠢᠨ ᠬᠠᠮᠵᠢᠯᠴᠠᠬᠤ ᠴᠢᠨᠠᠷ ᠢ ᠳᠡᠭᠡᠭᠰᠢᠯᠡᠭᠦᠯᠬᠦ ᠨᠢ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ᠂ ᠳᠠᠪᠠᠭᠤᠯᠢᠭ ᠣᠷᠣᠨ ᠪᠦᠰᠡ ᠶᠢᠨ ᠭᠤᠤᠯᠳᠠᠯᠭ᠎ᠠ ᠲᠠᠢ ᠬᠥᠭᠵᠢᠯᠲᠡ᠂ ᠠᠮᠢ ᠠᠬᠤᠶ ᠶᠢᠨ ᠴᠢᠳᠠᠮᠵᠢᠲᠤ ᠣᠷᠣᠨ ᠢ ᠭᠤᠤᠯᠳᠠᠯᠭ᠎ᠠ ᠲᠠᠢ ᠬᠠᠮᠠᠭᠠᠯᠠᠬᠤ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠤᠨ ︽ᠬᠥᠬᠡᠬᠤᠲᠠ ᠪᠤᠭᠤᠲᠤ ᠤᠷᠳᠤᠰ ᠣᠯᠠᠭᠠᠨᠴᠠᠪ ᠢ ᠨᠢᠭᠡ ᠴᠤᠬᠴᠠᠵᠢᠭᠤᠯᠬᠤ ᠶᠢ ᠲᠦᠷᠭᠡᠳᠬᠡᠨ ᠠᠬᠢᠭᠤᠯᠬᠤ︾ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ︾ ᠶᠢ ᠲᠣᠭᠲᠠᠭᠠᠨ ᠨᠡᠶᠢᠲᠡᠯᠡᠪᠡ᠃    ᠬᠤᠶᠠᠷ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠤᠯᠵᠢᠬᠤᠨ ᠢ ᠪᠦᠷᠢᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠳᠡᠯ ᠳᠤ ᠠᠭᠤᠰᠤᠯᠴᠠᠭᠤᠯᠬᠤ ᠮᠥᠷᠲᠡᠭᠡᠨ ᠦᠢᠯᠡᠴᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠢᠭᠡ ᠴᠣᠭᠴᠠᠵᠢᠭᠤᠯᠤᠨ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠨ᠂ ᠲᠤᠰ ᠲᠤᠰ ᠤᠨ ᠬᠠᠷᠢᠴᠠᠩᠭᠤᠢ ᠳᠠᠪᠠᠭᠤᠯᠢᠭ ᠲᠠᠯ᠎ᠠ ᠪᠠ ᠴᠢᠳᠠᠮᠵᠢ  ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠲᠠ ᠶᠢᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ᠂ ᠡᠬᠢ ᠪᠠᠶᠠᠯᠢᠭ ᠤᠨ ᠴᠢᠬᠤᠯᠠ ᠬᠦᠴᠦᠨ ᠵᠦᠶ᠋ᠯ ᠤᠨ ᠲᠣᠬᠢᠷᠠᠭᠤᠯᠤᠯᠲᠠ ᠪᠠ ᠦᠶ᠋ᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠭᠤᠯᠤᠯᠲᠠ  ᠶᠢ ᠰᠢᠯᠢᠳᠡᠭᠵᠢᠭᠦᠯᠬᠦ ᠪᠠᠷ ᠭᠤᠤᠯ ᠰᠢᠵᠢᠮ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠪᠠᠷ ᠬᠥᠲᠥᠯᠦᠮᠵᠢ᠂ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠭᠤᠯᠤᠯ ᠲᠣᠭᠲᠠᠴᠠ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠣᠷᠣᠨ ᠤ ᠲᠥᠪ ᠬᠥᠬᠡᠬᠤᠲᠠ ᠶᠢᠨ ᠳᠠᠭᠠᠭᠤᠯᠬᠤ ᠦᠶ᠋ᠯᠡᠳᠦᠯ ᠢ ᠴᠢᠩᠭᠠᠷᠠᠭᠤᠯᠤᠨ᠂ ᠪᠦᠬᠦ᠋ᠢᠯᠡ ᠣᠷᠣᠨ ᠪᠦᠰᠡ ᠶᠢᠨ ᠬᠠᠮᠵᠢᠯᠴᠠᠨ ᠬᠤᠯᠪᠣᠭᠠᠯᠠᠨ ᠬᠥᠭᠵᠢᠬᠦ ᠶᠢ ᠣᠳᠤᠷᠢᠳᠤᠨ ᠳᠠᠶᠢᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠯᠲᠡ᠂ ᠠᠵᠤ ᠦᠢᠯᠡᠰ ᠤᠨ ᠬᠠᠮᠵᠢᠯᠴᠠᠭ᠎ᠠ᠂ ᠰᠠᠭᠤᠷᠢ ᠪᠡᠯᠡᠳᠬᠡᠮᠵᠢ᠂ ᠠᠮᠢ ᠠᠬᠤᠶ ᠣᠷᠴᠢᠨ ᠲᠣᠭᠤᠷᠢᠨ᠂ ᠣᠯᠠᠨ ᠨᠡᠶᠢᠲᠡ ᠶᠢᠨ ᠦᠢᠯᠡᠴᠢᠯᠡᠭᠡ᠂ ᠨᠡᠭᠡᠭᠡᠯᠲᠡ ᠬᠢᠵᠦ ᠬᠠᠮᠲᠤᠷᠠᠯᠴᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠨᠢᠭᠡ ᠴᠣᠭᠴᠠᠵᠢᠭᠤᠯᠬᠤ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠤᠨ ᠬᠤᠪᠢᠶᠠᠷᠢᠯᠠᠯ ᠵᠣᠬᠢᠰᠲᠠᠶ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠥᠪᠡᠷᠮᠢᠴᠡ ᠣᠨᠴᠠᠯᠢᠭ ᠲᠠᠢ᠂ ᠣᠷᠣᠨ ᠲᠣᠭᠤᠷᠢᠭ ᠢ ᠨᠢᠭᠡ ᠴᠤᠭᠴᠠᠵᠢᠭᠤᠯᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠴᠢᠮ ᠲᠠᠢ ᠢᠳᠡᠪᠬᠢ ᠨᠡᠮᠡᠭᠳᠡᠯ ᠢ ᠳᠠᠶᠢᠴᠢᠯᠠᠬᠤ ᠲᠦᠢᠯ ᠢ ᠪᠣᠶ ᠪᠣᠯᠭᠠᠵᠤ᠂ ᠪᠦᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠵᠢᠯᠣᠭᠤᠳᠬᠤ ᠭᠤᠤᠯ ᠬᠥᠳᠡᠯᠭᠡᠬᠦ ᠬᠦᠴᠦᠨ ᠤ ᠡᠬᠢ ᠰᠤᠷᠪᠤᠯᠵᠢ ᠢ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠳᠤᠮᠳᠠ ᠪᠠᠷᠠᠭᠤᠨ ᠬᠡᠰᠡᠭ ᠤᠨ ᠴᠢᠬᠤᠯᠠ ᠨᠥᠯᠥᠭᠡᠯᠡᠬᠦ ᠬᠦᠴᠦᠨ ᠪᠦᠬᠦᠢ ᠬᠤᠲᠠ ᠶᠢᠨ ᠪᠥᠭᠡᠮᠨᠡᠷᠡᠯ ᠢ ᠪᠤᠶᠢᠵᠢᠭᠤᠯᠤᠨ᠎ᠠ᠃     ︵ᠬᠤᠶᠠᠷ︶ ᠦᠨᠳᠦᠰᠦᠨ ᠵᠠᠷᠴᠢᠮ     ᠥᠭᠡᠷᠡᠴᠢᠯᠡᠯᠲᠡ ᠨᠡᠭᠡᠭᠡᠯᠲᠡ ᠬᠢᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠎ᠠ︔ ᠵᠦᠶ ᠵᠣᠬᠢᠰᠲᠠᠶ ᠠᠵᠢᠯ ᠬᠤᠪᠢᠶᠠᠷᠢᠯᠠᠬᠤ᠂ ᠬᠠᠮᠲᠤ  ᠪᠠᠷ ᠪᠠᠶᠢᠭᠤᠯᠵᠤ ᠬᠠᠮᠲᠤ ᠪᠠᠷ ᠬᠦᠷᠲᠡᠬᠦ ᠶᠢ ᠪᠠᠷᠢᠮᠲᠠᠯᠠᠨ᠎ᠠ︔ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠎ᠠ︔ ᠨᠢᠭᠡᠳᠦᠯᠲᠡᠶ ᠲᠥᠯᠥᠪᠯᠡᠵᠦ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠎ᠠ᠃     ︵ᠭᠤᠷᠪᠠ︶ ᠬᠥᠭᠵᠢᠯᠲᠡ ᠶᠢᠨ ᠪᠠᠶᠢᠷᠢ ᠲᠣᠭᠲᠠᠭᠠᠯᠲᠠ    ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠣᠷᠣᠨ ᠪᠦᠰᠡ ᠶᠢᠨ ᠪᠠᠶᠢᠷᠢ ᠰᠠᠭᠤᠷᠢ᠂ ᠬᠥᠭᠵᠢᠯᠲᠡ ᠶᠢᠨ ᠳᠠᠪᠠᠭᠤᠯᠢᠭ ᠪᠠ ᠲᠡᠦᠬᠡᠲᠦ ᠡᠭᠦᠷᠭᠡ ᠶᠢ ᠦᠨᠳᠦᠰᠦᠯᠡᠨ᠂ ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ︽ᠭᠤᠷᠪᠠᠨ ᠣᠷᠣᠨ ᠨᠢᠭᠡ ᠬᠠᠯᠬᠠᠪᠴᠢ ᠨᠢᠭᠡ ᠬᠡᠪᠡᠯᠢ ᠭᠠᠵᠠᠷ︾ ᠶᠢ ᠲᠣᠭᠲᠠᠭᠠᠵᠠᠢ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠣᠷᠣᠨ᠂ ᠤᠶᠤᠨᠲᠤ ᠬᠤᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠬᠤᠰᠢᠭᠤᠴᠢ ᠣᠷᠣᠨ᠂ ᠨᠢᠭᠡ ᠴᠣᠭᠴᠠᠵᠢᠭᠰᠠᠨ ᠬᠥᠭᠵᠢᠯᠲᠡ ᠶᠢᠨ ᠬᠤᠰᠢᠭᠤᠴᠢ ᠣᠷᠣᠨ᠂ ᠬᠠᠲᠤᠨ ᠭᠤᠤᠯ ᠤᠨ ︽几︾ ᠬᠡᠯᠪᠡᠷᠢᠲᠦ ᠲᠣᠬᠤᠢ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ᠂ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠴᠢᠬᠤᠯᠠ ᠪᠠᠶᠢᠯᠳᠤᠬᠤ ᠪᠣᠳᠣᠯᠭ᠎ᠠ ᠶᠢᠨ ᠬᠡᠪᠡᠯᠢ ᠭᠠᠵᠠᠷ᠃    ︵ᠳᠥᠷᠪᠡ︶ ᠬᠥᠭᠵᠢᠯᠲᠡ ᠶᠢᠨ ᠬᠠᠷᠠᠯᠲᠠ    2025 ᠣᠨ ᠪᠣᠯᠬᠤ ᠳᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠦᠨᠡᠨ ᠬᠦ ᠠᠭᠢᠭᠤᠯᠵᠤ᠂ ᠦᠶ᠋ᠯᠡᠳᠪᠦᠷᠢᠯᠡᠯ ᠤᠨ ᠴᠢᠬᠤᠯᠠ ᠬᠦᠴᠦᠨ ᠵᠦᠢᠯ ᠤᠨ ᠴᠢᠯᠥᠭᠡᠲᠡᠶ ᠰᠢᠯᠵᠢᠬᠦ ᠶᠢ ᠬᠠᠷᠰᠢᠯᠠᠵᠤ ᠪᠦᠬᠦᠢ ᠵᠠᠰᠠᠭ ᠵᠠᠬᠢᠷᠭᠠᠨ ᠤ ᠬᠤᠷᠢᠭ᠎ᠠ ᠴᠠᠷᠠᠭ᠎ᠠ ᠪᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠦᠨᠳᠦᠰᠦᠨ ᠳᠤ ᠪᠠᠨ ᠠᠷᠢᠯᠭᠠᠵᠤ᠂ ᠬᠤᠲᠠ ᠶᠢᠨ ᠪᠥᠭᠡᠮᠨᠡᠷᠡᠯ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠨᠥᠯᠥᠭᠡᠯᠡᠨ ᠳᠠᠶᠢᠴᠢᠯᠠᠬᠤ ᠦᠶ᠋ᠯᠡᠳᠦᠯ ᠢ ᠢᠯᠡᠳᠲᠡ ᠴᠢᠩᠭᠠᠷᠠᠭᠤᠯᠵᠤ᠂ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢ ᠪᠤᠢ ᠪᠤᠯᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠬᠦ ᠪᠠᠷ ᠴᠢᠷᠮᠠᠶᠢᠵᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠦᠨ ᠠᠮᠠ ᠶᠢ 5% ᠣᠷᠴᠢᠮ ᠨᠡᠮᠡᠭᠳᠡᠭᠦᠯᠬᠦ ᠪᠠᠷ ᠵᠢᠱᠢᠵᠦ ᠪᠣᠶ᠃ 2035 ᠣᠨ ᠪᠣᠯᠬᠤ ᠳᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠦᠨᠳᠦᠰᠦᠨ ᠳᠤ ᠨᠢ ᠪᠦᠷᠢᠯᠳᠦᠭᠦᠯᠵᠦ᠂ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠢᠯᠡᠳᠲᠡ ᠴᠢᠩᠭᠠᠷᠠᠭᠤᠯᠤᠨ᠂ ᠣᠷᠣᠨ ᠵᠠᠶ ᠶᠢᠨ ᠪᠦᠲᠦᠴᠡ ᠲᠣᠳᠣᠷᠬᠠᠶ᠂ ᠬᠤᠲᠠ  ᠶᠢᠨ ᠴᠢᠳᠠᠮᠵᠢ ᠬᠠᠷᠢᠯᠴᠠᠨ ᠨᠥᠬᠦᠪᠥᠷᠢᠯᠡᠭᠰᠡᠨ᠂ ᠬᠦᠴᠦᠨ ᠵᠦᠶ᠋ᠯ ᠤᠨ ᠰᠢᠯᠵᠢᠯᠲᠡ ᠡᠮᠬᠢ ᠵᠢᠷᠤᠮ ᠲᠠᠢ᠂ ᠠᠵᠤ ᠦᠶ᠋ᠯᠡᠰ ᠤᠨ ᠠᠵᠢᠯ ᠤᠨ ᠬᠤᠪᠢᠶᠠᠷᠢᠯᠠᠯ ᠵᠣᠬᠢᠴᠠᠩᠭᠤᠶ᠂ ᠵᠠᠮ ᠬᠠᠷᠢᠯᠴᠠᠭ᠎ᠠ ᠰᠢᠯᠤᠭᠤᠨ᠂ ᠣᠯᠠᠨ ᠨᠡᠶᠢᠲᠡ ᠶᠢᠨ ᠦᠶ᠋ᠯᠡᠴᠢᠯᠡᠭᠡ ᠲᠡᠩᠴᠡᠭᠦᠷᠢᠲᠡᠶ᠂ ᠠᠮᠢ ᠠᠬᠤᠶ ᠣᠷᠴᠢᠨ ᠲᠣᠭᠤᠷᠢᠨ ᠰᠠᠶᠢᠨ ᠬᠠᠲᠤᠨ ᠭᠤᠤᠯ ᠤᠨ ᠳᠤᠮᠳᠠ ᠳᠡᠭᠡᠳᠦ ᠤᠷᠤᠰᠬᠠᠯ ᠤᠨ ᠬᠠᠮᠤᠭ ᠤᠨ ᠴᠢᠬᠤᠯᠠ ᠣᠳᠣᠬᠢᠴᠢᠯᠠᠭᠰᠠᠨ ᠬᠤᠲᠠ ᠶᠢᠨ ᠪᠥᠭᠡᠮᠨᠡᠷᠡᠯ ᠢ ᠦᠨᠳᠦᠰᠦᠨ ᠳᠤ ᠪᠠᠨ ᠪᠠᠶᠢᠭᠤᠯᠤᠨ᠎ᠠ᠃     ᠭᠤᠷᠪᠠ᠂ ᠭᠤᠣᠯ ᠠᠭᠤᠯᠭ᠎ᠠ    ︵ᠨᠢᠭᠡ︶ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ     ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠳᠤ ᠰᠠᠭᠤᠷᠢᠯᠠᠨ᠂ ᠠᠮᠢ ᠠᠬᠤᠶ ᠣᠷᠴᠢᠨ ᠲᠣᠭᠤᠷᠢᠨ᠂ ᠤᠰᠤᠨ ᠤ ᠡᠬᠢ ᠪᠠᠶᠠᠯᠢᠭ ᠵᠡᠷᠭᠡ ᠬᠢᠵᠠᠭᠠᠷᠯᠠᠯ ᠪᠠ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠤᠲᠠ ᠶᠢᠨ ᠪᠥᠭᠡᠮᠨᠡᠷᠡᠯ ᠤᠨ ᠳᠣᠲᠣᠭᠠᠳᠤ ᠣᠷᠣᠨ ᠵᠠᠶ ᠶᠢᠨ ᠪᠦᠲᠦᠴᠡ ᠶᠢ ᠰᠢᠯᠢᠳᠡᠭᠵᠢᠭᠦᠯᠦᠨ᠂ ᠳᠥᠷᠪᠡᠨ ᠲᠥᠪ ᠳᠠᠶᠢᠴᠢᠯᠠᠭᠰᠠᠨ᠂ ᠭᠤᠷᠪᠠᠨ ᠱᠠᠲᠤ ᠳᠠᠪᠬᠤᠷᠭ᠎ᠠ ᠬᠠᠮᠲᠤᠷᠠᠨ ᠠᠵᠢᠯᠯᠠᠭᠰᠠᠨ᠂ ᠣᠯᠠᠨ ᠵᠠᠩᠭᠢᠯᠠᠭ᠎ᠠ ᠴᠡᠭ ᠬᠠᠷᠢᠯᠴᠠᠨ ᠬᠥᠳᠡᠯᠦᠯᠴᠡᠭᠰᠡᠨ ᠲᠣᠤᠷ ᠰᠦᠯᠵᠢᠶᠡᠨ ᠤ ᠬᠡᠯᠪᠡᠷᠢᠲᠦ ᠬᠤᠲᠠ ᠶᠢᠨ ᠪᠥᠭᠡᠮᠨᠡᠷᠡᠯ ᠤᠨ ᠪᠦᠲᠦᠴᠡ ᠶᠢ ᠪᠠᠶᠢᠭᠤᠯᠵᠤ᠂ ᠨᠢᠭᠲᠠᠷᠠᠴᠠ ᠲᠡᠩᠴᠡᠭᠦᠨ᠂ ᠡᠷᠴᠢᠮᠯᠢᠭ ᠪᠥᠭᠡᠳ ᠥᠨᠳᠥᠷ ᠪᠦᠲᠦᠮᠵᠢᠲᠦ ᠣᠷᠣᠨ ᠵᠠᠶ ᠶᠢᠨ ᠪᠠᠶᠢᠷᠢᠰᠢᠯ ᠢ ᠪᠣᠶ ᠪᠣᠯᠭᠠᠬᠤ  ᠶᠢ ᠠᠬᠢᠭᠤᠯᠤᠨ᠎ᠠ᠃ ᠳᠥᠷᠪᠡᠨ ᠬᠤᠲᠠ ᠶᠢᠨ ᠣᠨᠴᠠᠯᠢᠭᠲᠤ ᠡᠬᠢ ᠪᠠᠶᠠᠯᠢᠭ ᠪᠠ ᠠᠵᠤ ᠦᠢᠯᠡᠰ ᠤᠨ ᠰᠠᠭᠤᠷᠢ ᠶᠢ ᠦᠨᠳᠦᠰᠦᠯᠡᠨ᠂ ᠳᠥᠷᠪᠡᠨ ᠬᠤᠲᠠ ᠶᠢᠨ ᠴᠢᠳᠠᠮᠵᠢ  ᠶᠢᠨ ᠪᠠᠶᠢᠷᠢᠰᠢᠭᠤᠯᠤᠯᠲᠠ ᠪᠠ ᠣᠷᠣᠨ ᠵᠠᠶ ᠶᠢᠨ ᠪᠦᠲᠦᠴᠡ ᠶᠢ ᠰᠢᠯᠢᠳᠡᠭᠵᠢᠭᠦᠯᠬᠦ᠂ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠪᠠᠶᠢᠷᠢ ᠰᠣᠯᠪᠢᠴᠠᠭᠤᠯᠤᠨ ᠬᠥᠭᠵᠢᠭᠦᠯᠬᠦ ᠶᠢ ᠲᠣᠳᠣᠷᠬᠠᠶ ᠪᠣᠯᠭᠠᠨ᠂ ᠬᠥᠬᠡᠬᠤᠲᠠ ᠶᠢᠨ ᠦᠶ᠋ᠯᠡᠴᠢᠯᠡᠭᠡᠨ ᠤ ᠴᠢᠳᠠᠮᠵᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠬᠦ᠂ ᠪᠤᠭᠤᠲᠤ ᠬᠤᠲᠠ ᠶᠢᠨ ᠦᠶ᠋ᠯᠡᠳᠬᠦ ᠦᠶ᠋ᠯᠡᠰ ᠤᠨ ᠨᠥᠯᠥᠭᠡᠯᠡᠬᠦ ᠴᠢᠳᠠᠮᠵᠢ ᠶᠢ ᠭᠤᠤᠯᠳᠠᠯᠭ᠎ᠠ ᠲᠠᠢ ᠪᠠᠳᠠᠷᠠᠭᠤᠯᠬᠤ᠂ ᠣᠷᠳᠣᠰ ᠬᠤᠲᠠ ᠶᠢᠨ ᠣᠲᠣ ᠦᠶ᠎ᠡ ᠶᠢᠨ ᠡᠨᠧᠷᠭᠢ ᠶᠢᠨ ᠬᠠᠩᠭᠠᠯᠭ᠎ᠠ ᠶᠢᠨ ᠴᠢᠳᠠᠮᠵᠢ ᠶᠢ ᠭᠤᠤᠯᠳᠠᠯᠭ᠎ᠠ ᠲᠠᠢ ᠰᠢᠯᠢᠳᠡᠭᠵᠢᠭᠦᠯᠬᠦ᠂ ᠤᠯᠠᠭᠠᠨᠴᠠᠪ ᠬᠤᠲᠠ ᠶᠢᠨ ᠬᠦᠶ᠋ᠰᠦ ᠠᠵᠤ ᠠᠬᠤᠶ ᠶᠢᠨ ᠲᠥᠪᠯᠡᠷᠡᠭᠦᠯᠬᠦ ᠴᠢᠳᠠᠮᠵᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠬᠦ ᠳᠤ ᠳᠡᠮᠵᠢᠯᠭᠡ ᠦᠵᠡᠭᠦᠯᠦᠨ᠎ᠡ᠃    ︵ᠬᠤᠶᠠᠷ︶ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠬᠠᠮᠵᠢᠯᠴᠠᠨ ᠪᠠᠶᠢᠭᠤᠯᠤᠨ᠎ᠠ     ᠣᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠦᠴᠦᠲᠡᠢ ᠥᠷᠨᠢᠭᠦᠯᠵᠦ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠰᠢᠨ᠎ᠡ ᠶᠢ ᠡᠭᠦᠳᠬᠦ ᠴᠢᠬᠤᠯᠠ ᠬᠦᠴᠦᠨ ᠵᠦᠢᠯ ᠤᠨ ᠵᠦᠢ ᠵᠣᠬᠢᠰᠲᠠᠶ ᠰᠢᠯᠵᠢᠯᠲᠡ ᠪᠠ ᠥᠨᠳᠥᠷ ᠦᠷ᠎ᠡ ᠪᠦᠲᠦᠮᠵᠢᠲᠡᠶ ᠨᠡᠶᠢᠯᠡᠯ ᠢ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠶᠢ ᠰᠢᠪᠲᠤᠯᠬᠤ ᠪᠠᠷ ᠬᠠᠮᠲᠤᠷᠠᠨ ᠬᠦᠳᠡᠯᠦᠯᠴᠡᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠠᠮᠲᠤ ᠶᠢᠨ ᠴᠣᠭᠴᠠ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠬᠦᠴᠦ ᠪᠠᠨ ᠬᠠᠮᠲᠤᠳᠬᠠᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃     ︵ᠭᠤᠷᠪᠠ︶ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠠᠮᠲᠤᠷᠠᠨ ᠪᠠᠶᠢᠭᠤᠯᠤᠨ᠎ᠠ     ᠳᠥᠷᠪᠡᠨ ᠬᠤᠲᠠ ᠶᠢᠨ ᠲᠤᠰ ᠪᠦᠷᠢ ᠶᠢᠨ ᠭᠢᠨᠢ ᠳᠠᠪᠠᠭᠤᠯᠢᠭ ᠢ ᠪᠠᠳᠠᠷᠠᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠠᠵᠤ ᠦᠢᠯᠡᠰ ᠤᠨ ᠵᠦᠢ ᠵᠣᠬᠢᠰᠲᠠᠢ ᠲᠠᠷᠬᠠᠯᠲᠠ ᠪᠠ ᠳᠡᠭᠡᠳᠦ ᠳᠣᠣᠷᠠᠳᠤ ᠤᠷᠤᠰᠬᠠᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠬᠠᠮᠵᠢᠯᠴᠠᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠵᠦ᠂ ᠲᠣᠭᠲᠠᠪᠤᠷᠢᠵᠢᠭᠤᠯᠵᠤ᠂ ᠳᠡᠭᠡᠭᠰᠢᠯᠡᠭᠦᠯᠵᠦ᠂ ᠨᠥᠬᠦᠴᠡᠯ ᠪᠦᠷᠢᠳᠦᠭᠰᠡᠨ ᠠᠵᠤ ᠦᠢᠯᠡᠰ ᠢ ᠪᠥᠭᠡᠮᠨᠡᠷᠡᠭᠦᠯᠦᠨ ᠭᠦᠭᠵᠢᠭᠦᠯᠬᠦ ᠶᠢ ᠠᠬᠢᠭᠤᠯᠵᠤ᠂ ᠥᠨᠳᠥᠷ ᠪᠦᠲᠦᠮᠵᠢᠲᠡᠢ ᠪᠠᠷ ᠠᠵᠢᠯ ᠬᠤᠪᠢᠶᠠᠷᠢᠯᠠᠬᠤ᠂ ᠰᠣᠯᠪᠢᠴᠠᠭᠤᠯᠤᠨ ᠬᠥᠭᠵᠢᠭᠦᠯᠬᠦ᠂ ᠡᠮᠬᠢ ᠵᠢᠷᠤᠮ ᠲᠠᠢ ᠥᠷᠢᠰᠦᠯᠳᠦᠬᠦ᠂ ᠬᠠᠷᠢᠯᠴᠠᠨ ᠠᠭᠤᠰᠤᠯᠴᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃     ︵ᠳᠥᠷᠪᠡ︶ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ     ᠳᠣᠲᠣᠭᠠᠳᠤ ᠳᠤ ᠪᠠᠨ ᠬᠤᠯᠪᠣᠭᠠᠯᠠᠨ ᠭᠠᠳᠠᠭᠰᠢ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠤᠯᠠᠮᠵᠢᠯᠠᠯᠲᠤ ᠪᠠ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢ ᠲᠦᠷᠭᠡᠪᠴᠢᠯᠡᠨ ᠪᠦᠷᠢᠨᠰᠢᠭᠦᠯᠵᠦ᠂ ᠪᠠᠶᠢᠷᠢᠰᠢᠯ ᠵᠦᠢ ᠵᠣᠬᠢᠰᠲᠠᠢ᠂ ᠴᠢᠳᠠᠮᠵᠢ ᠪᠦᠷᠢᠨ ᠲᠡᠭᠦᠯᠳᠡᠷ᠂ ᠠᠮᠤᠷ ᠲᠦᠪᠰᠢᠨ ᠮᠥᠷᠲᠡᠭᠡᠨ ᠥᠨᠳᠥᠷ ᠪᠦᠲᠦᠮᠵᠢᠲᠡᠢ᠂ ᠰᠢᠯᠢᠳᠡᠭ ᠦᠢᠯᠡᠴᠢᠯᠡᠭᠡ ᠲᠠᠢ ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠪᠠᠶᠢᠭᠤᠯᠵᠤ᠂ ᠬᠥᠮᠦᠨ ᠤ ᠶᠠᠪᠤᠯᠴᠠᠭ᠎ᠠ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡᠨ ᠤ ᠴᠢᠯᠥᠭᠡᠲᠡᠢ ᠪᠥᠭᠡᠳ ᠳᠥᠭᠦᠮ ᠳᠥᠲᠡ ᠰᠢᠯᠵᠢᠯᠲᠡ ᠶᠢ ᠠᠬᠢᠭᠤᠯᠵᠤ᠂ ᠨᠢᠭᠡ ᠴᠤᠭᠴᠠᠵᠢᠭᠰᠠᠨ ᠬᠥᠭᠵᠢᠯᠲᠡ ᠶᠢᠨ ᠲᠤᠯᠭᠠᠭᠤᠷᠢᠯᠠᠬᠤ ᠪᠠᠲᠤᠯᠠᠭ᠎ᠠ ᠶᠢ ᠴᠢᠩᠭᠠᠳᠬᠠᠨ᠎ᠠ᠃     ︵ᠲᠠᠪᠤ︶ ᠬᠠᠲᠤᠨ ᠭᠤᠤᠯ ᠤᠨ ︽几︾ ᠬᠡᠯᠪᠡᠷᠢᠲᠦ ᠲᠣᠬᠤᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠨ᠎ᠠ      ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠤᠰᠤ ᠮᠥᠨ ᠭᠡᠬᠦ ᠣᠨᠤᠯᠵᠢᠬᠤᠨ ᠢ ᠪᠠᠲᠤ ᠪᠤᠢ ᠪᠣᠯᠭᠠᠵᠤ᠂ ᠬᠠᠳᠤᠨ ᠭᠤᠣᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠳᠡᠭᠡᠳᠦ ᠲᠤᠤᠷᠠᠳᠤ ᠤᠷᠤᠰᠬᠠᠯ᠂ ᠭᠤᠣᠯ ᠤᠷᠤᠰᠬᠠᠯ ᠰᠠᠯᠪᠤᠷᠢ ᠤᠷᠤᠰᠬᠠᠯ ᠂ ᠵᠡᠭᠦᠨ ᠪᠠᠷᠠᠭᠤᠨ ᠡᠷᠭᠢ  ᠶᠢ ᠬᠠᠮᠠᠭᠠᠯᠠᠬᠤ ᠪᠠ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ  ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠵᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠷᠢᠰᠢᠯ ᠢ ᠪᠦᠷᠢᠯᠳᠦᠭᠦᠯᠦᠨ᠎ᠡ᠃     ︵ᠵᠢᠷᠭᠤᠭ᠎ᠠ︶ ᠣᠯᠠᠨ ᠨᠡᠶᠢᠲᠡ ᠶᠢᠨ ᠦᠢᠯᠡᠶᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠭᠥᠷᠳᠡᠬᠦ ᠶᠢ ᠲᠦᠷᠭᠡᠳᠬᠡᠨ᠎ᠡ     ᠣᠯᠠᠨ ᠨᠡᠶᠢᠲᠡ ᠶᠢᠨ ᠦᠢᠯᠡᠴᠢᠯᠡᠭᠡ  ᠶᠢ ᠲᠡᠩᠴᠡᠭᠦᠷᠢᠲᠡᠶ ᠪᠥᠭᠡᠳ ᠲᠥᠭᠡᠮᠡᠯ ᠬᠠᠷᠠᠭᠠᠯᠵᠠᠬᠤ᠂ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠠᠷᠠᠳ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠵᠣᠪᠠᠨᠢᠯ ᠢ ᠢᠯᠡᠭᠦᠬᠡᠨ ᠰᠢᠶ᠋ᠳᠪᠦᠷᠢᠯᠡᠵᠦ᠂ ᠨᠢᠭᠡ ᠴᠣᠭᠴᠠᠵᠢᠭᠤᠯᠬᠤ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠳᠤ ᠳᠤᠲᠠᠭᠰᠠᠨ ᠢ ᠨᠥᠬᠦᠪᠥᠷᠢᠯᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠤᠷᠢᠭ᠎ᠠ ᠴᠠᠷᠠᠭ᠎ᠠ ᠶᠢ ᠡᠪᠳᠡᠵᠦ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠤᠲᠠ ᠶᠢᠨ ᠵᠥᠷᠢᠶ᠎ᠡ ᠶᠢ ᠬᠦᠴᠦᠯᠡᠨ ᠪᠠᠭᠠᠰᠬᠠᠵᠤ᠂ ᠣᠯᠠᠨ ᠨᠡᠶᠢᠲᠡ ᠶᠢᠨ ᠦᠶ᠋ᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠭᠥᠷᠳᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃    ︵ᠳᠣᠯᠤᠭ᠎ᠠ︶ ᠳᠣᠲᠣᠭᠠᠳᠤ ᠬᠠᠭᠤᠷᠠᠶ ᠶᠢᠨ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠢ ᠬᠠᠮᠲᠤ ᠪᠠᠷ ᠴᠣᠭᠴᠠᠯᠠᠨ᠎ᠠ    ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠪᠠᠷᠢᠮᠵᠢᠶ᠎ᠠ ᠪᠠᠷ ᠪᠠᠷᠢᠮᠵᠢᠶᠠᠯᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ ᠭᠠᠵᠠᠷ ᠣᠷᠣᠨ ᠤ ᠬᠡᠰᠡᠭᠯᠡᠯ ᠪᠠ ᠵᠠᠰᠠᠭ ᠵᠠᠬᠢᠷᠭᠠᠨ ᠤ ᠬᠤᠷᠢᠭ᠎ᠠ ᠴᠠᠷᠠᠭ᠎ᠠ ᠶᠢ ᠡᠪᠳᠡᠵᠦ᠂ ᠲᠦᠷᠢᠮ ᠢ ᠨᠢᠭᠡᠳᠦᠯᠲᠡᠶ ᠨᠡᠭᠡᠭᠡᠯᠲᠡ ᠲᠠᠢ ᠪᠠᠶᠢᠬᠤ᠂ ᠪᠠᠷᠢᠮᠵᠢᠶ᠎ᠠ ᠶᠢ ᠬᠠᠷᠢᠯᠴᠠᠨ ᠮᠡᠳᠡᠷᠡᠬᠦ᠂ ᠴᠢᠬᠤᠯᠠ ᠬᠦᠴᠦᠨ ᠵᠦᠢᠯ ᠢ ᠴᠢᠯᠥᠭᠡᠲᠡᠶ ᠰᠢᠯᠵᠢᠭᠦᠯᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ᠂ ᠨᠠᠩ ᠥᠨᠳᠥᠷ ᠲᠦᠪᠰᠢᠨ ᠪᠥᠬᠦᠶ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠵᠠᠬ᠎ᠠ ᠳᠡᠯᠭᠡᠭᠦᠷ ᠲᠤ ᠪᠥᠬᠦ ᠲᠠᠯ᠎ᠠ ᠪᠠᠷ ᠠᠭᠤᠰᠤᠯᠴᠠᠭᠤᠯᠵᠤ᠂ ᠪᠥᠬᠦ ᠣᠷᠣᠨ ᠤ ᠥᠭᠡᠷᠡᠴᠢᠯᠡᠯᠲᠡ ᠨᠡᠭᠡᠭᠡᠯᠲᠡ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠶ᠋ᠯᠡᠳᠦᠯ ᠢ ᠪᠠᠳᠠᠷᠠᠭᠤᠯᠤᠨ᠎ᠠ᠃     ᠳᠥᠷᠪᠡ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ    ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ  ᠶᠢ ᠴᠢᠩᠭᠠᠳᠬᠠᠬᠤ᠂ ᠨᠠᠩ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠵᠡᠷᠭᠡ ᠳᠥᠷᠪᠡᠨ ᠲᠠᠯ᠎ᠠ ᠪᠠᠷ ᠳᠠᠮᠵᠢᠭᠤᠯᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ  ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠥᠯᠥᠪᠵᠢᠭᠦᠯᠭᠡ ᠶᠢᠨ ᠭᠤᠤᠯ ᠬᠠᠷᠠᠯᠲᠠ ᠪᠠ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ​