ᠳᠠᠯᠠᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2021/12/1
    ᠨᠢᠭᠡ᠂ ᠤᠳᠤᠷᠢᠳᠬᠤ ᠪᠠᠭ᠄     ᠸᠠᠩ ᠬᠠᠢ ᠹᠧᠩ   ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠬᠡᠷ ᠤᠨ ᠡᠷᠬᠢᠯᠡᠭᠴᠢ     ᠵᠠᠩ ᠶᠦᠩ ᠫᠢᠩ  ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠬᠡᠷ ᠤᠨ ᠳᠡᠳ᠋ ᠡᠷᠬᠢᠯᠡᠭᠴᠢ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠳᠦᠪ ᠤᠨ ᠡᠷᠬᠢᠯᠡᠭᠴᠢ   ᠸᠠᠩ ᠹᠧᠩ   ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠬᠡᠷ ᠤᠨ ᠳᠡᠳ᠋ ᠡᠷᠬᠢᠯᠡᠭᠴᠢ   ᠰᠦᠨ ᠯᠢᠶᠠᠨ  ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠤᠷᠳᠤᠨ ᠤ ᠠᠯᠪᠠᠨ ᠭᠡᠷ ᠲᠤ ᠲᠤᠮᠢᠯᠠᠵᠤ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ   ᠵᠢᠶᠠ ᠫᠸᠢ ᠴᠢᠶᠠᠩ   ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ    ᠸᠠᠩ ᠴᠧᠨ ᠭᠠᠩ   ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠬᠡᠷ ᠤᠨ ᠳᠡᠳ᠋ ᠡᠷᠬᠢᠯᠡᠭᠴᠢ    ᠵᠠᠩ ᠰᠢᠶᠤᠤ ᠶᠦᠨ   ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠳᠦᠪ ᠤᠨ ᠳᠡᠳ᠋ ᠡᠷᠬᠢᠯᠡᠭᠴᠢ     ᠶᠤᠸᠠᠢ ᠪᠥᠸᠧ   ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠳᠦᠪ ᠤᠨ ᠳᠡᠳ᠋ ᠡᠷᠬᠢᠯᠡᠭᠴᠢ     ᠬᠤᠶᠠᠷ᠂ ᠭᠤᠣᠯ  ᠳᠤᠰᠢᠶᠠᠯ ᠬᠠᠷᠢᠭᠤᠴᠠᠯᠭ᠎ᠠ᠄     ︵ᠨᠢᠭᠡ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠪᠥᠬᠦ ᠬᠤᠰᠢᠭᠤᠨ ᠤ ᠠᠵᠢᠯ ᠤᠨ ᠪᠠᠶᠢᠳᠠᠯ ᠢ ᠣᠶᠢᠯᠭᠠᠨ ᠡᠵᠡᠮᠰᠢᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠂ ᠨᠢᠭᠡᠴᠡ ᠶᠢᠨ ᠬᠤᠭᠤᠷᠣᠨᠳᠣᠬᠢ ᠮᠠᠷᠭᠤᠭᠠᠨ ᠲᠠᠢ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃    ︵ᠬᠤᠶᠠᠷ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂  ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃    ︵ᠭᠤᠷᠪᠠ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠢᠶᠠᠷ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃   ︵ᠳᠥᠷᠪᠡ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ  ᠪᠠᠶᠢᠭᠤᠯᠬᠤ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ ᠤᠨ ᠴᠢᠬᠤᠯᠠ ᠠᠵᠢᠯᠯᠠᠭ᠎ᠠ ᠶᠢ ᠳᠤᠬᠢᠷᠠᠭᠤᠯᠬᠤ ᠶᠢ ᠬᠠᠷᠢᠭᠤᠴᠠᠨ᠎ᠠ᠃     ︵ᠲᠠᠪᠤ︶ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ ᠪᠣᠯᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯ ᠢ ᠬᠢᠨᠠᠨ ᠬᠠᠷᠭᠤᠭᠤᠯᠬᠤ ᠶᠢ ᠬᠠᠷᠢᠭᠤᠴᠠᠵᠦ᠂ ᠬᠦᠢᠴᠡᠳᠬᠡᠬᠦ ᠰᠠᠨᠠᠯ ᠳᠤᠷᠠᠳᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠦᠪᠰᠢᠶᠡᠷᠡᠭᠦᠯᠬᠦ ᠶᠢ ᠬᠠᠷᠢᠭᠤᠴᠠᠨ᠎ᠠ᠃     ︵ᠵᠢᠷᠭᠤᠭ᠎ᠠ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠰᠢᠢᠳᠪᠤᠷᠢᠯᠡᠬᠦ ᠠᠵᠢᠯ ᠢ ᠬᠠᠷᠢᠭᠤᠴᠠᠵᠤ᠂ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠬᠠᠭᠠᠨᠨ ᠶᠠᠪᠤᠭᠤᠯᠬᠤ ᠭᠡᠵᠦ ᠪᠠᠶᠢᠭ᠎ᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃    ︵ᠳᠣᠯᠤᠭ᠎ᠠ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠦᠨ᠎ᠡ᠃     ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ  ᠰᠢᠢᠳᠪᠤᠷᠢᠳᠦ ᠪᠣᠳᠣᠯᠭ᠎ᠠ ᠲᠣᠭᠲᠠᠭᠠᠬᠤ ᠳᠤ  ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ᠃     ︵ᠶᠢᠰᠦ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠣᠷᠴᠢᠭᠤᠯᠭ᠎ᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠤᠯᠤᠨ ᠮᠣᠩᠭᠤᠯ ᠬᠡᠯᠡᠨ ᠤ  ᠫᠤᠷᠲ᠋ᠧᠯ  ᠰᠦᠯᠵᠢᠶᠡᠨ ᠤ  ᠪᠦᠳᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃     ︵ᠠᠷᠪᠠ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ  ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠬᠤ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠨ᠎ᠡ᠃     ︵ᠠᠷᠪᠠᠨ ᠨᠢᠭᠡ︶ ᠠᠵᠤ ᠠᠬᠤᠶ ᠶᠢᠨ ᠠᠮᠢ ᠠᠬᠤᠶ ᠶᠢᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠠᠵᠤ ᠠᠬᠤᠶ ᠠᠮᠢ ᠠᠬᠤᠶ ᠶᠢᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠬᠤᠰᠢᠭᠤᠨ ᠤ ᠠᠵᠤ ᠠᠬᠤᠶ ᠶᠢᠨ ᠠᠮᠢ ᠠᠬᠤᠶ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠨ  ᠵᠢᠱᠢᠯᠳᠡ  ᠪᠠ  ᠱᠠᠭᠠᠷᠳᠠᠨ ᠪᠠᠶᠢᠴᠠᠭᠠᠯᠲᠠ ᠬᠢᠨ᠎ᠠ᠃    ︵ᠠᠷᠪᠠᠨ ᠬᠤᠶᠠᠷ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷᠯᠡᠬᠦ ᠠᠵᠢᠯ ᠢ ᠬᠠᠷᠢᠭᠤᠴᠠᠵᠤ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠪᠠ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠱᠠᠭᠠᠷᠳᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠢᠵᠢᠭᠦᠷᠯᠡᠬᠦ ᠠᠵᠢᠯ ᠢ ᠵᠢᠯᠣᠭᠤᠳᠤᠨ᠎ᠠ᠃    ︵ᠠᠷᠪᠠᠨ ᠭᠤᠷᠪᠠ︶ ᠬᠤᠰᠢᠭᠤᠨ  ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ  ᠱᠠᠭᠠᠷᠳᠠᠨ  ᠵᠢᠯᠤᠭᠤᠳᠴᠤ ᠪᠠᠶᠢᠴᠠᠭᠠᠨ᠎ᠠ᠃     ︵ᠠᠷᠪᠠᠨ ᠳᠥᠷᠪᠡ︶ ᠬᠤᠰᠢᠭᠤᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢ ᠬᠠᠮᠢᠶᠠᠷᠤᠨ᠎ᠠ᠃     ︵ᠠᠷᠪᠠᠨ ᠲᠠᠪᠤ︶ ᠭᠠᠳᠠᠭᠠᠳᠤ ᠶᠠᠪᠤᠳᠠᠯ ᠤᠨ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ ᠬᠢᠬᠡᠳ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠳᠠᠭᠠᠳᠤ ᠳᠤ ᠬᠤᠯᠪᠣᠭᠳᠠᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃     ︵ᠠᠷᠪᠠᠨ ᠵᠢᠷᠭᠤᠭ᠎ᠠ︶ ᠮᠥᠩᠭᠦᠨ ᠭᠦᠶ᠋ᠯᠭᠡᠭᠡᠨ ᠤ ᠠᠵᠢᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠰᠢᠭᠤᠨ ᠤ ᠮᠥᠩᠭᠦᠨ  ᠭᠦᠢᠯᠭᠡᠭᠡᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃     ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠭᠤᠷᠪᠠ᠂ ᠳᠣᠲᠣᠭᠠᠳᠤ ᠪᠠᠶᠢᠭᠤᠯᠤᠮᠵᠢ᠄     ︵ᠨᠢᠭᠡ︶ ᠶᠡᠷᠦᠩᠬᠡᠶᠢᠯᠡᠭᠰᠡᠨ ᠲᠠᠰᠤᠭ ︵ᠮᠡᠳᠡᠭᠡ ᠵᠠᠩᠭᠢ ᠶᠢᠨ ᠪᠠᠶᠢᠴᠠᠭᠠᠨ ᠰᠤᠳᠤᠯᠬᠤ ᠲᠠᠰᠤᠭ︶     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠴᠢᠨᠠᠷᠲᠠᠶ ᠬᠤᠷᠠᠯ ᠤᠨ ᠮᠠᠲ᠋ᠧᠷᠢᠶᠠᠯ ᠬᠢᠭᠡᠳ ᠪᠤᠰᠤᠳ ᠥᠰᠥᠭ ᠪᠢᠴᠢᠭ ᠤᠨ ᠮᠠᠲ᠋ᠧᠷᠢᠶᠠᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠡᠯ᠎ᠡ ᠲᠥᠷᠥᠯ ᠤᠨ ᠡᠬᠡ ᠪᠢᠴᠢᠭ ᠢ ᠲᠤᠭᠤᠷᠪᠢᠬᠤ ᠶᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠥᠯᠥᠪᠯᠡᠭᠡ᠂ ᠳ᠋ᠦᠩᠨᠡᠯᠲᠡ ᠬᠢᠬᠡᠳ ᠪᠤᠰᠤᠳ ᠶᠡᠷᠦᠩᠬᠡᠶᠢᠯᠡᠭᠰᠡᠨ ᠴᠢᠨᠠᠷᠲᠠᠶ᠂ ᠲᠤᠰᠬᠠᠶ ᠰᠡᠳᠦᠪᠲᠦ ᠴᠢᠨᠠᠷᠲᠠᠶ  ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠳᠦᠷ ᠲᠤᠲᠤᠮ ᠤᠨ ᠡᠷᠬᠢᠯᠳᠡ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯ ᠤᠨ ᠳ᠋ᠦᠩᠨᠡᠯᠲᠡ᠂ ᠠᠵᠢᠯ ᠤᠨ ᠭᠤᠤᠯᠳᠠᠯᠭ᠎ᠠ ᠵᠡᠷᠭᠡ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠢ ᠲᠤᠭᠤᠷᠪᠢᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠬᠤᠯᠠ ᠶᠡᠭᠡ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠮᠬᠢᠯᠡᠵᠦ ᠰᠤᠳᠤᠯᠬᠤ ᠠᠵᠢᠯ ᠢ ᠬᠠᠷᠢᠭᠤᠴᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠰᠢᠢᠳᠪᠤᠷᠢᠳᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠪᠠ ᠯᠠᠪᠯᠠᠯᠲᠠ ᠬᠠᠩᠭᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠰᠢᠢᠳᠪᠤᠷᠢᠳᠤ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠵᠤ ᠪᠣᠯᠬᠤ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠵᠡᠷᠭᠡ ᠡᠯ᠎ᠡ ᠲᠥᠷᠥᠯ ᠤᠨ ᠴᠢᠬᠤᠯᠠ ᠮᠡᠳᠡᠭᠡ ᠵᠠᠩᠭᠢ ᠪᠠ ᠬᠥᠳᠡᠯᠦᠯ ᠪᠠᠶᠢᠳᠠᠯ ᠢ ᠴᠤᠭᠯᠠᠭᠤᠯᠤᠨ ᠡᠮᠬᠢᠳᠬᠡᠬᠦ ᠶᠢ ᠬᠠᠷᠢᠭᠤᠴᠠᠨ᠎ᠠ᠃     ᠬᠤᠰᠢᠭᠤᠨ ᠳᠠᠷᠤᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠶᠢ ᠵᠣᠬᠢᠴᠠᠭᠤᠯᠤᠨ ᠬᠠᠷᠢᠯᠴᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠢᠴᠢ ᠬᠠᠮᠢᠶ᠎ᠠ ᠪᠥᠬᠦᠶ  ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃     ᠪᠥᠬᠦ ᠬᠤᠰᠢᠭᠤᠨ ᠤ ᠡᠯ᠎ᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠰᠠᠯᠠᠭ᠎ᠠ ᠮᠥᠴᠢᠷ ᠲᠠᠢ ᠬᠠᠷᠢᠯᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠨ ᠨᠠᠶᠢᠷᠠᠭᠤᠯᠬᠤ᠂ ᠮᠡᠳᠡᠭᠦᠯᠦᠨ ᠬᠦᠷᠭᠡᠬᠦ᠂ ᠳᠠᠮᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠲᠣᠰ ᠱᠠᠲᠤᠨ ᠤ ᠰᠡᠳᠬᠦᠯ ︽ᠲᠡᠯᠡᠳ ᠤᠨ ᠤᠯᠤᠰ ᠲᠥᠷᠥ ᠶᠢᠨ ᠮᠡᠳᠡᠭᠡ︾ ᠶᠢ ᠨᠠᠶᠢᠷᠠᠭᠤᠯᠤᠨ ᠲᠠᠷᠬᠠᠭᠠᠬᠤ ᠶᠢ ᠬᠠᠷᠢᠭᠤᠴᠠᠵᠤ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠵᠣᠬᠢᠴᠠᠭᠤᠯᠬᠤ᠂ ᠵᠢᠯᠣᠭᠤᠳᠬᠤ᠂ ᠬᠢᠨᠠᠨ ᠰᠢᠯᠭᠠᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ‍ᠤᠨ‌ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ ᠶᠠᠪᠤᠳᠠᠯ ᠟  ᠤᠨ ᠮᠡᠳᠡᠭᠡ ᠵᠠᠩᠭᠢ ᠶᠢᠨ ᠠᠵᠢᠯ ‍ᠤᠨ‌‍ᠲ᠋ᠥ᠋ᠯᠥᠪᠯᠡᠭᠡ ᠶᠢ ᠲᠤᠭᠤᠷᠪᠢᠨ ᠲᠣᠭᠲᠠᠭᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠪᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃     ︵ᠬᠤᠶᠠᠷ︶ ᠵᠠᠰᠠᠭ ᠤᠨ ᠶᠠᠪᠤᠳᠠᠯ ᠤᠨ ᠲᠠᠰᠤᠭ ︵ᠭᠠᠳᠠᠭᠠᠳᠤ ᠶᠠᠪᠤᠳᠠᠯ ᠤᠨ ᠠᠯᠪᠠᠨ ᠬᠡᠷ᠂ ᠥᠭᠡᠷᠡᠴᠢᠯᠡᠯᠲᠡ ᠪᠠ ᠬᠢᠨᠠᠨ ᠰᠢᠯᠭᠠᠬᠤ ᠲᠠᠰᠤᠭ︶     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ᠂ ᠬᠤᠰᠢᠭᠤ ᠳᠠᠷᠤᠭ᠎ᠠ ᠶᠢᠨ ᠠᠵᠢᠯ ᠤᠨ ᠬᠤᠷᠠᠯ᠂ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃     ᠡᠯ᠎ᠡ ᠬᠤᠰᠢᠭᠤ ᠳᠡᠳ᠋ ᠳᠠᠷᠤᠭ᠎ᠠ ᠶᠢᠨ ᠬᠤᠪᠢᠳᠠᠨ ᠬᠠᠮᠢᠶᠠᠷᠴᠤ ᠪᠥᠬᠦᠶ ᠠᠵᠢᠯ ᠲᠠᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠷᠢᠯᠴᠠᠬᠤ ᠶᠢ ᠬᠠᠷᠢᠭᠤᠴᠠᠨ᠎ᠠ᠃ ᠬᠠᠮᠢᠶ᠎ᠠ ᠪᠥᠬᠦᠶ ᠡᠬᠡ ᠪᠢᠴᠢᠭ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠬᠤᠰᠢᠭᠤ ᠳᠡᠳ᠋ ᠳᠠᠷᠤᠭ᠎ᠠ ᠶᠢᠨ ᠠᠵᠢᠯ ᠤᠨ ᠬᠡᠪᠴᠢᠶᠡᠨ ᠳᠠᠬᠢ ᠪᠠᠶᠢᠴᠠᠭᠠᠨ ᠰᠤᠳᠤᠯᠵᠤ ᠵᠣᠬᠢᠴᠠᠭᠤᠯᠬᠤ᠂ ᠰᠢᠮᠳᠠᠭᠤᠯᠤᠨ ᠬᠦᠢᠴᠡᠳᠬᠡᠬᠦ ᠵᠡᠷᠭᠡ ᠠᠵᠢᠯ ᠢ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃     ᠠᠵᠤ ᠠᠬᠤᠶ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠦᠷᠦ ᠶᠢᠨ ᠪᠤᠳᠤᠯᠭ᠎ᠠ ᠶᠢᠨ ᠪᠥᠬᠦ ᠬᠤᠰᠢᠭᠤᠨ ᠤ ᠠᠵᠤ ᠠᠬᠤᠶ ᠶᠢᠨ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠪᠥᠬᠦ ᠬᠤᠰᠢᠭᠤᠨ ᠤ ᠠᠵᠤ ᠠᠬᠤᠶ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠤᠨ ᠲᠥᠰᠦᠯ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠪᠥᠬᠦ ᠬᠤᠰᠢᠭᠤᠨ ᠤ ᠠᠵᠤ ᠠᠬᠤᠶ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠱᠠᠭᠠᠷᠳᠠᠨ ᠪᠠᠶᠢᠴᠠᠭᠠᠯᠲᠠ ᠬᠢᠨ᠎ᠠ᠃ ᠪᠥᠬᠦ ᠬᠤᠰᠢᠭᠤᠨ ᠤ ᠠᠵᠤ ᠠᠬᠤᠶ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠶᠠᠪᠤᠳᠠᠯ ᠤᠨ ᠠᠬᠢᠴᠠ ᠶᠢᠨ ᠪᠠᠶᠢᠳᠠᠯ ᠢ ᠲᠣᠬᠢᠷᠠᠭᠤᠯᠬᠤ᠂ ᠬᠤᠷᠢᠶᠠᠩᠭᠤᠶᠢᠯᠠᠬᠤ ᠪᠠ ᠮᠡᠳᠡᠭᠡᠯᠡᠬᠦ ᠶᠢ ᠬᠠᠷᠢᠭᠤᠴᠠᠨ᠎ᠠ᠃ ᠬᠤᠰᠢᠭᠤᠨ ᠤ ᠠᠵᠤ ᠠᠬᠤᠶ ᠶᠢᠨ ᠪᠠᠶᠢᠭᠤᠯᠤᠮᠵᠢ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠠᠯᠪᠠᠨ ᠭᠡᠷ ᠤᠨ ᠡᠳᠦᠷ ᠳᠤᠳᠤᠮ ᠤᠨ ᠠᠵᠢᠯ ᠬᠠᠷᠢᠭᠤᠴᠠᠨ᠎ᠠ᠃     ᠭᠠᠳᠠᠭᠠᠳᠤ ᠶᠠᠪᠤᠳᠠᠯ ᠤᠨ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠪᠠ ᠭᠠᠳᠠᠭᠠᠳᠤ ᠳᠤ ᠬᠤᠯᠪᠣᠭᠳᠠᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃    ᠮᠥᠩᠭᠦᠨ ᠭᠦᠢᠯᠭᠡᠭᠡᠨ ᠤ ᠠᠵᠢᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃    ︵ᠭᠤᠷᠪᠠ︶ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠠᠯ ᠤᠨ ᠶᠠᠪᠤᠳᠠᠯ ᠤᠨ ᠲᠠᠰᠤᠭ ︵ᠬᠠᠤᠯᠢ ᠲᠣᠭᠲᠠᠭᠠᠯ ᠤᠨ ᠲᠠᠰᠤᠭ᠂ ᠣᠷᠴᠢᠭᠤᠯᠭ᠎ᠠ ᠶᠢᠨ ᠲᠠᠰᠤᠭ︶     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠡᠯ᠎ᠡ ᠱᠠᠲᠤᠨ ᠤ ᠢᠷᠡᠭᠦᠯᠦᠭᠰᠡᠨ ᠴᠠᠬᠢᠯᠭᠠᠨ ᠮᠡᠳᠡᠭᠡ ᠶᠢ ᠳᠠᠩᠰᠠᠯᠠᠬᠤ᠂ ᠠᠵᠢᠯᠯᠠᠭᠤᠯᠬᠤ᠂ ᠲᠠᠩᠰᠠ ᠡᠪᠬᠡᠮᠡᠯ ᠳᠤ ᠣᠷᠣᠭᠤᠯᠬᠤ ᠪᠠ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠵᠠᠬᠢᠳᠠᠯ ᠴᠢᠮᠡᠭᠡ᠂ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠤ ᠬᠤᠷᠢᠶᠠᠬᠤ᠂ ᠳᠠᠩᠰᠠᠯᠠᠬᠤ᠂ ᠬᠤᠪᠢᠶᠠᠨ ᠲᠠᠷᠬᠠᠭᠠᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠨᠡᠷ᠎ᠡ ᠪᠠᠷ ᠠᠯᠪᠠᠨ ᠪᠢᠴᠢᠭ ᠨᠡᠶᠢᠳᠡᠯᠡᠵᠦ ᠶᠠᠪᠤᠭᠤᠯᠬᠤ  ᠶᠢ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠬᠤ᠂ ᠳᠠᠷᠤᠮᠠᠯᠯᠠᠨ ᠲᠠᠷᠬᠠᠭᠠᠬᠤ᠂ ᠡᠬᠡ ᠨᠣᠤᠷᠠᠭ ᠢ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠬᠠᠷᠢᠭᠤᠴᠠᠨ᠎ᠠ᠃  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠥᠰᠥᠭ ᠪᠢᠴᠢᠭ ᠤᠨ ᠮᠠᠲ᠋ᠧᠷᠢᠶᠠᠯ ᠢ ᠬᠡᠪᠯᠡᠬᠦ ᠠᠵᠢᠯ ᠢ ᠬᠠᠷᠢᠭᠤᠴᠠᠨ᠎ᠠ᠃ ᠳᠤᠳᠤᠭᠠᠳᠤ ᠶᠢᠨ ᠡᠮᠬᠢᠳᠬᠡᠯ ᠰᠤᠩᠭᠤᠮᠠᠯ ᠵᠡᠷᠭᠡ ᠳᠣᠲᠣᠭᠠᠳᠤ ᠶᠢᠨ ᠰᠡᠳᠬᠦᠯ ᠢ ᠵᠠᠬᠢᠶᠠᠯᠠᠬᠤ᠂ ᠲᠠᠷᠬᠠᠭᠠᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠬᠠᠷ᠎ᠠ᠂ ᠲᠠᠩᠰᠠ ᠡᠪᠬᠡᠮᠡᠯ ᠢ ᠡᠪᠬᠡᠮᠡᠯᠯᠡᠬᠦ᠂ ᠬᠠᠮᠢᠶᠠᠷᠬᠤ᠂ ᠬᠠᠩᠭᠠᠨ ᠠᠰᠢᠭᠯᠠᠬᠤ ᠵᠡᠷᠭᠡ ᠠᠵᠢᠯ ᠢ  ᠬᠠᠷᠢᠭᠤᠴᠠᠵᠦ᠂ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠢᠭᠤᠴᠠ ᠴᠢᠬᠤᠯᠠ ᠠᠯᠪᠠᠨ ᠪᠢᠴᠢᠭ ᠤᠨ ᠡᠷᠬᠢᠯᠳᠡ ᠶᠢᠨ ᠠᠵᠢᠯ ᠤᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠪᠠᠶᠢᠭᠤᠯᠤᠯᠲᠠ᠂ ᠨᠢᠭᠤᠴᠠ ᠴᠢᠬᠤᠯᠠ ᠮᠠᠲ᠋ᠧᠷᠢᠶᠠᠯ ᠢ ᠳᠠᠮᠵᠢᠭᠤᠯᠬᠤ ᠬᠠᠷᠢᠯᠴᠠᠭ᠎ᠠ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠠᠮᠠᠭ᠎ᠠ ᠵᠢᠴᠢ ᠲᠠᠨᠢᠯᠴᠠᠭᠤᠯᠭ᠎ᠠ ᠶᠢᠨ ᠪᠢᠴᠢᠭ᠂ ᠬᠤᠰᠢᠭᠤ ᠳᠠᠷᠤᠭ᠎ᠠ ᠶᠢᠨ ᠭᠠᠷ ᠤᠨ ᠥᠰᠥᠭ ᠤᠨ ᠲᠠᠮᠠᠭ᠎ᠠ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃     ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠳᠠᠢ ᠬᠢᠨᠠᠨ ᠪᠠᠶᠢᠴᠠᠭᠠᠬᠤ ᠲᠥᠷᠢᠮ ᠢ ᠲᠣᠭᠲᠠᠭᠠᠵᠤ᠂ ᠪᠥᠬᠦ ᠬᠤᠰᠢᠭᠤᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠵᠣᠬᠢᠶᠠᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠦ ᠪᠣᠳᠣᠯᠭ᠎ᠠ ᠳᠤ ᠬᠠᠤᠯᠢ ᠶᠣᠰᠣᠨ ᠤ ᠬᠢᠨᠠᠨ ᠪᠠᠶᠢᠴᠠᠭᠠᠯᠳᠠ ᠬᠢᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠲᠣᠭᠲᠠᠭᠰᠠᠨ ᠭᠡᠷ᠎ᠡ᠂ ᠬᠡᠯᠡᠯᠴᠡᠭᠡᠷ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠢᠨᠠᠨ ᠬᠠᠷᠭᠤᠭᠤᠯᠬᠤ ᠠᠵᠢᠯ ᠢ ᠭᠦᠢᠴᠡᠳᠬᠡᠨ᠎ᠡ᠃     ᠠᠯᠪᠠᠨ ᠭᠡᠷ ᠤᠨ 0A ᠰᠢᠰᠲ᠋ᠧᠮ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠰᠢᠢᠳᠪᠤᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠢᠭᠡᠯᠡᠨ ᠪᠣᠯᠪᠠᠰᠤᠷᠠᠭᠤᠯᠬᠤ ᠂ ᠡᠭᠡᠯᠵᠢᠯᠡᠨ ᠪᠣᠯᠪᠠᠰᠤᠷᠠᠭᠤᠯᠬᠤ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠠᠷᠢᠭᠤᠴᠠᠨ ᠭᠦᠢᠴᠡᠳᠬᠡᠨ᠎ᠡ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠲᠥᠷᠥᠯ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠬᠤᠷᠠᠯᠳᠤᠭᠤᠯᠤᠭᠰᠠᠨ ᠡᠯ᠎ᠡ ᠲᠥᠷᠥᠯ ᠤᠨ ᠲᠧᠯᠸᠢᠰ ᠳ᠋ᠢᠶᠠᠩᠬᠤᠸᠠ ᠬᠤᠷᠠᠯ ᠤᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃    ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠮᠣᠩᠭᠤᠯ ᠬᠡᠯᠡ ᠪᠠᠷ ᠤᠷᠴᠢᠭᠤᠯᠬᠤ ᠪᠠ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ᠂ ᠠᠵᠢᠯᠯᠠᠭ᠎ᠠ ᠳᠤ ᠬᠡᠷᠡᠭᠰᠡᠬᠦ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠠ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠤᠩᠭᠤᠯ ᠬᠡᠯᠡᠨ ᠤ ᠰᠦᠯᠵᠢᠶ᠎ᠡ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ  ᠳᠠᠭᠠᠭᠠᠴᠢᠯᠠᠨ ᠭᠦᠢᠴᠡᠳᠬᠡᠨ᠎ᠡ᠃    ︵ᠳᠥᠷᠪᠡ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ︵ᠬᠤᠰᠢᠭᠤᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷᠯᠡᠬᠦ ᠲᠠᠰᠤᠭ︶     ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠢᠭᠯᠡᠯᠲᠡ ᠲᠥᠷᠥ ᠶᠢᠨ ᠪᠣᠳᠣᠯᠭ᠎ᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠠᠵᠢᠯ ᠤᠨ ᠰᠠᠯᠠᠭ᠎ᠠ ᠮᠥᠴᠢᠷ ᠤᠨ ᠰᠢᠯᠵᠢᠭᠦᠯᠦᠨ ᠭᠦᠢᠴᠡᠳᠬᠡᠭᠰᠡᠨ ᠱᠠᠭᠠᠷᠳᠠᠨ ᠪᠠᠶᠢᠴᠠᠭᠠᠬᠤ ᠵᠦᠢᠯᠡᠰ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠤᠷᠢᠳᠦ ᠪᠣᠳᠣᠯᠭ᠎ᠠ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠴᠢᠬᠤᠯᠠ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ  ᠲᠤᠭᠤᠷᠪᠢᠨ ᠲᠣᠭᠲᠠᠭᠠᠭᠰᠠᠨ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ᠂ ᠡᠯ᠎ᠡ ᠵᠦᠢᠯ ᠤᠨ ᠲᠥᠯᠥᠪᠯᠡᠭᠡ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ ᠴᠢᠬᠤᠯᠠ ᠶᠡᠭᠡ ᠳᠤᠰᠬᠠᠢ ᠱᠠᠭᠠᠷᠳᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠬᠠᠮᠲᠤᠷᠠᠨ ᠥᠷᠨᠢᠭᠦᠯᠦᠭᠰᠡᠨ  ᠱᠠᠭᠠᠷᠳᠠᠨ ᠪᠠᠶᠢᠴᠠᠭᠠᠬᠤ ᠠᠵᠢᠯ ᠢ ᠳᠠᠭᠠᠭᠠᠴᠢᠯᠠᠨ ᠡᠷᠬᠢᠯᠠᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠵᠢᠯ ᠤᠨ ᠲᠦᠷᠢᠮ ᠪᠠ ᠠᠵᠢᠯ ᠤᠨ ᠭᠤᠤᠯᠳᠠᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠵᠦ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠭᠰᠡᠨ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠦᠯᠦᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ  ᠭᠦᠢᠴᠡᠳᠬᠡᠭᠰᠡᠨ ᠪᠠᠶᠢᠳᠠᠯ ᠢ ᠱᠠᠭᠠᠷᠳᠠᠨ ᠪᠠᠶᠢᠴᠠᠭᠠᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠰᠢᠯᠭᠠᠨ ᠬᠢᠨᠠᠬᠤ᠂ ᠦᠨᠡᠯᠡᠬᠦ ᠬᠢᠬᠡᠳ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ᠃ ︽ᠱᠠᠭᠠᠷᠳᠠᠨ  ᠪᠠᠶᠢᠴᠠᠭᠠᠯᠳᠠ ᠶᠢᠨ ᠮᠡᠳᠡᠭᠡᠯᠡᠯ︾ ᠢ ᠨᠠᠶᠢᠷᠠᠭᠤᠯᠤᠨ ᠨᠡᠶᠢᠲᠡᠯᠡᠵᠦ᠂ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠰᠠᠭᠤᠳᠠᠯ ᠢ ᠡᠷᠢᠵᠦ᠂ ᠲᠤᠷᠰᠢᠯᠭ᠎ᠠ ᠪᠠᠨ ᠳ᠋ᠦᠩᠨᠡᠬᠦ ᠶᠢ ᠬᠠᠷᠢᠭᠤᠴᠠᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷᠯᠠᠬᠦ ᠠᠵᠢᠯ ᠢ ᠬᠠᠷᠢᠭᠤᠴᠠᠵᠤ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠪᠣᠯᠤᠨ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢ ᠤᠯᠠᠮᠵᠢᠯᠠᠬᠤ ᠶᠢᠨ ᠬᠠᠮᠲᠤ   ᠱᠠᠭᠠᠷᠳᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠣᠯᠠᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠨ ᠵᠠᠰᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ᠂ ᠦᠨᠳᠦᠰᠦᠲᠡᠨ ᠱᠠᠰᠢᠨ ᠰᠤᠷᠲᠠᠬᠤᠨ ᠵᠢᠴᠢ ᠪᠤᠰᠤᠳ ᠲᠤᠰᠬᠠᠶ ᠵᠦᠢᠯ ᠤᠨ ᠴᠢᠨᠠᠷᠲᠠᠶ᠂ ᠲᠦᠷ ᠴᠠᠭ ᠤᠨ ᠴᠢᠨᠠᠷᠲᠠᠶ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ  ᠳᠠᠭᠠᠭᠠᠴᠢᠯᠠᠨ ᠭᠦᠢᠴᠡᠳᠬᠡᠨ᠎ᠡ᠃     ︵ᠲᠠᠪᠤ︶ ᠨᠠᠮ ᠤᠨ ᠠᠵᠢᠯ ᠤᠨ ᠵᠠᠰᠠᠭ ᠵᠠᠬᠢᠷᠭᠠᠨ ᠤ ᠲᠠᠰᠤᠭ ︵ᠡᠳ᠋ ᠤᠨ ᠶᠠᠪᠤᠳᠠᠯ ᠤᠨ ᠲᠠᠰᠤᠭ︶     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠨᠠᠮ ᠤᠨ ᠠᠵᠢᠯ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠣᠨᠣᠯ ᠤᠨ ᠰᠤᠷᠤᠯᠴᠠᠯᠭ᠎ᠠ ᠵᠢᠴᠢ ᠪᠤᠰᠤᠳ ᠡᠳᠦᠷ ᠲᠤᠲᠤᠮ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠲᠣᠰᠬᠤᠨ ᠳᠤ ᠰᠠᠭᠤᠵᠤ ᠳᠠᠭᠠᠭᠠᠴᠢᠯᠠᠨ ᠬᠤᠯᠪᠣᠭᠠᠯᠠᠬᠤ ᠠᠵᠢᠯ ᠢ ᠬᠠᠷᠢᠭᠤᠴᠠᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ᠂ ᠤᠶᠤᠨ ᠤ ᠪᠣᠯᠪᠠᠰᠤᠨ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠤᠳᠤᠷᠢᠳᠬᠤ ᠨᠥᠬᠦᠳ ᠢ ᠬᠠᠪᠰᠤᠷᠤᠨ ᠪᠠᠶᠢᠭᠤᠯᠭ᠎ᠠ ᠶᠢᠨ ᠠᠵᠢᠯ ᠢ ᠬᠠᠷᠢᠭᠤᠴᠠᠨ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠳᠤᠳᠤᠮ ᠤᠨ ᠠᠵᠢᠯ ᠢ ᠬᠠᠷᠢᠭᠤᠴᠠᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠲᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠪᠠ ᠠᠵᠢᠯ ᠳᠤ ᠭᠠᠷᠬᠤ ᠶᠢ ᠰᠢᠯᠭᠠᠬᠤ ᠵᠢᠴᠢ ᠠᠮᠠᠷᠠᠯᠲᠠ ᠶᠢᠨ ᠴᠢᠯᠥᠭᠡ ᠠᠪᠬᠤ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠤᠳᠤᠷᠢᠳᠬᠤ ᠺᠠᠳ᠋ᠷ ᠤᠨ ᠭᠠᠳᠠᠭᠰᠢ ᠭᠠᠷᠬᠤ ᠳᠤ ᠴᠢᠯᠥᠭᠡ ᠭᠤᠶᠤᠬᠤ ᠶᠢ ᠮᠡᠳᠡᠭᠦᠯᠦᠨ ᠳᠠᠩᠰᠠᠯᠠᠭᠤᠯᠬᠤ ᠠᠵᠢᠯ ᠪᠣᠯᠤᠨ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠭᠠᠳᠠᠭᠰᠢ ᠭᠠᠷᠬᠤ ᠳᠤ ᠴᠢᠯᠥᠭᠡ ᠭᠤᠶᠤᠬᠤ ᠶᠢ ᠮᠡᠳᠡᠭᠦᠯᠦᠨ ᠳᠠᠩᠰᠠᠯᠠᠭᠤᠯᠬᠤ ᠶᠢ ᠭᠥᠯᠢᠶᠡᠨ ᠠᠪᠴᠤ  ᠰᠢᠢᠳᠪᠤᠷᠢᠯᠡᠬᠦ ᠂ ᠭᠦᠢᠴᠡᠳᠬᠡᠬᠦ ᠠᠵᠢᠯ ᠢ ᠬᠠᠷᠢᠭᠤᠴᠠᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠪᠠ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠤᠨ ᠪᠠᠲᠤᠯᠠᠭ᠎ᠠ᠂ ᠠᠯᠪᠠᠨ ᠬᠡᠷᠡᠭᠰᠡᠯ ᠬᠤᠳᠠᠯᠳᠤᠨ ᠠᠪᠬᠤ ᠬᠢᠬᠡᠳ ᠬᠠᠮᠢᠶᠠᠷᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠬᠤ ᠪᠠ ᠬᠢᠨᠠᠯᠲᠠ ᠲᠠᠯᠪᠢᠬᠤ ᠂ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠲᠤᠰᠢᠶᠠᠬᠤ ᠠᠵᠢᠯ ᠢ ᠬᠠᠷᠢᠭᠤᠴᠠᠨ  ᠭᠦᠢᠴᠡᠳᠬᠡᠨ᠎ᠡ᠃ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠦ᠋ᠲ᠋ᠣᠴᠢᠯᠠᠭᠰᠠᠨ ᠲᠥᠬᠦᠭᠡᠷᠦᠮᠵᠢ ᠶᠢ ᠬᠠᠮᠠᠭᠠᠯᠠᠬᠤ᠂ ᠬᠤᠳᠠᠯᠳᠤᠨ ᠠᠪᠬᠤ ᠬᠢᠬᠡᠳ ᠬᠠᠮᠢᠶᠠᠷᠬᠤ ᠠᠵᠢᠯ ᠢ ᠬᠠᠷᠢᠭᠤᠴᠠᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠠᠯᠠᠭᠠᠨ ᠲᠠᠰ ᠤᠨ ᠤᠳᠤᠷᠢᠳᠬᠤ ᠪᠠᠭ ᠤᠨ ᠣᠨ ᠤ ᠰᠢᠯᠭᠠᠨ ᠬᠢᠨᠠᠬᠤ ᠪᠠ ᠪᠠᠶᠢᠭᠤᠯᠭ᠎ᠠ ᠶᠢᠨ ᠳᠣᠲᠣᠭᠠᠳᠤ ᠶᠢᠨ ᠰᠢᠯᠭᠠᠨ ᠬᠢᠨᠠᠬᠤ ᠬᠠᠮᠢᠶᠠᠷᠤᠯᠲᠠ ᠶᠢᠨ  ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃     ᠲᠦᠷᠪᠡ᠂ ᠵᠠᠰᠠᠭ ᠵᠠᠬᠢᠷᠭᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ᠄     ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ  ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 16 ᠨᠡᠷᠡᠰ᠂ 1 ᠡᠷᠬᠢᠯᠡᠭᠴᠢ᠂ 4 ᠳᠡᠳ᠋ ᠡᠷᠬᠢᠯᠡᠭᠴᠢ ︵ᠡᠭᠦᠨ ᠳᠤ᠄ 1 ᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶  ᠪᠤᠢ᠃     ᠠᠵᠢᠯᠯᠠᠬᠤ ᠬᠠᠶ᠋ᠢᠭ᠄ ᠳᠠᠯᠠᠳ ᠬᠤᠰᠢᠭᠤᠨ ᠤ ᠾᠧ ᠫᠢᠩ ᠵᠠᠮ ᠬᠢᠭᠡᠳ ᠶᠢᠩ ᠪᠢᠨ ᠵᠡᠭᠡᠯᠢ ᠶᠢᠨ ᠠᠭᠤᠯᠵᠠᠷ ᠤᠨ ᠬᠤᠶᠢᠲᠤ ᠲᠠᠯ᠎ᠠ 200 ᠮᠧᠲᠷ     ᠬᠠᠷᠢᠯᠴᠠᠬᠤ ᠤᠲᠠᠰᠤ᠄ 0477 — 5212254     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 — 12᠄ 00 ᠦᠳᠡ ᠶᠢᠨ ᠬᠤᠶᠢᠨᠠᠬᠢ 14᠄ 30 — 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶     ᠰᠢᠦᠳᠠᠨ ᠳ᠋ᠤᠭᠠᠷ᠄ 041300 
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ