ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ     ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ ᠤᠯᠠᠮ ᠨᠢᠭᠡ ᠠᠯᠬᠤᠮ ᠬᠡᠷᠡᠭᠯᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠲᠤᠬᠠᠶ ᠪᠠᠶᠢᠷᠢᠯᠠᠭᠤᠯᠪᠠ     ᠦᠢᠯᠡᠳᠬᠡᠯ ᠤᠨ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ ᠪᠣᠳᠠᠲᠤ ᠴᠣᠭᠴᠠ ᠶᠢᠨ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠪᠠᠷ ᠲᠣᠭᠲᠠᠭᠠᠪᠠ      ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ ᠤᠯᠠᠮ ᠨᠢᠭᠡ ᠠᠯᠬᠤᠮ ᠬᠡᠷᠡᠭᠯᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠲᠤᠬᠠᠶ ᠪᠠᠶᠢᠷᠢᠯᠠᠭᠤᠯᠪᠠ︔ ᠦᠢᠯᠡᠳᠬᠡᠯ ᠤᠨ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ ᠪᠣᠳᠠᠲᠤ ᠴᠣᠭᠴᠠ ᠶᠢᠨ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠪᠠᠷ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠠᠵᠤ ᠠᠬᠤᠢ ᠶᠢᠨ ᠪᠦᠳᠦᠬᠡᠨ ᠪᠠᠶᠢᠭᠤᠯᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ ᠣᠳᠣᠬᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠳᠤ ᠲᠤᠯᠭᠠᠷᠠᠵᠤ ᠪᠠᠶᠢᠭ᠎ᠠ ᠬᠦᠴᠢᠷᠳᠡᠯ ᠮᠠᠰᠢ ᠶᠡᠭᠡ ᠪᠠᠶᠢᠨ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠪᠠᠷ ᠭᠤᠣᠯᠯᠠᠭᠤᠯᠤᠨ᠂ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠶᠢ ᠠᠷᠭᠠᠴᠠᠭᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠶᠢ ᠬᠡᠷᠡᠭᠯᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠪᠠᠨ ᠨᠡᠮᠡᠭᠳᠡᠭᠦᠯᠬᠦ ᠬᠡᠷᠡᠭᠲᠡᠶ ᠭᠡᠵᠡᠢ᠃ ᠬᠤᠷᠠᠯ ᠠᠴᠠ ᠲᠣᠭᠲᠠᠭᠠᠬᠤ ᠳᠤ ᠪᠠᠨ᠂ ᠨᠢᠭᠡ ᠳᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠵᠢᠭᠡᠯᠡᠯᠭᠡ ᠶᠢᠨ ᠡᠬᠡ ᠬᠦᠦ ᠮᠥᠩᠭᠦ ᠪᠠᠨ ᠬᠤᠶᠢᠰᠢᠯᠠᠭᠤᠯᠤᠨ ᠪᠤᠴᠠᠭᠠᠬᠤ ᠳᠡᠮᠵᠢᠯᠭᠡ ᠶᠢᠨ ᠪᠠᠭᠠᠵᠢ ᠶᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠪᠣᠯᠭᠠᠨ ᠬᠤᠪᠢᠷᠠᠭᠤᠯᠤᠨ᠎ᠠ᠃ 2022 ᠣᠨ ᠠᠴᠠ 2023 ᠣᠨ ᠤ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠠᠷᠠᠳ ᠤᠨ ᠪᠠᠩᠬᠢ ᠠᠴᠠ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠲᠠᠷᠬᠠᠭᠠᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ ᠨᠡᠮᠡᠭᠳᠡᠯ ᠤᠨ ᠬᠡᠮᠵᠢᠶᠡᠨ ᠤ 1% ᠪᠠᠷ ᠪᠠᠯᠠ ᠮᠥᠩᠭᠦ ᠬᠠᠩᠭᠠᠵᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠦᠢᠯᠡᠰ ᠤᠨ ᠵᠢᠭᠡᠯᠡᠯᠭᠡ ᠶᠢ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠤ᠂ 2022 ᠣᠨ ᠠᠴᠠ ᠡᠬᠢᠯᠡᠨ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠢᠲᠡᠭᠡᠮᠵᠢᠲᠦ ᠵᠢᠭᠡᠯᠡᠯᠭᠡ ᠶᠢ ᠲᠠᠷᠢᠶᠠᠯᠠᠩ ᠢ ᠳᠡᠮᠵᠢᠬᠦ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ ᠳᠡᠮᠵᠢᠬᠦ᠂ ᠳᠠᠬᠢᠨᠲᠠ ᠵᠢᠭᠡᠯᠡᠯᠭᠡ ᠶᠢ ᠳᠡᠮᠵᠢᠬᠦ ᠲᠥᠯᠥᠪᠯᠡᠭᠡ ᠶᠢᠨ ᠬᠠᠮᠢᠶᠠᠷᠤᠯᠲᠠ ᠳᠤ ᠣᠷᠣᠭᠤᠯᠵᠤ᠂ ᠤᠤᠯ ᠤᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢ ᠳᠡᠮᠵᠢᠬᠦ ᠳᠤ ᠬᠡᠷᠡᠭᠯᠡᠵᠦ ᠪᠠᠶᠢᠭᠰᠠᠨ 4000 ᠳ᠋ᠦᠩᠰᠢᠭᠤᠷ ᠲᠥᠭᠦᠷᠢᠭ ᠤᠨ ᠳᠠᠬᠢᠨᠲᠠ ᠵᠢᠭᠡᠯᠡᠯᠭᠡ ᠶᠢ ᠡᠷᠭᠢᠯᠳᠦᠭᠦᠯᠦᠨ ᠬᠡᠷᠡᠭᠯᠡᠵᠦ ᠪᠣᠯᠤᠨ᠎ᠠ᠂ ᠴᠢᠬᠤᠯᠠᠲᠠᠶ ᠦᠶ᠎ᠡ ᠳᠤ ᠳᠠᠬᠢᠨᠲᠠ ᠵᠢᠭᠡᠯᠡᠯᠭᠡ ᠶᠢᠨ ᠲᠤᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠣᠯᠤᠨ᠎ᠠ᠃ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠨᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠲᠠᠯᠪᠢᠬᠤ ᠳᠤ᠂ ᠠᠷᠠᠳ ᠤᠨ ᠪᠠᠩᠬᠢ ᠠᠴᠠ ᠳᠠᠬᠢᠨᠲᠠ ᠵᠢᠭᠡᠯᠡᠯᠭᠡ ᠶᠢᠨ ᠬᠠᠷᠠᠭᠠᠯᠵᠠᠯᠲᠤ ᠪᠠᠯᠠ ᠮᠥᠩᠭᠦ ᠶᠢᠨ ᠳᠡᠮᠵᠢᠯᠭᠡ ᠭᠤᠶᠤᠴᠢᠯᠠᠵᠤ ᠪᠣᠯᠤᠨ᠎ᠠ᠃ ᠭᠤᠷᠪᠠ ᠳᠤ᠂ ᠪᠦᠬᠦ ᠤᠯᠤᠰ ᠤᠨ ᠨᠢᠭᠡ ᠴᠤᠭᠴᠠᠵᠢᠭᠰᠠᠨ ᠪᠡᠯᠡ ᠲᠤᠬᠢᠷᠠᠭᠤᠯᠭ᠎ᠠ ᠶᠢᠨ ᠢᠲᠡᠭᠡᠮᠵᠢᠲᠦ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ᠂ ᠵᠠᠰᠠᠭ ᠵᠠᠬᠢᠷᠭᠠᠨ ᠤ ᠰᠢᠢᠳᠬᠡᠯ ᠣᠯᠭᠤᠬᠤ᠂ ᠬᠠᠤᠯᠢ ᠴᠠᠭᠠᠵᠠ ᠶᠢᠨ ᠲᠠᠰᠤᠯᠤᠯᠳᠠ ᠬᠢᠬᠦ ᠵᠢᠴᠢ ᠬᠡᠷᠡᠭᠵᠢᠭᠦᠯᠬᠦ᠂ ᠭᠠᠶᠢᠯᠢ ᠲᠤᠰᠢᠶᠠᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠵᠡᠷᠭᠡ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠲᠦᠷᠭᠡᠨ ᠠᠬᠢᠭᠤᠯᠵᠤ᠂ ᠪᠠᠩᠬᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠨᠢ ᠬᠦᠴᠦ ᠨᠡᠮᠡᠷᠢᠯᠡᠨ᠎ᠡ᠃ ᠲᠦᠷᠪᠡ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠵᠢᠭᠡᠯᠡᠯᠭᠡ ᠲᠠᠯᠪᠢᠭᠰᠠᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠡᠷᠭᠡ ᠲᠣᠭᠲᠠᠭᠠᠯ ᠢ ᠪᠦᠷᠢᠨᠰᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠵᠢᠵᠢᠭ ᠪᠢᠴᠢᠯ ᠠᠵᠤ ᠠᠬᠤᠶᠢᠯᠠᠯ ᠳᠤ ᠲᠤᠰᠬᠠᠶ ᠵᠦᠢᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠨᠢ ᠳᠡᠮᠵᠢᠨ᠎ᠡ᠃ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠴᠢᠨᠠᠷᠲᠠᠶ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠵᠦ᠂ ᠳᠠᠭᠠᠭᠠᠯᠲᠠ ᠶᠢᠨ ᠥᠪᠡᠷ ᠤᠨ ᠦᠷᠳᠡᠭ ᠢ ᠪᠠᠭᠤᠷᠠᠭᠤᠯᠤᠨ᠎ᠠ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠦᠢᠯᠡᠳᠬᠡᠯ ᠤᠨ ᠦᠢᠯᠡᠰ ᠪᠣᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠰᠠᠭᠤᠷᠢ ᠪᠠ ᠲᠤᠯᠭᠠᠭᠤᠷᠢᠯᠠᠯ ᠮᠥᠨ᠃ ᠮᠠᠨ ᠤ ᠤᠯᠤᠰ ᠪᠣᠯ ᠦᠢᠯᠡᠳᠬᠡᠯ ᠤᠨ ᠦᠢᠯᠡᠰ ᠤᠨ ᠲᠤᠮᠤ ᠤᠯᠤᠰ ᠮᠥᠨ᠂ ᠭᠡᠪᠡᠴᠦ ᠳᠡᠯᠡᠬᠡᠶ ᠶᠢᠨ ᠲᠡᠷᠢᠭᠦᠨ ᠤ ᠦᠢᠯᠡᠳᠬᠡᠯ ᠤᠨ ᠦᠢᠯᠡᠰ ᠤᠨ ᠬᠢᠷᠢ ᠲᠦᠪᠰᠢᠨ ᠲᠠᠢ ᠬᠠᠷᠢᠴᠠᠭᠤᠯᠪᠠᠯ ᠮᠥᠨ ᠯᠡ ᠪᠠᠭ᠎ᠠ ᠪᠤᠰᠤ ᠵᠥᠷᠢᠶ᠎ᠡ ᠲᠠᠢ ᠪᠠᠶᠢᠨ᠎ᠠ᠃ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠬᠡᠯ ᠤᠨ ᠦᠢᠯᠡᠰ ᠤᠨ ᠳᠤᠮᠳᠠ ᠳᠣᠣᠷ᠎ᠠ ᠲᠡᠰ ᠠᠴᠠ ᠳᠤᠮᠳᠠ ᠳᠡᠭᠡᠳᠦ ᠲᠡᠰ ᠲᠡᠶᠢᠰᠢ ᠤᠷᠤᠭᠰᠢᠯᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠢᠭᠡ ᠳᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠦᠢᠯᠡᠳᠬᠡᠯ ᠤᠨ ᠦᠢᠯᠡᠰ ᠲᠡᠶᠢᠰᠢ ᠬᠡᠯᠪᠠᠶᠢᠯᠭᠡᠵᠦ᠂ ᠰᠤᠳᠤᠯᠤᠨ ᠨᠡᠭᠡᠭᠡᠬᠦ ᠰᠦᠢᠳᠬᠡᠯ ᠢ ᠨᠡᠮᠡᠨ ᠪᠤᠳᠤᠵᠤ ᠰᠠᠭᠤᠳᠬᠠᠨ ᠬᠠᠰᠤᠬᠤ᠂ ᠦᠷᠳᠡᠭ ᠨᠡᠮᠡᠭᠳᠡᠯ ᠤᠨ ᠭᠠᠶᠢᠯᠢ ᠶᠢ ᠰᠠᠭᠤᠳᠬᠠᠬᠤ ᠪᠠ ᠭᠠᠶᠢᠯᠢ ᠶᠢ ᠪᠤᠴᠠᠭᠠᠬᠤ ᠵᠡᠷᠭᠡ ᠲᠦᠷᠦ ᠶᠢᠨ ᠪᠤᠳᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠳᠡᠮᠵᠢᠬᠦ ᠬᠡᠷᠡᠭᠲᠡᠢ᠃ ᠦᠢᠯᠡᠳᠬᠡᠯ ᠤᠨ ᠦᠢᠯᠡᠰ ᠤᠨ ᠳᠤᠮᠳᠠ ᠪᠠ ᠤᠷᠲᠤ ᠬᠤᠭᠤᠴᠠᠭᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠤᠶᠠᠷ ᠲᠤ᠂ ᠦᠢᠯᠡᠳᠬᠡᠯ ᠤᠨ ᠦᠢᠯᠡᠰ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠬᠡᠷᠡᠭᠲᠡᠢ᠃ ᠭᠤᠷᠪᠠ ᠳᠤ᠂ ᠲᠡᠷᠢᠭᠦᠨ ᠤ ᠦᠢᠯᠡᠳᠬᠡᠯ ᠤᠨ ᠦᠢᠯᠡᠰ ᠢ ᠬᠥᠭᠵᠢᠭᠦᠯᠵᠦ᠂ ᠦᠢᠯᠡᠳᠬᠡᠯ ᠤᠨ ᠦᠢᠯᠡᠰ ᠤᠨ ᠲᠣᠭᠠᠴᠢᠯᠠᠯ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠥᠷᠭᠡᠳᠬᠡᠬᠦ ᠬᠡᠷᠡᠭᠲᠡᠢ᠃ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠨᠢ ᠵᠣᠷᠢᠭᠵᠢᠭᠤᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠡᠷᠢᠭᠦᠨ ᠤ ᠦᠢᠯᠡᠳᠬᠡᠯ ᠤᠨ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠢ᠃ ᠲᠦᠷᠪᠡ ᠳᠤ᠂ ᠲᠤᠮᠤ ᠠᠵᠤ ᠠᠬᠤᠶᠢᠯᠠᠯ ᠤᠳ ᠨᠡᠩ ᠤᠯᠠᠨ ᠳᠤᠮᠳᠠ ᠵᠢᠵᠢᠭ ᠠᠵᠤ ᠠᠬᠤᠶᠢᠯᠠᠯ ᠢ ᠳᠠᠶᠢᠴᠢᠯᠠᠨ ᠬᠠᠩᠭᠠᠯᠭ᠎ᠠ ᠶᠢᠨ ᠬᠡᠯᠬᠢᠶ᠎ᠡ ᠪᠠ ᠰᠢᠨ᠎ᠡ ᠶᠢ ᠡᠭᠦᠳᠬᠦ ᠬᠡᠯᠬᠢᠶ᠎ᠡ ᠳᠤ ᠠᠭᠤᠰᠤᠯᠴᠠᠬᠤ ᠶᠢ ᠨᠢ ᠵᠣᠷᠢᠭᠵᠢᠭᠤᠯᠵᠤ᠂ ᠨᠡᠩ ᠤᠯᠠᠨ ︽ᠲᠤᠰᠬᠠᠢ ᠨᠠᠷᠢᠯᠢᠭ ᠣᠨᠴᠠᠭᠠᠢ ᠰᠢᠨ᠎ᠡ︾ ︽ᠵᠢᠵᠢᠭ ᠠᠪᠤᠷᠭᠤ︾ ᠶᠢᠨ ᠠᠵᠤ ᠠᠬᠤᠶᠢᠯᠠᠯ ᠤᠨ ᠦᠰᠦᠨ ᠪᠤᠶᠢᠵᠢᠬᠤ ᠶᠢ ᠳᠡᠮᠵᠢᠬᠦ ᠬᠡᠷᠡᠭᠲᠡᠢ᠃ ᠲᠠᠪᠤ ᠳᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠ ᠳᠡᠭᠡᠳᠦ ᠲᠡᠰ ᠤᠨ ᠦᠢᠯᠡᠳᠬᠡᠯ ᠤᠨ ᠦᠢᠯᠡᠰ᠂ ᠰᠤᠳᠤᠯᠤᠨ ᠨᠡᠭᠡᠭᠡᠬᠦ ᠲᠥᠪ ᠵᠡᠷᠭᠡ ᠳᠤ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠨᠢ ᠳᠡᠮᠵᠢᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ