ᠳᠠᠯᠠᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/12/1
        ᠨᠢᠭᠡ᠂ ᠤᠳᠤᠷᠢᠳᠬᠤ ᠪᠠᠭ᠄     ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠠᠷᠤᠭ᠎ᠠ᠄ ᠬᠤᠸᠠᠩ ᠡᠾᠤᠢ    ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠄ ᠴᠧᠨ ᠷᠦᠢ ᠵᠢᠶᠦ᠋ᠨ     ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ᠄ ᠸᠧᠨ  ᠬᠤᠢ ᠰᠢᠶᠦ᠋ᠩ     ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ᠄ ᠯᠢ ᠯᠢ ᠰᠢᠶᠠ     ᠬᠤᠶᠠᠷ᠂ ᠭᠤᠣᠯ ᠳᠤᠰᠢᠶᠠᠯ ᠬᠠᠷᠢᠭᠤᠴᠠᠯᠭ᠎ᠠ᠄     ︵ᠨᠢᠭᠡ︶ ᠪᠦᠬᠦ ᠬᠤᠰᠢᠭᠤᠨ ᠤ ᠬᠡᠪᠴᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃     ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠳᠤᠰᠢᠶᠠᠭᠰᠠᠨ᠂  ᠰᠢᠢᠳᠪᠤᠷᠢᠯᠡᠬᠦ ᠪᠠᠷ ᠵᠦᠪᠰᠢᠶᠡᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠴᠢᠯᠠᠨ ᠭᠦᠢᠴᠡᠳᠬᠡᠨ᠎ᠡ᠃ ᠠᠷᠠᠳ ᠢᠷᠭᠡᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ᠂ ᠰᠢᠢᠳᠪᠤᠷᠢᠯᠡᠨ᠎ᠡ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃     ︵ᠭᠤᠷᠪᠠ︶ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠳᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠰᠢᠢᠳᠪᠤᠷᠢᠯᠡᠬᠦ᠂ ᠲᠤᠰᠢᠶᠠᠨ ᠰᠢᠢᠳᠪᠤᠷᠢᠯᠡᠬᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠦ ᠰᠢᠢᠳᠪᠤᠷᠢᠯᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠳᠠ ᠶᠢ ᠱᠠᠭᠠᠷᠳᠠᠨ ᠪᠠᠶᠢᠴᠠᠭᠠᠵᠤ᠂ ᠠᠵᠢᠯ ᠢᠶᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠰᠢᠢᠳᠬᠡᠯ ᠥᠭᠬᠦ ᠵᠡᠷᠭᠡ ᠰᠠᠨᠠᠭᠤᠯᠭ᠎ᠠ ᠳᠤᠷᠠᠳᠤᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠱᠠᠭᠠᠷᠳᠠᠨ ᠰᠢᠢᠳᠪᠤᠷᠢᠯᠡᠬᠦ ᠶᠢ ᠬᠠᠷᠢᠭᠤᠴᠠᠨ᠎ᠠ᠃     ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠵᠦ᠂ ᠲᠤᠷᠰᠢᠯᠭ᠎ᠠ ᠪᠠ ᠠᠷᠭ᠎ᠠ ᠪᠠᠷᠢᠯ ᠢ ᠳ᠋ᠦᠩᠨᠡᠨ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠤ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃     ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃     ︵ᠵᠢᠷᠭᠤᠭ᠎ᠠ︶ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠪᠣᠯᠪᠠᠰᠤᠷᠠᠭᠤᠯᠤᠯ ᠤᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃     ︵ᠳᠣᠯᠤᠭ᠎ᠠ︶ ᠳᠠᠯᠠᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠳᠠᠯᠠᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠵᠢᠨ‌ᠠᠵᠢᠯ ‍ᠤᠨ‌ᠬᠠᠮᠲᠤᠷᠠᠭᠰᠠᠨ‌ᠬᠤᠷᠠᠯ ᠡᠴᠡ‌‍ᠲ᠋ᠣᠭᠲᠠᠭᠠᠭᠰᠠᠨ‌ᠵᠦ᠋ᠢᠯᠡᠰ ᠤᠨ ᠨᠠᠶᠢᠳᠠᠪᠤᠷᠢᠵᠢᠭᠤᠯᠤᠯᠲᠠ ᠶᠢ  ᠱᠠᠭᠠᠷᠳᠠᠨ ᠪᠠᠶᠢᠴᠠᠭᠠᠨ᠎ᠠ᠃     ︵ᠨᠠᠢᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠰᠣᠯᠢᠯᠴᠠᠭ᠎ᠠ ᠶᠢ ᠵᠣᠬᠢᠴᠠᠭᠤᠯᠤᠨ᠎ᠠ᠃     ︵ᠶᠢᠰᠦ︶ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠭᠤᠷᠪᠠ᠂ ᠳᠣᠲᠣᠭᠠᠳᠤ ᠪᠠᠶᠢᠭᠤᠯᠤᠮᠵᠢ     ︵ᠨᠢᠭᠡ︶ ᠶᠡᠷᠦᠩᠬᠡᠶᠢᠯᠡᠭᠰᠡᠨ ᠠᠯᠪᠠᠨ ᠬᠡᠷ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ᠂ ᠮᠡᠳᠡᠭᠡ ᠵᠠᠩᠭᠢ  ᠭᠦᠢᠴᠡᠳᠬᠡᠬᠦ ᠲᠠᠰᠤᠭ︶     ᠪᠠᠶᠢᠭᠤᠯᠭ᠎ᠠ ᠶᠢᠨ ᠡᠳᠦᠷ ᠲᠤᠲᠤᠮ ᠤᠨ ᠡᠷᠬᠢᠯᠳᠡ ᠶᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠠᠩᠰᠠ ᠡᠪᠬᠡᠮᠡᠯ ᠤᠨ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠵᠣᠬᠢᠴᠠᠭᠤᠯᠤᠨ ᠵᠢᠯᠣᠭᠤᠳᠤᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠳᠠᠨ ᠤ ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ ᠠᠴᠠ ᠪᠠᠨ ᠰᠠᠯᠵᠦ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠡᠩᠨᠡᠭᠡᠨ ᠤ ᠪᠤᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠵᠦ ᠵᠢᠯᠤᠭᠤᠳᠤᠨ᠎ᠠ᠃ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠤᠨ᠎ᠠ᠃     ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠯ ᠳᠤᠷᠠᠳᠤᠨ᠎ᠠ᠃ ᠲᠤᠰ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ  ᠶᠢᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠣᠬᠢᠶᠠᠨ‌‍ᠪᠠᠶᠢᠭᠤᠯᠤᠨ ᠦᠷᠨᠢᠭᠦᠯᠦᠨ᠎ᠠ᠃ ᠣᠯᠠᠨ ᠲᠦᠮᠡᠨ ᠤ ᠠᠵᠢᠯ ᠢᠶᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ ᠢ ᠪᠠᠶᠢᠭᠤᠯᠬᠤ᠂ ᠪᠠᠶᠢᠴᠠᠭᠠᠨ ᠰᠤᠳᠤᠯᠬᠤ᠂ ᠲᠤᠷᠰᠢᠯᠭ᠎ᠠ  ᠶᠢ ᠳᠡᠯᠭᠡᠷᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠠᠬᠢᠭᠤᠯᠬᠤ ᠶᠢ ᠬᠠᠷᠢᠭᠤᠴᠠᠨ᠎ᠠ᠃     ᠠᠷᠠᠳ ᠢᠷᠭᠡᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ ᠢᠷᠡᠭᠦᠯᠬᠦ᠂ ᠪᠦᠬᠦ ᠤᠯᠤᠰ ᠤᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ᠂ ᠵᠠᠬᠢᠳᠠᠯ ᠰᠤᠷᠪᠤᠯᠵᠢᠯᠠᠭ᠎ᠠ ᠶᠢᠨ ᠬᠠᠯᠠᠮᠰᠢᠯ ᠤᠲᠠᠰᠤ ᠵᠡᠷᠭᠡ ᠠᠷᠭ᠎ᠠ ᠮᠠᠶ᠋ᠢᠭ ᠢᠶᠠᠷ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠤᠷᠢᠯᠡᠬᠦ ᠶᠢ ᠬᠠᠷᠢᠭᠤᠴᠠᠨ᠎ᠠ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠰᠢᠯᠵᠢᠭᠦᠯᠦᠨ ᠬᠦᠷᠭᠡᠭᠰᠡᠨ᠂ ᠳᠤᠰᠢᠶᠠᠭᠰᠠᠨ᠂  ᠰᠢᠢᠳᠪᠤᠷᠢᠯᠡᠬᠦ ᠪᠠᠷ ᠵᠦᠪᠰᠢᠶᠡᠷᠡᠭᠰᠡᠨ ᠢᠷᠡᠭᠦᠯᠦᠭᠰᠡᠨ ᠵᠠᠬᠢᠳᠠᠯ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠴᠢᠯᠠᠨ ᠰᠢᠢᠳᠪᠤᠷᠢᠯᠡᠬᠦ ᠶᠢᠨ ᠬᠠᠮᠲᠤ  ᠱᠠᠭᠠᠷᠳᠠᠨ  ᠰᠢᠢᠳᠪᠤᠷᠢᠯᠡᠭᠦᠯᠦᠨ᠎ᠡ᠃ ᠢᠷᠡᠭᠦᠯᠦᠭᠰᠡᠨ ᠵᠠᠬᠢᠳᠠᠯ ᠤᠳᠠᠰᠤ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠠᠷᠠᠳ ᠢᠷᠭᠡᠨ ᠪᠠ ᠬᠠᠤᠯᠢ ᠶᠢᠨ  ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠰᠢᠢᠳᠪᠤᠷᠢᠯᠡᠵᠦ᠂ ᠰᠤᠳᠤᠯᠵᠤ᠂ ᠮᠡᠳᠡᠭᠦᠯᠦᠨ᠎ᠡ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠵᠠᠬᠢᠳᠠᠯ ᠰᠤᠷᠪᠤᠯᠵᠢᠯᠠᠭ᠎ᠠ ᠶᠢ ᠰᠢᠢᠳᠪᠤᠷᠢᠯᠡᠬᠦ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠤᠨ ᠪᠠᠶᠢᠴᠠᠭᠠᠨ᠎ᠠ᠃     ︵ᠬᠤᠶᠠᠷ︶ ᠰᠢᠮᠳᠠᠭᠤᠯᠤᠨ ᠪᠠᠶᠢᠴᠠᠭᠠᠬᠤ ᠪᠠ ᠬᠦᠯᠢᠶᠡᠨ ᠠᠪᠬᠤ ᠳᠠᠰᠤᠭ ︵ᠬᠠᠤᠯᠢ ᠲᠣᠭᠲᠠᠭᠠᠯ ᠤᠨ ᠳᠠᠰᠤᠭ︶     ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠬᠡᠷᠡᠭ᠂ ︽ᠭᠤᠷᠪᠠ ᠶᠢ ᠠᠯᠤᠰᠯᠠᠵᠤ ᠭᠤᠷᠪᠠ ᠶᠢ ᠰᠠᠯᠭᠠᠬᠤ︾ ᠵᠡᠷᠭᠡ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠱᠠᠭᠠᠷᠳᠠᠨ ᠪᠠᠶᠢᠴᠠᠭᠠᠵᠤ ᠱᠠᠭᠠᠷᠳᠠᠨ ᠰᠢᠢᠳᠪᠤᠷᠢᠯᠡᠭᠦᠯᠦᠨ᠎ᠡ᠃ ᠣᠨᠴᠠᠭᠠᠶ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠤᠷᠢᠯᠡᠬᠦ ᠪᠡᠯᠡ ᠮᠥᠩᠭᠦ ᠶᠢ ᠵᠣᠬᠢᠴᠠᠭᠤᠯᠤᠨ ᠵᠢᠯᠣᠭᠤᠳᠬᠤ ᠪᠠ ᠬᠠᠮᠢᠶᠠᠷᠴᠤ ᠬᠡᠷᠡᠭᠯᠡᠨ᠎ᠡ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠶᠢ ᠵᠦᠷᠢᠴᠡᠪᠡᠯ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠶᠢ ᠳᠤᠷᠠᠳᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠱᠠᠳᠤ  ᠳᠠᠷᠠᠭᠠᠯᠠᠨ ᠰᠤᠷᠪᠤᠯᠵᠢᠯᠠᠬᠤ᠂ ᠵᠠᠭᠠᠯᠳᠤᠬᠤ ᠪᠠ ᠰᠤᠷᠪᠤᠯᠵᠢᠯᠠᠬᠤ ᠶᠢ ᠰᠠᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ  ᠰᠢᠢᠳᠪᠤᠷᠢᠯᠡᠬᠦ᠂ ᠬᠠᠤᠯᠢᠴᠢ  ᠶᠢ ᠵᠠᠬᠢᠳᠠᠯ ᠰᠤᠷᠪᠤᠯᠵᠢᠯᠠᠭ᠎ᠠ ᠳᠤ ᠤᠷᠤᠯᠴᠠᠭᠤᠯᠬᠤ ᠵᠡᠷᠭᠡ ᠠᠵᠢᠯ ᠢ ᠵᠤᠬᠢᠴᠠᠭᠤᠯᠤᠨ ᠠᠬᠢᠭᠤᠯᠤᠨ᠎ᠠ᠃ ᠪᠠᠶᠢᠭᠤᠯᠭ᠎ᠠ ᠪᠠ ᠬᠠᠷᠢᠶ᠎ᠠ   ᠨᠢᠭᠡᠴᠡ ᠶᠢᠨ ᠬᠠᠤᠯᠢ ᠴᠠᠭᠠᠵᠠ ᠶᠢᠨ ᠵᠠᠷᠭᠤ ᠶᠢᠨ ᠬᠠᠮᠢᠶ᠎ᠠ ᠪᠦᠬᠦᠢ ᠬᠡᠷᠡᠭ ᠶᠠᠪᠤᠳᠠᠯ ᠢ ᠳᠠᠭᠠᠭᠠᠴᠢᠯᠠᠨ ᠭᠦᠢᠴᠡᠳᠬᠡᠨ᠎ᠡ᠃ ᠬᠤᠰᠢᠭᠤᠨ ᠤ ᠵᠠᠰᠠᠭ ᠤᠨ ᠣᠷᠳᠣᠨ ᠳᠤ ᠳᠠᠪᠲᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠦ ᠰᠢᠢᠳᠪᠤᠷᠢᠯᠡᠬᠦ ᠶᠢ ᠬᠠᠷᠢᠭᠤᠴᠠᠨ᠎ᠠ᠃     ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ ᠠᠵᠢᠯ ᠢ ᠵᠣᠬᠢᠶᠠᠨ ᠪᠠᠶᠢᠭᠤᠯᠵᠤ ᠭᠥᠯᠢᠶᠡᠨ ᠠᠪᠬᠤ ᠶᠢ ᠬᠠᠷᠢᠭᠤᠴᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠭᠤᠯᠤᠨ᠎ᠠ᠃ ᠤᠳᠤᠷᠢᠳᠬᠤ ᠨᠥᠬᠦᠳ ᠤᠨ ᠰᠢᠢᠳᠪᠤᠷᠢᠯᠡᠬᠦ ᠪᠠᠷ ᠵᠦᠪᠰᠢᠶᠡᠷᠡᠭᠰᠡᠨ᠂ ᠰᠢᠯᠵᠢᠭᠦᠯᠦᠨ ᠰᠢᠢᠳᠪᠤᠷᠢᠯᠡᠭᠦᠯᠦᠭᠰᠡᠨ ᠰᠤᠷᠪᠤᠯᠵᠢᠯᠠᠭ᠎ᠠ ᠶᠢᠨ ᠬᠡᠷᠡᠭ ᠶᠠᠪᠤᠳᠠᠯ ᠢ ᠳᠠᠭᠠᠭᠠᠴᠢᠯᠠᠨ ᠭᠦᠢᠴᠡᠳᠬᠡᠨ᠎ᠡ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠯᠵᠢᠭᠦᠯᠦᠨ ᠬᠦᠷᠭᠡᠭᠰᠡᠨ᠂ ᠳᠤᠰᠢᠶᠠᠭᠰᠠᠨ᠂  ᠱᠠᠭᠠᠷᠳᠠᠨ ᠰᠢᠢᠳᠪᠤᠷᠢᠯᠡᠭᠦᠯᠦᠭᠰᠡᠨ ᠰᠤᠷᠪᠤᠯᠵᠢᠯᠠᠭ᠎ᠠ ᠶᠢᠨ ᠵᠦᠢᠯᠡᠰ ᠢ ᠬᠠᠷᠢᠭᠤᠴᠠᠨ ᠰᠢᠢᠳᠪᠤᠷᠢᠯᠡᠨ᠎ᠡ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠤᠰᠢᠭᠤᠨ ᠤ ᠲᠣᠰ ᠱᠠᠲᠤᠨ ᠤ ᠰᠤᠷᠪᠤᠯᠵᠢᠯᠠᠭ᠎ᠠ ᠵᠢᠴᠢ ᠳᠡᠭᠡᠭᠰᠢ ᠰᠤᠷᠪᠤᠯᠵᠢᠯᠠᠭᠰᠠᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠠᠵᠢᠯ ᠤᠨ ᠰᠠᠨᠠᠯ ᠰᠠᠨᠠᠭᠤᠯᠭ᠎ᠠ ᠳᠤᠷᠠᠳᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠱᠠᠲᠤᠨ ᠤ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠡᠭᠡᠵᠢᠩ ᠳᠤ ᠰᠠᠭᠤᠭ᠎ᠠ᠂ ᠬᠥᠬᠡᠬᠤᠲᠠ ᠳᠤ ᠰᠠᠭᠤᠭ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠬᠤ ᠶᠢ ᠬᠠᠷᠢᠭᠤᠴᠠᠨ᠎ᠠ᠃ ᠪᠡᠭᠡᠵᠢᠩ᠂ ᠬᠥᠬᠡᠬᠤᠲᠠ᠂ ᠬᠢᠶ᠎ᠠ ᠪᠠᠭᠰᠢ ᠶᠢᠨ ᠭᠥᠯᠢᠶᠡᠨ ᠠᠪᠬᠤ  ᠪᠤᠰᠤ ᠲᠠᠯᠠᠪᠤᠷ ᠤᠨ ᠬᠥᠮᠦᠰ ᠢ ᠢᠳᠬᠠᠨ ᠪᠤᠴᠠᠭᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠤᠰᠢᠭᠤᠨ ᠤ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠰᠤᠷᠪᠤᠯᠵᠢᠯᠠᠭ᠎ᠠ ᠳᠤ ᠬᠤᠯᠪᠣᠭᠳᠠᠭᠰᠠᠨ ᠬᠥᠮᠦᠰ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠥᠲᠥᠯᠦᠨ ᠵᠢᠯᠣᠭᠤᠳᠴᠤ ᠪᠠᠶᠢᠭᠠᠳ ᠲᠣᠭᠲᠠᠭᠰᠠᠨ ᠲᠠᠯᠠᠪᠤᠷ ᠲᠤ ᠬᠦᠷᠴᠦ ᠠᠰᠠᠭᠤᠳᠠᠯ ᠳᠤᠰᠬᠠᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ ᠃ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ ᠲᠠᠯᠠᠪᠤᠷ ᠤᠨ ᠡᠮᠬᠢ ᠵᠢᠷᠤᠮ ᠢ ᠳᠦᠷᠢᠮᠵᠢᠭᠦᠯᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠦᠯᠢ ᠶᠤᠰᠤᠭᠠᠷ ᠰᠢᠢᠳᠪᠤᠷᠢᠯᠡᠨ᠎ᠡ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ ᠠᠵᠢᠯ ᠢ ᠵᠢᠯᠣᠭᠤᠳᠤᠨ ᠪᠠᠶᠢᠴᠠᠭᠠᠨ᠎ᠠ᠃     ᠲᠦᠷᠪᠡ᠂ ᠵᠠᠰᠠᠭ ᠵᠠᠬᠢᠷᠭᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ᠄     ᠳᠠᠯᠠᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 6 ᠨᠡᠷᠡᠰ᠃ ᠲᠣᠪᠴᠢᠶᠠᠨ ᠳᠠᠷᠤᠭ᠎ᠠ 1 ᠨᠡᠷᠡᠰ᠂ ᠲᠣᠪᠴᠢᠶᠠᠨ ᠳᠡᠳ᠋ ᠳᠠᠷᠤᠭ᠎ᠠ 2 ᠨᠡᠷᠡᠰ ᠃     ᠠᠯᠪᠠᠯᠠᠬᠤ ᠭᠠᠵᠠᠷ᠄ ᠳᠠᠯᠠᠳ ᠬᠤᠰᠢᠭᠤᠨ ᠤ ᠬᠠᠮᠲᠤᠷᠠᠭᠰᠠᠨ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ     ᠬᠠᠷᠢᠯᠴᠠᠬᠤ ᠤᠲᠠᠰᠤ᠄ 0477 — 5212504     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 — 12᠄ 00 ᠦᠳᠡ ᠶᠢᠨ ᠬᠤᠶᠢᠨᠠᠬᠢ 14᠄ 30 — 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶     ᠰᠢᠦᠳᠠᠨ ᠳ᠋ᠤᠭᠠᠷ᠄ 041300
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ