ᠳᠠᠯᠠᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2021/12/1
      ᠨᠢᠭᠡ᠂ ᠤᠳᠤᠷᠢᠳᠬᠤ ᠪᠠᠭ᠄       ᠡᠷᠬᠢᠯᠡᠭᠴᠢ᠄ ᠯᠢ ᠷᠦᠢ       ᠳᠡᠳ᠋ ᠡᠷᠬᠢᠯᠡᠭᠴᠢ᠄ ᠸᠠᠩ ᠪᠦᠦ ᠾᠧ       ᠳᠡᠳ᠋ ᠡᠷᠬᠢᠯᠡᠭᠴᠢ᠄ ᠴᠢᠶᠣᠤ ᠵᠢᠶᠦ᠋ᠨ ᠾᠧ       ᠳᠡᠳ᠋ ᠡᠷᠬᠢᠯᠡᠭᠴᠢ᠄ ᠸᠠᠩ ᠰᠢᠶᠤᠤ ᠵᠢᠩ       ᠠᠮᠤ ᠪᠤᠳᠠᠭ᠎ᠠ ᠡᠳ᠋ ᠪᠣᠳᠠᠰ ᠨᠥᠭᠡᠴᠡᠯᠡᠬᠦ ᠲᠥᠪ ᠤᠨ ᠡᠷᠬᠢᠯᠡᠭᠴᠢ᠄ ᠯᠢᠦ ᠰᠢᠶᠤᠤ ᠶᠠᠨ       ᠬᠤᠶᠠᠷ᠂ ᠭᠤᠣᠯ ᠡᠭᠦᠷᠭᠡ ᠬᠠᠷᠢᠭᠤᠴᠠᠯᠭ᠎ᠠ᠄       ᠳᠠᠯᠠᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠠᠵᠤ ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠬᠤ ᠠᠵᠢᠯ ᠢ ᠬᠠᠷᠢᠭᠤᠴᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠴᠤᠬᠤᠪᠤᠷᠢᠯᠠᠬᠤ᠂ ᠬᠢᠨᠠᠨ ᠵᠥᠪᠰᠢᠶᠡᠷᠡᠬᠦ᠂ ᠳᠠᠩᠰᠠᠯᠠᠬᠤ᠂ ᠲᠥᠪ ᠤᠨ ᠲᠥᠰᠦᠪ ᠤᠨ ᠳᠣᠲᠣᠷᠠᠬᠢ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠮᠥᠩᠭᠦ ᠶᠢ ᠲᠡᠮᠡᠴᠡᠨ ᠤᠯᠬᠤ ᠵᠢᠴᠢ ᠲᠥᠷᠥᠯ ᠵᠦᠢᠯ ᠤᠨ ᠪᠠᠶᠢᠴᠠᠭᠠᠯᠲᠠ᠂ ᠪᠥᠬᠦ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠤᠯᠤᠰ ᠤᠨ ᠦᠨ᠎ᠡ ᠬᠠᠩᠰᠢ ᠶᠢᠨ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠯ᠎ᠡ ᠲᠥᠷᠥᠯ ᠤᠨ ᠦᠨ᠎ᠡ ᠬᠠᠩᠰᠢ ᠪᠠ ᠰᠦᠢᠳᠬᠡᠯ ᠬᠤᠷᠢᠶᠠᠯᠲᠠ ᠶᠢ ᠬᠠᠮᠢᠶᠠᠷᠬᠤ ᠪᠠ ᠬᠢᠨᠠᠨ ᠪᠠᠶᠢᠴᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠤᠨ ᠥᠷᠲᠡᠭ ᠤᠨ ᠬᠢᠨᠠᠨ ᠪᠠᠶᠢᠴᠠᠭᠠᠯᠲᠠ ᠪᠠ ᠪᠠᠶᠢᠴᠠᠭᠠᠯᠲᠠ ᠶᠢ ᠪᠡᠶᠡᠯᠡᠭᠦᠯᠬᠦ ᠶᠢᠨ ᠬᠠᠮᠲᠤ ᠨᠠᠶᠢᠳᠠᠯᠭ᠎ᠠ ᠶᠢ ᠭᠥᠯᠢᠶᠡᠨ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠲᠤ ᠦᠨ᠎ᠡ ᠬᠠᠩᠰᠢ ᠶᠢᠨ ᠭᠡᠷᠡᠴᠢᠯᠡᠯ ᠬᠢᠨ᠎ᠠ᠃ ᠳᠣᠤᠷ᠎ᠠ ᠨᠢ ᠲᠠᠯᠠᠳ ᠬᠤᠰᠢᠭᠤᠨ ᠤ ᠠᠮᠤ ᠪᠤᠳᠠᠭ᠎ᠠ ᠡᠳ᠋ ᠪᠣᠳᠠᠰ ᠨᠥᠭᠡᠴᠡᠯᠡᠬᠦ ᠲᠥᠪ᠂ ᠲᠠᠯᠠᠳ ᠬᠤᠰᠢᠭᠤᠨ ᠤ ᠬᠤᠷᠸ᠎ᠠ ᠠᠵᠤ ᠠᠬᠤᠶ ᠶᠢᠨ ᠰᠤᠳᠤᠯᠭᠠᠨ ᠤ ᠲᠥᠪ ︵ᠲᠠᠯᠠᠳ ᠬᠤᠰᠢᠭᠤᠨ ᠤ ᠦᠨ᠎ᠡ ᠬᠠᠩᠰᠢ ᠶᠢ ᠬᠢᠨᠠᠨ ᠬᠡᠮᠵᠢᠬᠦ ᠪᠠ ᠮᠠᠭᠠᠳᠯᠠᠨ ᠲᠣᠭᠲᠠᠭᠠᠬᠤ ᠲᠥᠪ ᠤᠨ ᠫᠠᠶᠢᠰᠠ ᠶᠢ ᠡᠯᠭᠦᠨ᠎ᠡ︶᠂ ᠲᠠᠯᠠᠳ ᠬᠤᠰᠢᠭᠤᠨ ᠤ ᠲᠡᠮᠦᠷ ᠵᠠᠮ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠵᠡᠷᠭᠡ 3 ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠡ ᠲᠠᠢ ᠪᠠᠶᠢᠵᠤ᠂ ᠳᠣᠲᠣᠷ᠎ᠠ ᠨᠢ 2 ᠲᠠᠰᠤᠭ ᠲᠠᠢ᠃      ᠭᠤᠷᠪᠠ᠂ ᠳᠣᠲᠣᠭᠠᠳᠤ ᠪᠠᠶᠢᠭᠤᠯᠤᠮᠵᠢ᠄      ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶᠄      ᠪᠠᠶᠢᠭᠤᠯᠭ᠎ᠠ ᠶᠢᠨ ᠡᠳᠦᠷ ᠲᠤᠲᠤᠮ ᠤᠨ ᠡᠷᠬᠢᠯᠳᠡ ᠶᠢᠨ ᠠᠵᠢᠯ ᠢ ᠬᠠᠷᠢᠭᠤᠴᠠᠨ᠎ᠠ︔  ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠵᠤ᠂ ᠳᠡᠭᠡᠳᠦ ᠱᠠᠲᠤᠨ ᠤ ᠲᠣᠭᠤᠷᠢᠨ ᠦᠵᠡᠵᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠯᠤᠭᠠᠶᠢᠯᠠᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ︔ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠳᠠᠭᠠᠭᠠᠴᠢᠯᠠᠨ ᠵᠠᠷᠯᠠᠬᠤ ᠳᠠᠭᠠᠭᠠᠴᠢᠯᠠᠨ ᠬᠦᠯᠢᠶᠡᠬᠦ ᠠᠵᠢᠯ ᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠤᠨ᠎ᠠ︔ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠪᠥᠬᠦ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠤᠨ ᠴᠢᠬᠤᠯᠠ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠶᠢ ᠬᠠᠷᠢᠭᠤᠴᠠᠨ᠎ᠠ︔ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ  ᠱᠠᠭᠠᠷᠳᠠᠨ ᠵᠢᠯᠣᠭᠤᠳᠬᠤ ᠶᠢ ᠲᠤᠯᠤᠭᠠᠶᠢᠯᠠᠨ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠡᠭᠦᠷᠭᠡᠯᠡᠬᠦ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠯᠬᠤ᠂ ᠨᠤᠲᠠᠯᠠᠬᠤ᠂ ᠱᠠᠩᠨᠠᠬᠤ᠂ ᠥᠭᠬᠦ ᠵᠦᠢᠯᠡᠰ ᠢ ᠭᠥᠯᠢᠶᠡᠨ ᠠᠪᠴᠤ ᠰᠢᠢᠳᠪᠤᠷᠢᠯᠡᠬᠦ᠂ ᠬᠢᠨᠠᠨ ᠵᠥᠪᠰᠢᠶᠡᠷᠡᠬᠦ᠂ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠡᠷᠭᠡ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ  ᠭᠦᠢᠴᠡᠳᠬᠡᠨ᠎ᠡ︔ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠦᠵᠡᠭᠦᠯᠬᠦ ᠠᠷᠤ ᠲᠠᠯ᠎ᠠ ᠶᠢᠨ ᠳᠡᠮᠵᠢᠯᠭᠡ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃     ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠯᠪᠠᠨ ᠬᠡᠷ ︵ᠬᠤᠰᠢᠭᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠬᠡᠷ ᠤᠨ ᠨᠠᠷᠢᠨ ᠪᠢᠴᠢᠭᠡᠴᠢ ᠶᠢᠨ ᠳᠠᠰᠤᠭ ︶    ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠬᠤᠷᠸ᠎ᠠ ᠠᠵᠤ ᠠᠬᠤᠶ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠦᠨ᠎ᠡ︔ ᠬᠤᠰᠢᠭᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠬᠡᠷ ᠤᠨ ᠪᠣᠳᠠᠲᠠᠶ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠨᠥᠭᠡᠴᠡᠯᠡᠬᠦ ᠠᠵᠢᠯ ᠢ ᠡᠭᠦᠷᠭᠡᠯᠡᠵᠦ᠂ ᠪᠥᠬᠦ ᠨᠡᠶᠢᠭᠡᠮ ᠤᠨ ᠪᠠᠯᠠ ᠮᠥᠩᠭᠦ ᠶᠢᠨ ᠲᠡᠩᠴᠡᠭᠦᠷᠢ ᠪᠠ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠠᠰᠠᠭᠤᠳᠠᠯ ᠢ ᠰᠤᠳᠤᠯᠤᠨ ᠵᠠᠳᠠᠯᠤᠨ᠎ᠠ︔ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ︔     ᠪᠡᠯᠡ ᠣᠷᠣᠭᠤᠯᠤᠯᠲᠠ ᠪᠡᠯᠡ ᠲᠤᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠦᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶᠠᠨ ᠤ ᠰᠠᠨᠠᠭᠤᠯᠭ᠎ᠠ ᠶᠢ ᠳᠤᠷᠠᠳᠤᠨ᠎ᠠ︔ ᠡᠨᠧᠷᠭᠢ ᠂ ᠵᠠᠰᠠᠮᠠᠯ ᠵᠠᠮ᠂ ᠰᠢᠤᠳᠠᠨ ᠵᠡᠷᠭᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠪᠥᠬᠦ ᠬᠤᠰᠢᠭᠤᠨ ᠤ ᠬᠥᠭᠵᠢᠯᠲᠡ ᠶᠢᠨ ᠲᠥᠯᠥᠪᠵᠢᠭᠦᠯᠭᠡ ᠲᠠᠢ ᠵᠣᠯᠭᠠᠭᠤᠯᠤᠨ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠨ᠎ᠡ︔ ᠲᠡᠮᠦᠷ ᠵᠠᠮ ᠤᠨ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠪᠣᠬᠢᠷᠲᠤᠯ ᠦᠭᠡᠢ ᠬᠥᠭᠵᠢᠯᠲᠡ ᠶᠢᠨ ᠬᠠᠮᠢᠶ᠎ᠠ ᠪᠦᠬᠦᠢ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠭᠦᠯᠵᠢᠯᠡᠬᠦᠶᠢᠴᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠠᠵᠢᠯ ᠦᠢᠯᠡᠰ ᠪᠠ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠵᠢᠴᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ︔ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ︔ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ︔ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠳᠪᠦᠷᠢᠯᠡᠯ ᠤᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠳᠤᠭᠳᠠᠭᠠᠨ᠎ᠠ᠃     ᠲᠦᠷᠪᠡ᠂ ᠵᠠᠰᠠᠭ ᠵᠠᠬᠢᠷᠭᠠᠨ ᠤ ᠣᠷᠣᠨ ᠲᠤᠭ᠎ᠠ ᠪᠠ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ᠄     ᠨᠢᠭᠡ ᠳᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠪᠠᠶᠢᠭᠤᠯᠭ᠎ᠠ ᠶᠢᠨ ᠰᠠᠯᠠᠭᠠᠨ ᠤ ᠳᠡᠰ ᠤᠨ ᠪᠣᠳᠠᠲᠠᠶ ᠲᠤᠰᠢᠶᠠᠯ ᠤᠨ ᠤᠳᠤᠷᠢᠳᠤᠯᠭ᠎ᠠ ᠶᠢᠨ ᠲᠤᠭ᠎ᠠ ᠶᠢ 5 ᠨᠡᠷᠡᠰ ᠢᠶᠠᠷ ᠬᠢᠨᠠᠨ ᠲᠣᠭᠲᠠᠭᠠᠵᠤ᠂ ᠡᠭᠦᠨ ᠳᠤ᠂ ᠡᠷᠬᠢᠯᠡᠭᠴᠢ 1 ᠨᠡᠷ᠎ᠡ᠂ ᠳᠡᠳ᠋ ᠡᠷᠬᠢᠯᠡᠭᠴᠢ 4 ᠨᠡᠷᠡᠰ᠂ ᠪᠣᠳᠠᠲᠠᠶ ᠲᠣᠬᠢᠷᠠᠭᠤᠯᠤᠭᠰᠠᠨ 4 ᠨᠡᠷᠡᠰ᠂ ᠪᠣᠳᠠᠲᠠᠶ ᠲᠣᠬᠢᠷᠠᠭᠤᠯᠤᠭᠰᠠᠨ ᠳᠡᠳ᠋ ᠡᠷᠬᠢᠯᠡᠭᠴᠢ 3  ᠨᠡᠷᠡᠰ ᠪᠠᠶᠢᠨ᠎ᠠ᠃ ᠬᠤᠶᠠᠷ ᠲᠤ ᠠᠮᠤ ᠪᠤᠳᠠᠭ᠎ᠠ ᠡᠳ᠋ ᠪᠣᠳᠠᠰ ᠨᠥᠭᠡᠴᠡᠯᠡᠬᠦ ᠲᠥᠪ ᠤᠨ ᠬᠢᠨᠠᠨ ᠲᠣᠭᠲᠠᠭᠠᠭᠰᠠᠨ ᠰᠠᠯᠠᠭᠠᠨ ᠳᠡᠰ ᠤᠨ ᠳᠡᠳ᠋ ᠲᠤᠰᠢᠶᠠᠯ ᠤᠨ ᠤᠳᠤᠷᠢᠳᠬᠤ ᠲᠤᠰᠢᠶᠠᠯ ᠤᠨ ᠲᠤᠭ᠎ᠠ 1 ᠨᠡᠷ᠎ᠡ ᠪᠠᠶᠢᠵᠤ᠂ ᠨᠢᠭᠡᠨᠲᠡ ᠳᠣᠭᠢᠷᠠᠭᠤᠯᠪᠠ᠃ ᠭᠤᠷᠪᠠ ᠳᠤ ᠬᠤᠷᠸ᠎ᠠ ᠠᠵᠤ ᠠᠬᠤᠶ ᠶᠢᠨ ᠰᠤᠳᠤᠯᠭᠠᠨ ᠤ ᠲᠥᠪ ᠤᠨ ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠵᠢᠩᠬᠢᠨᠢ ᠲᠤᠰᠢᠶᠠᠯ 1 ᠨᠡᠷ᠎ᠡ᠂ ᠳᠡᠳ᠋ ᠲᠤᠰᠢᠶᠠᠯ 2 ᠨᠡᠷᠡᠰ᠂  ᠪᠤᠳᠠᠳᠠᠢ ᠳᠤᠬᠢᠷᠠᠭᠤᠯᠤᠭᠰᠠᠨ ᠵᠢᠩᠬᠢᠨᠢ ᠳᠡᠳ᠋ ᠲᠤᠰᠢᠶᠠᠯ ᠤᠨ ᠣᠷᠣᠨ ᠲᠤᠭ᠎ᠠ ᠥᠬᠡᠶ᠃ ᠳᠥᠷᠪᠡ ᠳᠤ ᠲᠡᠮᠦᠷ ᠵᠠᠮ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠤ 1 ᠵᠢᠩᠬᠢᠨᠢ ᠲᠤᠰᠢᠶᠠᠯ ᠤᠨ ᠣᠷᠣᠨ ᠲᠤᠭ᠎ᠠ ᠶᠢ ᠬᠢᠨᠠᠨ ᠲᠣᠭᠲᠠᠭᠠᠵᠤ᠂ 1 ᠵᠢᠩᠬᠢᠨᠢ ᠲᠤᠰᠢᠶᠠᠯ ᠤᠨ ᠣᠷᠣᠨ ᠲᠤᠭ᠎ᠠ᠂ 1 ᠳᠡᠳ᠋ ᠲᠤᠰᠢᠶᠠᠯ ᠤᠨ ᠣᠷᠣᠨ ᠲᠤᠭ᠎ᠠ ᠶᠢ ᠪᠣᠳᠠᠲᠠᠶ ᠳᠤᠬᠢᠷᠠᠭᠤᠯᠵᠠᠢ᠃     ᠠᠵᠢᠯᠯᠠᠬᠤ ᠭᠠᠵᠠᠷ᠄ ᠳᠠᠯᠠᠳ ᠬᠤᠰᠢᠭᠤᠨ ᠤ ᠵᠠᠰᠠᠭ ᠤᠨ ᠣᠷᠳᠣᠨ ᠤ ᠲᠣᠮᠣ ᠠᠰᠠᠷ ᠤᠨ 413 ᠠᠯᠪᠠᠨ ᠬᠡᠷ     ᠬᠠᠷᠢᠯᠴᠠᠬᠤ ᠤᠲᠠᠰᠤ᠄ 0477 — 5212044    ᠠᠵᠢᠯᠯᠠᠬᠤ ᠴᠠᠭ᠄ ᠦᠳᠡ ᠶᠢᠨ ᠡᠮᠦᠨᠡᠬᠢ 8᠄ 30 — 12᠄ 00 ᠦᠳᠡ ᠶᠢᠨ ᠬᠤᠶᠢᠨᠠᠬᠢ 14᠄ 30 — 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶     ᠰᠢᠦᠳᠠᠨ ᠳ᠋ᠤᠭᠠᠷ᠄ 041300             
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ